ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ᠎ᠨᠢ ᠡᠷᠡᠮᠡᠬᠡᠢᠯᠡᠨ ᠤᠷᠤᠭ᠍ᠰᠢᠯᠠᠬᠤ ᠬᠥᠳᠡᠯᠭᠡᠬᠦ᠌ ᠬᠦᠴᠦᠨ ᠪᠣᠯᠭᠠᠵᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠴᠣ᠌ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ
2021-03-08 15:54:31
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠳᠤᠮᠳᠠ ᠬᠠᠯᠠᠭᠤᠨ ᠲᠤᠰᠭᠠᠯ ᠭᠠᠷᠪᠠ

ᠶᠡᠷᠦᠩᠬᠡᠢ ᠱᠦᠵᠢ ᠰᠢ᠎ᠶ᠋ᠢᠨ ᠫᠢᠩ᠎ᠤᠨ 5 ᠎ᠤ ᠦᠳᠡ᠎ᠶ᠋ᠢᠨ ᠬᠤᠢᠨ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠮᠠᠨ᠎ᠤ ᠣᠷᠣᠨ᠎ᠤ ᠺᠠᠳ᠋ᠷ ᠤᠯᠠᠨ ᠲᠦᠮᠡᠨ᠎ᠤ ᠳᠤᠮᠳᠠ ᠬᠠᠯᠠᠭᠤᠨ ᠲᠤᠰᠭᠠᠯ ᠭᠠᠷᠴᠠᠢ᠃ ᠶᠡᠷᠦᠩᠬᠡᠢ ᠱᠦᠵᠢ᠎ᠶ᠋ᠢᠨ ᠶᠠᠷᠢᠶ᠎ᠠ᠎ᠳᠤ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠤᠨ ᠠᠷᠠᠳ ᠲᠦᠮᠡᠨ᠎ᠢ ᠳᠣᠲᠣᠨᠣ᠎ᠪᠠᠷ ᠬᠠᠯᠠᠮᠵᠢᠯᠠᠵᠤ ᠪᠠᠢᠬᠤ ᠪᠠ ᠥᠪᠥᠷ ᠮᠣᠩᠭᠤᠯ᠎ᠤᠨ ᠠᠵᠢᠯ᠎ᠳᠤ ᠴᠢᠩ ᠰᠡᠳᠭᠢᠯ᠎ᠤᠨ ᠬᠦᠰᠡᠯ ᠨᠠᠢᠳᠠᠯᠭ᠎ᠠ ᠲᠠᠯᠪᠢᠵᠤ ᠪᠠᠢᠬᠤ᠎ᠶ᠋ᠢ ᠢᠯᠡᠷᠡᠬᠦᠯᠦᠭ᠌ᠰᠡᠨ ᠪᠠᠢᠨ᠎ᠠ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ᠌ ᠲᠠᠯ᠎ᠠ᠎ᠪᠠᠷ ᠣᠢᠯᠠᠭᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠡᠷᠡᠭ᠌ᠳᠡᠢ᠂ ᠨᠠᠮ᠎ᠤᠨ ᠵᠠᠭᠤᠨ ᠵᠢᠯ᠎ᠤᠨ ᠠᠭᠤᠤ ᠶᠡᠭᠡ ᠲᠡᠮᠡᠴᠡᠯ᠎ᠤᠨ ᠥᠩᠭᠡᠷᠡᠯᠲᠡ ᠳᠤᠮᠳᠠ᠎ᠠᠴᠠ ᠦᠷᠭᠦᠯᠵᠢᠯᠡᠨ ᠤᠷᠤᠭ᠍ᠰᠢᠯᠠᠬᠤ ᠣᠶᠤᠨ ᠤᠬᠠᠭᠠᠨ ᠪᠠ ᠬᠦᠴᠦᠨ ᠴᠢᠳᠠᠯ᠎ᠢ ᠱᠢᠩᠭᠡᠭᠡᠵᠦ᠍᠂ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠦ᠍᠂ ᠵᠡᠮ ᠨᠡᠭᠡᠭᠡᠨ ᠱᠢᠨ᠎ᠡ᠎ᠶ᠋ᠢ ᠡᠭᠦᠳᠤᠨ᠂ ᠪᠦᠯᠬᠦᠮᠳᠡᠨ ᠲᠡᠮᠡᠴᠡᠵᠦ᠍᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠤᠷᠤᠭ᠍ᠰᠢᠯᠠᠨ ᠳᠠᠪᠱᠢᠬᠤ ᠬᠥᠳᠡᠯᠭᠡᠬᠦ᠌ ᠬᠦᠴᠦᠨ ᠪᠣᠯᠭᠠᠨ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠴᠣ᠌ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠠ ᠬᠡᠵᠤ ᠪᠦᠬᠦᠳᠡᠭᠡᠷ ᠢᠯᠡᠷᠬᠡᠢᠯᠠᠵᠡᠬᠡᠪᠠ᠃

ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ ᠰᠠᠢᠨ ᠰᠠᠢᠬᠠᠨ ᠡᠬᠢᠯᠡᠯᠲᠡ᠎ᠶ᠋ᠢ ᠪᠤᠢ ᠪᠤᠯᠭᠠᠨ᠎ᠠ

ᠥᠪᠥᠷ ᠮᠣᠩᠭᠤᠯ᠎ᠤᠨ ᠫᠸᠡᠭ ᠴᠧᠩ ᠲᠠᠷᠢᠶᠠᠯᠠᠩ ᠮᠠᠯ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠡᡁᠦᠸᠧ ᠭᠠᠩ᠄ 《ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠤᠨ ᠬᠥᠭ᠌ᠵᠢᠯᠲᠡ᠎ᠶ᠋ᠢ ᠠᠩᠬᠠᠷᠤᠨ ᠬᠠᠯᠠᠮᠵᠢᠯᠠᠭ᠍ᠰᠠᠭᠠᠷ ᠢᠷᠡᠭ᠌ᠰᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠪᠢ ᠶᠡᠷᠦᠩᠬᠡᠢ ᠱᠦᠵᠢ᠎ᠶ᠋ᠢᠨ 《ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯ ᠨᠢᠭᠡᠨ ᠪᠦᠬᠦ᠋ᠢᠯᠡ ᠴᠣᠭ᠍ᠴᠠ ᠮᠦᠨ᠂ ᠡᠷᠬᠡᠪᠰᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠢᠯᠡᠴᠢᠯᠡᠬᠦᠯᠬᠦ᠌ ᠪᠠ ᠠᠭᠤᠰᠤᠯᠴᠠᠭᠤᠯᠬᠤ ᠬᠡᠷᠡᠭ᠌ᠲᠡᠢ》 ᠭᠡᠬᠦ᠌ ᠮᠡᠳᠤ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠢᠳᠡᠪᠬᠢᠲᠡᠢ ᠨᠠᠢᠳᠠᠪᠤᠷᠢᠵᠢᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ  ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠵᠠᠮᠨᠠᠨ᠎ᠠ》 ᠬᠡᠪᠡ᠃

《ᠶᠡᠷᠦᠩᠬᠡᠶ ᠱᠦᠵᠢ ᠰᠢ᠎ᠶ᠋ᠢᠨ ᠫᠢᠩ᠂ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠦᠨ᠂ 〈ᠨᠢᠭᠡ ᠪᠦᠰᠡ ᠨᠢᠭᠡ ᠵᠠᠮ〉 ᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠢᠳᠡᠪᠬᠢᠲᠡᠶ ᠣᠷᠣᠯᠴᠠᠵᠤ᠂ ᠥᠨᠳᠥᠷ ᠲᠦᠪᠱᠢᠨ ᠪᠥᠬᠦᠶ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃ ᠣᠳᠣᠬᠠᠨ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠲᠤᠰᠭᠠᠶ ᠲᠣᠭᠤᠷᠢᠨ ᠪᠠᠢᠴᠠᠭᠠᠯᠲᠠ᠎ᠶ᠋ᠢᠨ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠬᠤ᠎ᠪᠠᠷ ᠲᠣᠬᠢᠶᠠᠯ ᠪᠣᠯᠭᠠᠵᠤ᠂ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠤᠯᠠᠮ ᠴᠢᠨᠠᠭ᠍ᠰᠢᠳᠠ ᠳᠡᠬᠦᠯᠳᠡᠷᠵᠢᠬᠦᠯᠵᠦ᠍ ᠪᠠᠢᠨ᠎ᠠ》 ᠬᠡᠵᠤ ᠬᠤᠷᠢᠨᠭᠡᠷ ᠱᠢᠶᠠᠨ᠎ᠤ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠲᠣᠪᠴᠢᠶᠠᠨ᠎ᠤ ᠳᠠᠷᠤᠭ᠎ᠠ ᠵᠠᠩ ᠭᠦᠸᠧ ᠬᠤᠸᠠ ᠢᠯᠡᠷᠬᠡᠢᠯᠡᠬᠦ᠌᠎ᠶ᠋ᠢᠨ ᠳᠠᠭᠠᠤ᠂ ᠲᠠᠷᠠᠭᠠᠴᠢ᠎ᠶ᠋ᠢᠨ ᠠᠯᠬᠤᠮ᠎ᠳᠤ᠂ ᠬᠤᠷᠢᠨᠭᠡᠷ ᠱᠢᠶᠠᠨ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠳᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠲᠠᠯ᠎ᠠ᠎ᠪᠠᠷ ᠬᠦᠴᠦᠯᠡᠨ ᠴᠢᠷᠮᠠᠢᠵᠤ᠂ 《ᠨᠢᠭᠡ ᠤᠴᠢᠷ᠎ᠢ ᠨᠢᠭᠡ ᠯᠡ ᠤᠳᠠᠭ᠎ᠠ ᠳᠡᠭᠡᠷ᠎ᠠ  ᠱᠢᠢᠳᠪᠦᠷᠢᠯᠡᠬᠦ᠌》 ᠶᠡᠷᠦᠩᠬᠡᠢᠯᠡᠭ᠌ᠰᠡᠨ  ᠦᠢᠯᠡᠴᠢᠯᠡᠭᠡᠨ᠎ᠤ ᠴᠣᠩᠬᠤᠪᠴᠢ ᠭᠠᠷᠭᠠᠵᠤ᠂ ᠨᠡᠢᠯᠡᠭᠦᠯᠦᠨ ᠬᠢᠨᠠᠨ ᠵᠥᠪᠱᠢᠶᠡᠷᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠥᠬᠦ᠌ ᠰᠡᠳᠭᠢᠯ ᠪᠥᠬᠦ᠌ ᠵᠣᠷᠢᠭ᠎ᠢᠶᠠᠷ᠎ᠢᠶᠠᠨ ᠠᠵᠤ ᠠᠬᠤᠢᠯᠠᠯ᠎ᠢ ᠬᠠᠪᠰᠤᠷᠤᠨ ᠠᠰᠠᠭᠤᠳᠠᠯ᠎ᠢ  ᠱᠢᠢᠳᠪᠦᠷᠢᠯᠡᠵᠦ᠍᠂ ᠢᠲᠡᠭᠡᠯ ᠨᠠᠢᠳᠠᠪᠤᠷᠢᠳᠠᠢ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠪᠥᠬᠦ᠌ ᠬᠦᠴᠦᠨ᠎ᠢᠶᠠᠷ᠎ᠢᠶᠠᠨ ᠪᠣᠶ ᠪᠣᠯᠭᠠᠵᠤ᠂ ᠠᠵᠦ᠍ ᠠᠬᠤᠢᠯᠡᠯ᠎ᠤᠨ ᠤᠯᠠᠨ᠎ᠳᠤ ᠮᠡᠳᠡᠷᠡᠭ᠌ᠳᠡᠬᠦ᠌ ᠭᠡᠮᠵᠢᠶ᠎ᠠ ᠬᠢᠭᠡᠳ ᠤᠯᠠᠨ ᠳᠦᠮᠡᠨ᠎ᠤ ᠰᠡᠳᠭᠢᠯ᠎ᠳᠤ ᠬᠦᠷᠬᠦ᠌ ᠭᠡᠮᠵᠢᠶ᠎ᠠ᠎ᠶ᠋ᠢ ᠳᠡᠭᠡᠭ᠌ᠰᠢᠯᠡᠭᠦᠯᠦᠨ᠎ᠡ ᠭᠡᠯ᠎ᠡ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠬᠠᠮᠳᠤ᠎ᠪᠠᠷ ᠬᠦᠭ᠌ᠵᠢᠨ ᠴᠡᠴᠡᠭ᠌ᠯᠡᠵᠦ᠍ ᠤᠷᠤᠭ᠍ᠰᠢᠯᠠᠨ ᠲᠠᠪᠱᠢᠨ᠎ᠠ

《ᠶᠡᠷᠦᠩᠬᠡᠢ ᠱᠦᠵᠢ ᠰᠢ᠎ᠶ᠋ᠢᠨ ᠫᠢᠩ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠡᠷᠭᠡ ᠲᠠᠯ᠎ᠠ᠎ᠪᠠᠷ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠥᠪᠥᠷ ᠮᠣᠩᠭᠤᠯ᠎ᠤᠨ ᠬᠥᠭ᠌ᠵᠢᠯᠲᠡ᠎ᠳᠤ ᠠᠷᠭ᠎ᠠ ᠵᠠᠮ ᠵᠢᠭᠠᠨ ᠦᠭ᠌ᠴᠦ᠂ ᠰᠠᠢᠨ ᠵᠣᠷ ᠭᠠᠷᠭᠠᠵᠤ ᠥᠭ᠌ᠴᠡᠢ》᠃ ᠣᠷᠴᠣᠨ ᠦᠨᠳᠦᠰᠦᠳᠡᠨ᠎ᠤ ᠦᠪᠡᠷᠳᠡᠭᠡᠨ ᠵᠠᠰᠠᠬᠤ ᠬᠤᠱᠢᠭᠤᠨ᠎ᠤ ᠬᠦ᠋ ᠯᠢ ᠱᠢᠶᠠᠩ᠎ᠤᠨ ᠲᠠᠷᠤᠭ᠎ᠠ ᠪᠠᠢ ᠫᠧᠩ ᠶᠢᠩ᠂ ᠤᠷᠴᠤᠨ ᠦᠨᠳᠦᠰᠦᠲᠡᠨ᠎ᠤ ᠵᠠᠯᠠᠭᠤ ᠺᠠᠳ᠋ᠷ ᠪᠣᠯᠤᠭ᠍ᠰᠠᠨ᠎ᠤ ᠬᠤᠪᠢ᠎ᠳᠤ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠦᠨᠵᠡᠬᠡᠢ ᠤᠢ᠍ᠢᠯᠠᠭᠠᠨ᠂ ᠡᠷᠡᠰ ᠲᠤᠭᠤᠱᠢᠯᠠᠭᠤᠯᠵᠤ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ᠎ᠬᠢ ᠠᠵᠢᠯ᠎ᠢ ᠨᠠᠷᠢᠯᠢᠭ ᠪᠣᠳᠠᠲᠠᠶ ᠬᠢᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠲᠤᠬᠠᠢ ᠬᠠᠮᠳᠤ᠎ᠶ᠋ᠢᠨ ᠲᠠᠨᠢᠯᠳᠡ᠎ᠶ᠋ᠢ ᠴᠢᠩᠭᠠᠳᠭᠠᠵᠤ᠂ ᠲᠡᠰᠪᠦᠷᠢ ᠬᠠᠳᠠᠭᠤᠵᠢᠯᠳᠠᠢ᠂ ᠴᠤᠴᠠᠯᠲᠠ ᠦᠭᠡᠢ ᠤᠷᠤᠭ᠍ᠰᠢᠯᠠᠬᠤ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠦᠷᠬᠦᠯᠵᠢᠯᠡᠨ ᠪᠠᠳᠠᠷᠠᠭᠤᠯᠵᠤ᠂ ᠱᠢᠨ᠎ᠡ ᠣᠶᠤᠨ ᠰᠠᠨᠠᠭᠠᠨ᠎ᠤ ᠳᠦᠷᠰᠦ ᠪᠠᠢᠳᠠᠯ ᠪᠤᠯᠤᠨ ᠲᠡᠮᠡᠴᠡᠯ᠎ᠤᠨ ᠳᠦᠷᠰᠦ ᠪᠠᠢᠳᠠᠯ᠎ᠢᠶᠠᠷ᠂ ᠪᠤᠢᠳᠠ ᠪᠥᠭ᠌ᠯᠡᠭᠦᠤ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ᠎ᠤ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬᠤ ᠪᠤᠬᠢᠷᠳᠤᠯ ᠦᠬᠡᠢ ᠬᠦᠭ᠌ᠵᠢᠯᠳᠡ᠎ᠪᠠᠷ ᠤᠳᠤᠷᠢᠳᠤᠮᠵᠢ ᠪᠤᠯᠭᠠᠭ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢᠶᠠᠷ ᠡᠷᠡᠰ ᠭᠤᠢᠪᠢᠰᠢ ᠥᠬᠡᠢ ᠤᠷᠤᠭ᠍ᠰᠢᠯᠠᠵᠤ᠂ ᠲᠠᠷᠢᠶᠠᠴᠢᠨ ᠠᠩᠴᠢᠨ᠎ᠤ ᠠᠮᠢᠳᠤᠷᠠᠯ ᠪᠠᠶᠠᠨ ᠴᠢᠨᠡᠭᠡᠯᠢᠭ᠂ ᠠᠮᠢᠳᠤᠷᠠᠯ ᠵᠣᠯ ᠵᠢᠷᠭᠠᠯ᠎ᠲᠠᠢ ᠪᠠᠢᠬᠤ᠎ᠶ᠋ᠢ ᠪᠡᠶᠡᠯᠡᠬᠦᠯᠬᠦ᠌᠎ᠪᠠᠷ ᠴᠢᠷᠮᠠᠢᠨ᠎ᠠ ᠬᠡᠵᠤ ᠢᠯᠡᠷᠭᠡᠢᠯᠡᠪᠡ᠃

3 ᠰᠠᠷ᠎ᠠ᠎ᠶ᠋ᠢᠨ 5 ᠎ᠤ ᠡᠳᠦᠷ᠎ᠤᠨ 19 ᠴᠠᠭ᠎ᠲᠤ᠌᠂ ᠤᠷᠠᠳ᠎ᠤᠨ ᠡᠮᠦᠨᠡᠲᠦ ᠬᠤᠱᠢᠭᠤᠨ᠎ᠤ ᠮᠣᠩᠭᠤᠯ ᠦᠨᠳᠦᠰᠦᠲᠡᠨ᠎ᠤ ᠪᠠᠭ᠎ᠠ ᠰᠤᠷᠭᠠᠭᠤᠯᠢ᠎ᠶ᠋ᠢᠨ ᠬᠡᠰᠡᠭ ᠪᠠᠭ᠍ᠰᠢ ᠪᠣᠯᠤᠨ ᠪᠠᠢᠷᠢ᠎ᠳᠤ ᠰᠠᠭᠤᠭ᠎ᠠ ᠰᠤᠷᠤᠭ᠍ᠴᠢᠳ ᠲᠣᠭ᠍ᠲᠠᠭ᠍ᠰᠠᠨ ᠴᠠᠭ᠎ᠲᠠᠭᠠᠨ ᠰᠤᠷᠭᠠᠭᠤᠯᠢ᠎ᠶ᠋ᠢᠨ ᠮᠡᠳᠡᠭᠦᠯᠦᠯᠲᠡ᠎ᠶ᠋ᠢᠨ ᠲᠢᠩᠬᠢᠮ᠎ᠤᠨ ᠲᠧᠯᠸᠢᠰ᠎ᠤᠨ ᠡᠮᠦᠨ᠎ᠡ ᠰᠠᠭᠤᠵᠤ᠂ ᠲᠥᠪ ᠲᠧᠯᠸᠢᠰ᠎ᠤᠨ ᠰᠣᠨᠢᠨ ᠮᠡᠳᠡᠭᠡᠨ᠎ᠤ ᠳᠠᠮᠵᠢᠭᠤᠯᠬᠤ ᠨᠡᠪᠲᠡᠷᠡᠭᠦᠯᠭᠡ᠎ᠶ᠋ᠢ ᠭᠥᠯᠢᠶᠡᠨ ᠠᠪᠴᠤ᠌ ᠦᠵᠡᠵᠡᠭᠡᠪᠡ᠃ ᠰᠤᠷᠭᠠᠭᠤᠯᠢ᠎ᠶ᠋ᠢᠨ ᠳᠡᠳ᠋ ᠵᠠᠬᠢᠷᠤᠯ ᠤᠶᠤᠨᠴᠢᠮᠡᠭ᠄ 《ᠶᠡᠷᠦᠩᠬᠡᠢ ᠱᠦᠵᠢ ᠰᠢ᠎ᠶ᠋ᠢᠨ ᠫᠢᠩ ᠮᠠᠨ᠎ᠤ ᠰᠤᠷᠭᠠᠭᠤᠯᠢ᠎ᠶ᠋ᠢᠨ ᠨᠠᠷᠠᠨᠲᠤᠶᠠᠭ᠎ᠠ ᠪᠠᠭ᠍ᠰᠢ᠎ᠲᠠᠢ ᠳᠣᠲᠣᠨᠣᠰᠤᠭ᠎ᠢᠶᠠᠷ ᠶᠠᠷᠢᠯᠴᠠᠵᠤ ᠪᠠᠢᠬᠤ᠎ᠶ᠋ᠢ ᠬᠠᠷᠠᠭᠠᠳ ᠪᠢ ᠲᠦᠢᠯ᠎ᠢᠶᠠᠷ ᠰᠡᠳᠭᠢᠯ ᠳᠣᠭ᠍ᠳᠣᠯᠪᠠ᠂ ᠪᠢᠳᠡ ᠡᠷᠬᠡᠪᠰᠢ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠡᠷᠡᠰ ᠭᠤᠢᠪᠢᠰᠢ ᠦᠭᠡᠢ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠬᠡᠦᠬᠡᠳ᠎ᠤᠳ᠎ᠲᠤ ᠨᠡᠩ ᠱᠢᠯᠢᠳᠡᠭ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠡᠳ᠋ᠯᠡᠭᠦᠯᠵᠦ᠍᠂ ᠡᠬᠡ ᠤᠯᠤᠰ᠎ᠲᠠᠭᠠᠨ ᠨᠡᠩ ᠤᠯᠠᠨ ᠱᠢᠯᠢᠳᠡᠭ ᠴᠢᠳᠠᠪᠤᠷᠢᠲᠠᠨ᠎ᠢ ᠬᠦᠮᠦᠵᠢᠬᠦᠯᠵᠤ ᠦᠭ᠌ᠬᠦᠨ᠎ᠠ》 ᠬᠡᠵᠤ ᠬᠡᠯᠡᠪᠡ᠃ ᠲᠤᠰ ᠰᠤᠷᠭᠠᠭᠤᠯᠢ᠎ᠶ᠋ᠢᠨ ᠨᠠᠮ᠎ᠤᠨ ᠡᠭᠦᠷ᠎ᠤᠨ ᠱᠦᠵᠢ ᠴᠡᠴᠡᠭ᠄ 《ᠰᠤᠷᠭᠠᠨ ᠬᠥᠮᠦᠵᠢᠯ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢᠳᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠡᠷᠬᠡᠪᠰᠢ ᠨᠠᠷᠢᠨ ᠬᠢᠨᠠᠮᠠᠭᠠᠢ ᠰᠠᠢᠲᠤᠷ ᠬᠢᠵᠦ᠍᠂ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠢ ᠴᠢᠩᠭᠠᠳᠭᠠᠵᠤ᠂ ᠤᠯᠤᠰ᠎ᠢᠶᠠᠨ ᠬᠠᠢᠷᠠᠯᠠᠬᠤ ᠦᠵᠡᠯ᠎ᠤᠨ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠠᠮᠳᠤ᠎ᠶ᠋ᠢᠨ ᠲᠠᠨᠢᠯᠳᠡ᠎ᠶ᠋ᠢ ᠬᠡᠦᠬᠡᠳ᠎ᠤᠨ ᠰᠡᠳᠭᠢᠯ᠎ᠳᠤ ᠭᠦᠨ ᠬᠠᠳᠠᠩᠱᠢᠭᠤᠯᠤᠨ᠎ᠠ》 ᠬᠡᠯ᠎ᠡ᠃

ᠠᠯᠠᠱᠠ ᠵᠡᠭᠦᠨ ᠬᠤᠱᠢᠭᠤᠨ᠎ᠤ ᠥᠭᠡᠯᠡᠳ ᠵᠡᠭᠡᠯᠢ ᠭᠤᠳᠤᠮᠵᠢ᠎ᠶ᠋ᠢᠨ ᠨᠠᠮ ᠪᠠ ᠤᠯᠠᠨ ᠲᠦᠮᠡᠨ᠎ᠤ ᠦᠢᠯᠡᠴᠢᠯᠡᠭᠡᠨ᠎ᠤ ᠲᠥᠪ᠎ᠤᠨ ᠡᠷᠬᠢᠯᠡᠭ᠌ᠴᠢ ᠯᠢ ᠷᠦᠸᠧ ᠹᠠᠨ᠄ 《ᠶᠡᠷᠦᠩᠬᠡᠢ ᠱᠦᠵᠢ 〈ᠰᠣᠶᠣᠯ᠎ᠤᠨ ᠬᠠᠮᠳᠤ᠎ᠶ᠋ᠢᠨ ᠲᠠᠨᠢᠯᠳᠡ ᠪᠣᠯ ᠬᠠᠮᠤᠭ᠎ᠤᠨ ᠳᠡᠭᠡᠳᠦ ᠬᠡᠮᠵᠢᠶᠡᠨ᠎ᠤ ᠬᠠᠮᠳᠤ᠎ᠶ᠋ᠢᠨ ᠲᠠᠨᠢᠯᠳᠡ ᠮᠦᠨ᠂ ᠦᠨᠳᠦᠰᠦᠳᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠨᠠᠢᠷᠰᠠᠭ᠎ᠤᠨ ᠰᠦᠭ ᠰᠦᠨᠡᠰᠦ ᠮᠥᠨ〉 ᠭᠡᠵᠦ᠍ ᠴᠢᠬᠤᠯᠠᠴᠢᠯᠠᠪᠠ᠃ ᠨᠠᠮ᠎ᠤᠨ ᠭᠡᠱᠢᠭᠦᠨ᠂ ᠦᠨᠳᠦᠰᠦᠨ ᠱᠠᠲᠤᠨ᠎ᠤ ᠨᠠᠮ ᠪᠠ ᠤᠯᠠᠨ ᠲᠦᠮᠡᠨ᠎ᠤ ᠦᠢᠯᠡᠴᠢᠯᠡᠭᠡᠨ᠎ᠤ ᠲᠥᠪ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢ  ᠵᠢᠱ᠌ᠢᠶ᠎ᠡ ᠦᠵᠡᠭᠦᠯᠵᠦ᠍ ᠳᠠᠭᠠᠭᠤᠯᠬᠤ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠨᠠᠢᠳᠠᠪᠤᠷᠢᠵᠢᠭᠤᠯᠤᠯᠲᠠ᠎ᠶ᠋ᠢ ᠲᠡᠷᠡ ᠶᠣᠰᠣᠭᠠᠷ᠎ᠨᠢ ᠰᠠᠢᠲᠤᠷ ᠠᠳᠭᠤᠨ᠎ᠠ᠃ ᠡᠭᠦᠨ᠎ᠤ ᠬᠠᠮᠲᠤ᠌᠂ ᠵᠡᠭᠡᠯᠢ ᠭᠤᠳᠤᠮᠵᠢ᠎ᠶ᠋ᠢᠨ ᠨᠠᠮ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠎ᠤᠨ ᠦᠢᠯᠡᠳᠦᠯ᠎ᠢ ᠪᠦᠬᠦ᠌ ᠲᠠᠯ᠎ᠠ᠎ᠪᠠᠷ ᠪᠠᠳᠠᠷᠠᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠰᠠᠢᠲᠤᠷ ᠠᠳᠭᠤᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠠᠷᠠᠳᠴᠢᠯᠠᠯ᠎ᠢ ᠪᠠᠳᠠᠷᠠᠭᠤᠯᠤᠨ᠂ ᠠᠷᠭ᠎ᠠ ᠪᠤᠳᠤᠯᠭ᠎ᠠ᠎ᠶ᠋ᠢ ᠠᠷᠠᠳ᠎ᠠᠴᠠ ᠠᠰᠠᠭᠤᠵᠤ᠂ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠤᠯᠠᠨ ᠲᠦᠮᠡᠨ᠎ᠤ ᠰᠠᠨᠠᠯ ᠰᠠᠨᠠᠭᠤᠯᠭ᠎ᠠ᠎ᠶ᠋ᠢ ᠭᠦᠢᠴᠡᠳ ᠱᠢᠩᠭᠡᠭᠡᠨ ᠠᠪᠴᠤ᠌᠂ ᠨᠠᠮ᠎ᠤᠨ ᠭᠡᠱᠢᠭᠦᠨ ᠤᠯᠠᠨ ᠲᠦᠮᠡᠨ᠎ᠤ ᠨᠠᠮ᠎ᠤᠨ ᠠᠴᠢ᠎ᠶ᠋ᠢ ᠮᠡᠳᠡᠷᠡᠬᠦ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠲᠠᠭᠠᠬᠤ ᠰᠦᠷ ᠳᠠᠯᠠᠢᠴᠠᠲᠠᠢ ᠬᠦᠴᠦᠨ᠎ᠢ ᠲᠠᠰᠤᠷᠠᠯᠳᠠ ᠦᠭᠡᠢ ᠨᠢᠭ᠍ᠲᠠᠷᠠᠭᠤᠯᠵᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ᠎ᠤ ᠳᠦᠷᠰᠦ ᠪᠠᠢᠳᠠᠯ ᠪᠤᠯᠤᠨ ᠲᠡᠮᠡᠴᠡᠯ᠎ᠤᠨ ᠳᠦᠷᠰᠦ ᠪᠠᠢᠳᠠᠯ᠎ᠢᠶᠠᠷ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠬᠦᠯᠦᠨ᠎ᠠ》 ᠬᠡᠪᠡ᠃

ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ ᠶᠠᠳᠠᠭᠤ᠎ᠠᠴᠠ ᠠᠩᠭᠢᠵᠢᠷᠠᠭᠤᠯᠤᠭ᠍ᠰᠠᠨ ᠰᠠᠭᠤᠷᠢ᠎ᠶ᠋ᠢ ᠨᠡᠩ ᠪᠠᠭᠢᠵᠢᠬᠦᠯᠵᠤ ᠦᠷ᠎ᠡ ᠪᠦᠲᠦᠮᠵᠢ᠎ᠶ᠋ᠢ ᠨᠡᠩ ᠦᠷᠭᠡᠳᠭᠡᠨ᠎ᠠ

ᠶᠡᠷᠦᠩᠬᠡᠢ ᠱᠦᠵᠢ᠂ ᠶᠠᠳᠠᠭᠤ᠎ᠠᠴᠠ ᠠᠩᠭᠢᠵᠢᠷᠠᠭᠤᠯᠬᠤ ᠪᠣᠯ ᠡᠴᠦᠰ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠲᠡ ᠪᠣᠯᠤᠨ᠎ᠠ᠃ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠱᠢᠢᠳᠪᠦᠷᠢᠯᠡᠵᠦ᠍᠂ ᠬᠤᠳᠠ ᠬᠥᠳᠡᠭᠡ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ  ᠵᠦᠷᠢᠶ᠎ᠠ᠎ᠶ᠋ᠢ ᠪᠠᠭᠠᠰᠭᠠᠨ᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ ᠪᠠ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯ᠎ᠢ ᠪᠡᠶᠡᠯᠡᠭᠦᠯᠬᠦ᠌᠎ᠳᠤ ᠮᠥᠨ ᠯᠡ ᠡᠭᠦᠷᠭᠡ ᠬᠦᠨᠳᠦ ᠵᠠᠮ ᠬᠤᠯᠠ ᠪᠠᠢᠨ᠎ᠠ ᠭᠡᠵᠦ᠍ ᠴᠢᠬᠤᠯᠠᠴᠢᠯᠠᠪᠠ᠃ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠰᠣᠨᠣᠰᠤᠭᠠᠳ ᠵᠠᠯᠠᠢᠳ ᠬᠤᠱᠢᠭᠤᠨ᠎ᠤ ᠠᠯᠲᠠᠷᠲᠤ ᠰᠤᠮᠤ᠎ᠶ᠋ᠢᠨ ᠨᠠᠮ᠎ᠤᠨ ᠬᠤᠷᠢᠶᠠᠨ᠎ᠤ ᠱᠦᠵᠢ ᠶᠦᠨ ᠹᠧᠩ᠄ 《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ᠎ᠶ᠋ᠢ ᠠᠬᠢᠭᠤᠯᠪᠠᠯ ᠰᠠᠶᠢ ᠶᠠᠳᠠᠭᠤ᠎ᠶ᠋ᠢᠨ ᠦᠨᠳᠦᠰᠦ᠎ᠶ᠋ᠢ ᠲᠦᠢᠯᠪᠤᠷᠢᠲᠠᠢ ᠲᠠᠰᠤᠯᠵᠤ ᠴᠢᠳᠠᠨ᠎ᠠ᠃ ᠦᠨᠳᠦᠰᠦᠨ ᠱᠠᠲᠤᠨ᠎ᠤ ᠺᠠᠳ᠋ᠷ ᠪᠣᠯᠤᠭ᠍ᠰᠠᠨ᠎ᠤ ᠬᠤᠪᠢ᠎ᠳᠤ᠂ ᠶᠡᠷᠦᠩᠬᠡᠢ ᠱᠦᠵᠢ᠎ᠶ᠋ᠢᠨ ᠱᠠᠭᠠᠷᠳᠠᠯᠭ᠎ᠠ᠎ᠶ᠋ᠢ ᠯᠠᠪᠳᠠᠭᠤᠨ ᠪᠠᠲᠤᠲᠠᠢ ᠰᠠᠢᠲᠤᠷ ᠨᠠᠢᠳᠠᠪᠤᠷᠢᠵᠢᠭᠤᠯᠤᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠠᠯᠲᠠᠷᠲᠤ ᠰᠤᠮᠤ ᠶᠠᠳᠠᠭᠤ᠎ᠶ᠋ᠢ ᠲᠡᠳᠬᠦᠬᠦ᠌ ᠠᠵᠤ ᠦᠶᠯᠡᠰ᠎ᠢ ᠦᠷᠭᠦᠯᠵᠢᠯᠡᠨ ᠬᠥᠭ᠌ᠵᠢᠭᠦᠯᠦᠨ ᠪᠤᠵᠠᠭᠠᠢᠷᠠᠭᠤᠯᠵᠤ᠂ ᠬᠦᠷᠢᠶ᠎ᠡ ᠬᠠᠱᠢᠶᠠᠨ᠎ᠤ ᠠᠵᠤ ᠠᠬᠤᠶ᠎ᠶ᠋ᠢ ᠶᠡᠭᠡ᠎ᠪᠠᠷ ᠬᠥᠭ᠌ᠵᠢᠭᠦᠯᠦᠨ᠂ ᠨᠡᠭᠦᠯᠭᠡᠭ᠌ᠰᠡᠨ᠎ᠤ ᠳᠠᠷᠠᠭᠠᠬᠢ ᠶᠠᠳᠠᠭᠤ᠎ᠶ᠋ᠢ ᠲᠡᠳᠬᠦᠬᠦ᠌᠎ᠪᠠᠨ ᠴᠢᠩᠭᠠᠳᠭᠠᠵᠤ᠂ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠲᠣᠭ᠍ᠲᠠᠭᠤᠨ᠎ᠢᠶᠠᠷ ᠠᠵᠢᠯ ᠤᠯᠬᠤ᠎ᠶ᠋ᠢ ᠠᠬᠢᠭᠤᠯᠵᠤ᠂ ᠬᠥᠳᠡᠭᠡ ᠲᠣᠰᠭᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠰᠤᠷᠭᠠᠭᠤᠯᠢ ᠡᠷᠭᠢᠯᠡᠬᠦ᠌ ᠨᠥᠬᠦᠴᠡᠯ ᠪᠠ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ ᠨᠥᠬᠦᠴᠡᠯ᠎ᠢ ᠦᠷᠭᠦᠯᠵᠢᠯᠡᠨ ᠰᠠᠢᠵᠢᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠠᠭᠤᠷᠢ᠎ᠶ᠋ᠢ ᠨᠠᠩ ᠪᠠᠲᠤ ᠪᠠᠬᠢ᠂ ᠦᠷ᠎ᠡ ᠪᠦᠲᠦᠮᠵᠢ᠎ᠶ᠋ᠢ ᠨᠠᠩ ᠦᠷᠭᠡᠨ ᠬᠦᠨᠵᠡᠭᠡᠢ ᠪᠤᠯᠭᠠᠨ᠎ᠠ》 ᠭᠡᠪᠡ᠃

ᠤᠯᠠᠭᠠᠨᠴᠠᠪ ᠬᠤᠳᠠ᠎ᠶ᠋ᠢᠨ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠲᠣᠪᠴᠢᠶᠠᠨ᠎ᠤ ᠳᠠᠷᠤᠭ᠎ᠠ ᠸᠠᠩ ᠬᠤᠢ ᠢᠦᠢ᠄ 《ᠤᠯᠠᠭᠠᠨᠴᠠᠪ᠎ᠤᠨ ᠶᠠᠳᠠᠭᠤ ᠬᠦᠴᠢᠷᠳᠡᠯᠲᠡᠢ ᠬᠥᠮᠦᠨ ᠠᠮᠠ ᠨᠡᠯᠢᠶᠡᠳ ᠤᠯᠠᠨ ᠪᠠᠢᠵᠠᠢ᠂ ᠢᠯᠠᠩᠭᠤᠶ᠎ᠠ ᠡᠪᠡᠳᠴᠢᠨ᠎ᠠᠴᠠ ᠪᠤᠯᠵᠤ ᠶᠠᠳᠠᠭᠤᠷᠠᠭ᠍ᠰᠠᠨ ᠬᠥᠮᠦᠨ ᠠᠮᠠ᠎ᠶ᠋ᠢᠨ ᠡᠵᠡᠯᠡᠬᠦ᠌ ᠬᠠᠷᠢᠴᠠᠯ ᠶᠡᠭᠡ᠂ ᠡᠪᠡᠳᠴᠢᠨ᠎ᠠᠴᠠ ᠪᠤᠯᠵᠤ ᠶᠠᠳᠠᠭᠤᠷᠠᠬᠤ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠪᠣᠯ ᠮᠠᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠯᠠᠭ᠎ᠠ ᠮᠥᠴᠢᠷ᠎ᠤᠨ ᠨᠡᠢᠳᠡᠮ ᠠᠩᠬᠠᠷᠴᠤ᠌ ᠪᠠᠢᠭ᠎ᠠ ᠭᠤᠣᠯᠳᠠᠯᠭ᠎ᠠ ᠪᠣᠯᠤᠨ᠎ᠠ᠃ ᠪᠢᠳᠡ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠡᠮ ᠡᠮᠨᠡᠯᠭᠡ᠎ᠶ᠋ᠢᠨ ᠳᠠᠭᠠᠳᠭᠠᠯ᠎ᠢᠶᠠᠷ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠂ ᠬᠦᠨᠳᠦ ᠡᠪᠡᠳᠴᠢᠨ ᠣᠨᠴᠠ ᠬᠦᠨᠳᠦ ᠡᠪᠡᠳᠴᠢᠨ ᠡᠮᠭᠡᠭ᠎ᠤᠨ ᠡᠮ ᠡᠮᠨᠡᠯᠭᠡ᠎ᠶ᠋ᠢᠨ ᠳᠠᠭᠠᠳᠭᠠᠯ ᠪᠣᠯᠤᠨ ᠡᠮ ᠡᠮᠨᠡᠯᠭᠡ᠎ᠶ᠋ᠢᠨ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ᠌᠎ᠪᠠᠷ ᠳᠠᠮᠵᠢᠭᠤᠯᠤᠨ᠂ ᠡᠪᠡᠳᠴᠢᠨ᠎ᠠᠴᠠ ᠪᠣᠯᠵᠣ ᠶᠠᠳᠠᠭᠤᠷᠠᠬᠤ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠪᠦᠲᠦᠮᠵᠢᠲᠡᠶ ᠵᠣᠯᠭᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠲᠤᠯᠠᠭ᠎ᠠ᠎ᠶ᠋ᠢᠨ ᠲᠣᠤᠷ᠎ᠢ ᠤᠯᠠᠮ ᠴᠢᠨᠠᠭ᠍ᠰᠢᠳᠠ ᠪᠠᠬᠢᠵᠢᠭᠦᠯᠵᠦ᠍᠂ ᠬᠡᠪᠴᠢᠶᠡᠵᠢᠯ᠎ᠤᠨ ᠴᠢᠨᠠᠷᠲᠠᠶ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠤᠷᠢᠭ᠎ᠠ ᠱᠤᠭᠤᠮ᠎ᠢ ᠪᠠᠲᠤ ᠰᠠᠬᠢᠨ᠎ᠠ》 ᠭᠡᠯ᠎ᠡ᠃

ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ ᠡᠷᠡᠮᠡᠬᠡᠢᠯᠡᠨ ᠤᠷᠤᠭ᠍ᠰᠢᠯᠠᠨ᠎ᠠ

ᠲᠦᠩᠯᠢᠶᠣᠤ ᠬᠤᠲᠠ᠎ᠶ᠋ᠢᠨ ᠬᠥᠮᠦᠨ᠎ᠤ ᠬᠦᠴᠦᠨ᠎ᠤ ᠡᠬᠢ ᠪᠠᠶᠠᠯᠢᠭ ᠬᠢᠭᠡᠳ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶᠠᠨ᠎ᠤ ᠠᠵᠢᠯᠲᠠᠨ ᠸᠠᠩ ᠬᠠᠶ ᠱᠢᠶᠠ᠄ 《ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠰᠠᠢᠲᠤᠷ ᠠᠳᠭᠤᠵᠤ᠂ ᠪᠥᠬᠦ᠌ ᠨᠠᠮ᠎ᠤᠨ ᠭᠡᠱᠢᠭᠦᠨ᠎ᠢ ᠬᠥᠮᠦᠵᠢᠭᠦᠯᠦᠨ ᠳᠠᠭᠠᠭᠤᠯᠵᠤ᠂ ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠡᠳ᠋ᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠡᠷᠡᠰ ᠭᠤᠢᠪᠢᠰᠢ ᠥᠬᠡᠶ ᠴᠢᠷᠮᠠᠢᠬᠤ ᠬᠡᠷᠡᠭ᠌ᠲᠡᠶ ᠭᠡᠵᠦ᠍ ᠶᠡᠷᠦᠩᠬᠡᠶ ᠱᠦᠵᠢ ᠵᠢᠭᠠᠵᠤ ᠭᠠᠷᠭᠠᠪᠠ᠃ ᠡᠪ ᠬᠠᠮᠲᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠬᠠᠷᠢᠭᠤᠴᠠᠯᠭ᠎ᠠ ᠬᠦᠨᠳᠦ ᠪᠤᠢ᠃ ᠬᠤᠢᠱᠢᠳᠠ᠎ᠶ᠋ᠢᠨ ᠠᠵᠢᠯ᠎ᠤᠨ ᠳᠤᠮᠳᠠ᠂ ᠪᠢ ᠠᠷᠠᠳ ᠲᠦᠮᠡᠨ᠎ᠳᠤ ᠦᠶᠯᠡᠴᠢᠯᠡᠬᠦ᠌ ᠬᠠᠷᠢᠭᠤᠴᠠᠯᠭ᠎ᠠ᠎ᠶ᠋ᠢ ᠨᠠᠩ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠠᠴᠠ᠎ᠪᠠᠨ ᠡᠭᠦᠷᠭᠡᠯᠡᠵᠦ᠍᠂ ᠲᠦᠩᠯᠢᠶᠣᠤ ᠬᠤᠲᠠ᠎ᠶ᠋ᠢᠨ ᠠᠵᠢᠯ ᠣᠯᠭᠤᠵᠤ ᠦᠶᠯᠡᠰ ᠪᠤᠰᠭᠠᠬᠤ᠂ ᠨᠡᠢᠭᠡᠮ᠎ᠤᠨ ᠪᠠᠲᠤᠯᠠᠭ᠎ᠠ᠂ ᠮᠠᠯᠴᠢᠨ ᠲᠠᠷᠢᠶᠠᠴᠢᠨ᠎ᠢ ᠱᠢᠯᠵᠢᠭᠦᠯᠦᠨ ᠠᠵᠢᠯ ᠣᠯᠭᠤᠬᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠂ ᠡᠶ᠎ᠡ ᠵᠣᠬᠢᠴᠠᠯ᠎ᠲᠠᠢ ᠬᠥᠳᠡᠯᠮᠦᠷᠢ᠎ᠶ᠋ᠢᠨ ᠬᠠᠷᠢᠴᠠᠭ᠎ᠠ ᠵᠡᠷᠭᠡ ᠲᠠᠯ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠰᠠᠢᠲᠤᠷ ᠬᠢᠵᠦ᠍᠂ ᠣᠯᠠᠨ ᠲᠦᠮᠡᠨ᠎ᠳᠤ ᠢᠯᠡᠭᠦᠬᠡᠨ ᠪᠣᠳᠠᠲᠤ ᠶᠠᠪᠤᠳᠠᠯ ᠬᠢᠵᠦ᠍᠂ ᠨᠠᠩ ᠣᠯᠠᠨ ᠠᠷᠠᠳ ᠲᠦᠮᠡᠨ᠎ᠳᠤ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠬᠦᠷᠲᠡᠭᠡᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠦᠨ᠎ᠡ》 ᠭᠡᠵᠦ᠍ ᠶᠠᠷᠢᠪᠠ᠃

《ᠶᠡᠷᠦᠩᠬᠡᠢ ᠱᠦᠵᠢ ᠰᠢ᠎ᠶ᠋ᠢᠨ ᠫᠢᠩ ᠶᠠᠷᠢᠶᠠᠨ᠎ᠳᠠᠭᠠᠨ 〈ᠡᠭᠡ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ〉 ᠭᠡᠵᠦ᠍ ᠳᠠᠬᠢᠨᠲᠠ ᠵᠠᠬᠢᠪᠠ᠃ ᠪᠢᠳᠠ 〈ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ〉 ᠭᠡᠬᠦ᠌ ᠵᠣᠷᠢᠭ ᠰᠠᠨᠠᠭ᠎ᠠ ᠪᠣᠯᠤᠨ 〈ᠠᠮᠵᠢᠯᠲᠠ ᠤᠯᠬᠤ᠎ᠳᠤ ᠯᠠᠪᠲᠠᠢ ᠪᠢ ᠪᠠᠢᠬᠤ〉 ᠬᠠᠷᠢᠭᠤᠴᠠᠯᠭ᠎ᠠ ᠡᠭᠦᠷᠭᠡᠯᠡᠯ᠎ᠢᠶᠠᠷ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠵᠤ᠂ ᠨᠡᠩ ᠶᠡᠭᠡ ᠡᠷᠴᠢ ᠵᠣᠷᠢᠭ᠎ᠢᠶᠠᠷ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶ᠋ᠢ ᠪᠣᠳᠠᠲᠠᠢ ᠨᠠᠢᠳᠠᠪᠤᠷᠢᠵᠢᠭᠤᠯᠵᠤ᠂ 〈ᠪᠣᠬᠢᠷᠲᠤᠯ ᠦᠭᠡᠢ〉 ᠎ᠶ᠋ᠢ ᠬᠥᠭ᠌ᠵᠢᠯᠲᠡ᠎ᠶ᠋ᠢᠨ ᠬᠤᠪᠢᠷᠠᠰᠢ ᠦᠭᠡᠢ ᠲᠡᠪᠢᠰᠭᠡᠷ ᠦᠩᠭᠡ ᠪᠣᠯᠭᠠᠬᠤ ᠬᠡᠷᠡᠭ᠌ᠲᠡᠢ》 ᠭᠡᠵᠦ᠍ ᠤᠳᠤᠭ᠎ᠤᠨ ᠡᠮᠦᠨᠡᠲᠦ ᠬᠤᠱᠢᠭᠤᠨ᠎ᠤ ᠤᠯᠵᠠᠴᠢ ᠪᠠᠯᠭᠠᠰᠤᠨ᠎ᠤ ᠭᠠᠳᠠᠭᠠᠳᠤ ᠤᠬᠠᠭᠤᠯᠭ᠎ᠠ᠎ᠶ᠋ᠢᠨ ᠲᠠᠰᠤᠭ᠎ᠤᠨ ᠡᠷᠬᠢᠯᠡᠭ᠌ᠴᠢ ᠲᠡᠷᠭᠡᠯ ᠬᠡᠯᠡᠪᠡ᠃

ᠰᠥᠨᠢᠳ ᠪᠠᠷᠠᠭᠤᠨ ᠬᠤᠱᠢᠭᠤᠨ᠎ᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠎ᠶ᠋ᠢᠨ ᠳᠠᠷᠤᠭ᠎ᠠ ᠯᠢᠦ ᠱᠢᠤ ᠹᠧᠩ᠄ 《ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠤᠨ ᠬᠤᠪᠢ᠎ᠠᠴᠠ᠂ ᠪᠢᠳᠡ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠣᠢᠯᠠᠭᠠᠵᠤ᠂ ᠰᠠᠢᠲᠤᠷ ᠲᠤᠭᠤᠱᠢᠯᠠᠭᠤᠯᠵᠤ᠂ ᠳᠡᠭᠡᠳᠦ ᠬᠡᠮᠵᠢᠶᠡᠨ᠎ᠤ ᠤᠯᠤᠰ ᠲᠥᠷᠥ᠎ᠶ᠋ᠢᠨ ᠬᠠᠷᠢᠭᠤᠴᠠᠯᠭᠠᠲᠤ ᠤᠬᠠᠮᠰᠠᠷ ᠪᠠ ᠲᠡᠤᠬᠡᠨ ᠡᠭᠦᠷᠭᠡᠳᠦ ᠤᠬᠠᠮᠰᠠᠷ᠎ᠢᠶᠠᠷ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ᠂ ᠡᠷᠡᠮᠡᠬᠡᠢᠯᠡᠨ ᠤᠷᠤᠭ᠍ᠰᠢᠯᠠᠵᠤ᠂ ᠪᠥᠬᠦ᠌ ᠰᠡᠳᠭᠢᠯ ᠪᠥᠬᠦ᠌ ᠵᠣᠷᠢᠭ᠎ᠢᠶᠠᠷ ᠡᠯ᠎ᠡ  ᠵᠦᠢᠯ᠎ᠤᠨ ᠠᠵᠢᠯ᠎ᠳᠤ ᠣᠷᠣᠯᠴᠠᠵᠤ᠂ ᠪᠥᠬᠦ᠌ ᠬᠤᠱᠢᠭᠤᠨ᠎ᠤ ᠠᠷᠠᠳ ᠲᠦᠮᠡᠨ᠎ᠳᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ ᠰᠠᠢᠨ ᠰᠠᠢᠬᠠᠨ ᠣᠷᠴᠢᠨ ᠲᠣᠭᠤᠷᠢᠨ᠎ᠢ ᠡᠬᠦᠳᠴᠦ᠍᠂ ᠱᠢᠯᠢᠳᠡᠭ ᠬᠢᠷᠢ ᠪᠦᠲᠦᠮᠵᠢ᠎ᠪᠠᠷ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠤᠭ᠍ᠲᠤᠨ᠎ᠠ》 ᠭᠡᠵᠦ᠍ ᠶᠠᠷᠢᠵᠤ ᠪᠠᠢᠯ᠎ᠠ᠃

(ᠯᠢᠦ ᠱᠢᠶᠠᠩ ᠫᠢᠩ ᠰᠦᠩ ᠠ ᠨᠠᠨ ᠵᠧᠩ ᠱᠢᠤᠸᠠᠢ ᠯᠢᠶᠠᠩ ᠯᠢ ᠢᠦᠢ ᠵᠦᠸᠧ ᠬᠤᠤ ᠪᠢᠶᠤᠤ ᠬᠠᠨ ᠵᠶ᠋ᠢ ᠸᠠᠩ ᠯᠢᠦ ᠬᠤᠩ ᠵᠠᠩ ᠬᠤᠷᠴᠠ ᠭᠤᠤ ᠮᠢᠨ ᠨᠠ ᠬᠤᠸᠠᠩ ᠹᠦ᠋ ᠮᠧᠢ ᠱᠢᠶᠠᠨ ᠸᠠᠩ ᠢᠦᠢ ᠵᠦᠸᠧ ᠸᠠᠩ ᠲᠠᠨ᠎ᠠ ᠪᠠᠶᠠᠰᠭᠤᠯᠠᠩ ᠱᠢᠤᠸᠠᠢ ᠢ ᠴᠢᠶᠦ᠋ᠨ  ᠵᠠᠩ ᠱᠢᠶᠤᠤ ᠴᠢᠨ ᠹᠧᠩ ᠸᠧᠨ ᠸᠧᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号