ᠶᠡᠷᠦᠩᠬᠡᠢ ᠱᠦᠵᠢ ᠰᠢ᠎ᠶ᠋ᠢᠨ ᠫᠢᠩ᠎ᠤᠨ 5 ᠤ ᠦᠳᠡ᠎ᠶ᠋ᠢᠨ ᠬᠤᠢᠨ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠂ ᠮᠠᠨ᠎ᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠺᠠᠳ᠋ᠷ ᠠᠵᠢᠯᠳᠠᠨ᠎ᠤ ᠳᠤᠮᠳᠠ ᠬᠠᠯᠠᠭᠤᠨ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ᠎ᠶ᠋ᠢᠨ ᠶᠠᠷᠢᠶ᠎ᠠ᠎ᠨᠢ ᠨᠠᠮ᠎ᠤᠨ ᠲᠥᠪ ᠬᠤᠷᠢ᠊ ᠡᠶ᠎ᠡ᠎ᠠᠴᠠ ᠥᠪᠥᠷ ᠮᠣᠩᠭᠤᠯ᠎ᠤᠨ ᠠᠷᠠᠳ ᠲᠦᠮᠡᠨ᠎ᠢ ᠬᠠᠯᠠᠮᠵᠢᠯᠠᠵᠤ ᠪᠠᠢᠬᠤ ᠪᠠ ᠥᠪᠥᠷ ᠮᠣᠩᠭᠤᠯ᠎ᠤᠨ ᠠᠵᠢᠯ᠎ᠳᠤ ᠴᠢᠩ ᠰᠡᠳᠭᠢᠯ᠎ᠤᠨ ᠬᠦᠰᠡᠯ ᠨᠠᠢᠳᠠᠯᠭ᠎ᠠ ᠲᠠᠯᠪᠢᠵᠤ ᠪᠠᠢᠬᠤ᠎ᠶ᠋ᠢ ᠢᠯᠡᠷᠡᠭᠦᠯᠪᠡ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ᠌ ᠲᠠᠯ᠎ᠠ᠎ᠪᠠᠷ ᠣᠢᠯᠠᠭᠠᠵᠤ᠂ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠢᠯᠡᠴᠢᠯᠡᠬᠦ᠌ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠦᠨ᠂ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠦᠳᠦᠬᠡᠨ ᠪᠠᠢᠭᠤᠯᠬᠤ᠎ᠳᠤ ᠢᠳᠡᠪᠬᠢᠳᠡᠢ ᠤᠷᠤᠯᠴᠠᠵᠤ᠂ ᠥᠨᠳᠥᠷ ᠬᠢᠷᠢ ᠲᠦᠪᠱᠢᠨ ᠪᠦᠬᠦᠢ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠥᠪᠥᠷ ᠮᠣᠩᠭᠤᠯ᠎ᠤᠨ ᠠᠮᠢ ᠠᠬᠤᠶ ᠣᠷᠴᠢᠨ ᠲᠣᠭᠤᠷᠢᠨ᠎ᠢ ᠰᠠᠢᠲᠤᠷ ᠬᠠᠮᠠᠭᠠᠯᠠᠨ᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠵᠡᠮ ᠨᠡᠭᠡᠭᠡᠨ ᠱᠢᠨ᠎ᠡ᠎ᠶ᠋ᠢ ᠡᠭᠦᠳᠴᠦ᠍᠂ ᠪᠦᠯᠬᠦᠮᠳᠡᠨ ᠲᠡᠮᠡᠴᠡᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠴᠣ᠌ ᠱᠢᠨ᠎ᠡ ᠬᠠᠭᠤᠳᠠᠰᠤ᠎ᠶ᠋ᠢ ᠪᠢᠴᠢᠭ᠌ᠯᠡᠨ᠂ ᠱᠢᠯᠢᠳᠡᠭ ᠬᠢᠷᠢ ᠪᠦᠲᠦᠮᠵᠢ᠎ᠪᠠᠷ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠭᠡᠯᠡᠨ᠎ᠠ ᠬᠡᠵᠤ ᠢᠯᠡᠷᠬᠡᠢᠯᠡᠵᠡᠬᠡᠪᠡ᠃
ᠬᠡᠯᠪᠡᠷᠢ᠎ᠪᠠᠨ ᠬᠤᠪᠢᠷᠠᠭᠤᠯᠵᠤ᠂ ᠪᠦᠲᠦᠴᠡ᠎ᠶ᠋ᠢᠨ ᠲᠣᠬᠢᠷᠠᠭᠤᠯᠤᠯᠲᠠ ᠬᠢᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠦᠭ᠌ᠵᠢᠬᠦᠯᠬᠦ᠌ ᠢᠯᠡ ᠲᠣᠳᠣ ᠤᠳᠤᠷᠢᠳᠤᠮᠵᠢ᠎ᠶ᠋ᠢ ᠪᠠᠲᠤ ᠪᠣᠶ ᠪᠣᠯᠭᠠᠨ᠎ᠠ
ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠨᠡᠢᠭᠡᠮ᠎ᠤᠨ ᠬᠥᠭ᠌ᠵᠢᠯᠲᠡ᠎ᠶ᠋ᠢᠨ ᠭᠠᠵᠠᠷ᠎ᠤᠨ ᠳᠠᠷᠤᠭ᠎ᠠ ᠮᠠ ᠸᠧᠨ᠄ 《ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠰᠣᠨᠣᠰᠤᠭᠠᠳ ᠲᠦᠢᠯ᠎ᠢᠶᠠᠷ ᠤᠷᠮᠠᠱᠢᠨ ᠵᠣᠷᠢᠭ᠍ᠵᠢᠪᠠ᠃ 2021 ᠣᠨ ᠪᠣᠯ 〈ᠠᠷᠪᠠᠨ ᠳᠥᠷᠪᠡᠳᠦᠭᠡᠷ ᠲᠠᠪᠤᠨ ᠵᠢᠯ〉 ᠤᠨ ᠡᠬᠢᠯᠡᠯᠲᠡ᠎ᠶ᠋ᠢᠨ ᠵᠢᠯ ᠪᠣᠯᠤᠨ᠎ᠠ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠤ ᠡᠬᠢᠯᠡᠯᠲᠡ᠎ᠶ᠋ᠢᠨ ᠵᠢᠯ᠂ ᠬᠥᠭ᠌ᠵᠢᠬᠦᠯᠤᠯᠳᠠ ᠪᠠ ᠥᠭᠡᠷᠡᠴᠢᠯᠡᠯᠲᠡ᠎ᠶ᠋ᠢᠨ ᠰᠠᠯᠠᠭ᠎ᠠ ᠮᠦᠴᠢᠷ᠎ᠤᠨ ᠬᠥᠮᠦᠨ ᠪᠣᠯᠤᠭ᠍ᠰᠠᠨ᠎ᠤ ᠬᠤᠪᠢ᠎ᠳᠤ᠂ ᠪᠢᠳᠠ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠬᠠᠮᠰᠠᠷ ᠪᠠ ᠤᠯᠤᠰ ᠲᠥᠷᠥ᠎ᠶ᠋ᠢᠨ ᠬᠡᠷᠡᠭ᠌ᠵᠢᠭᠦᠯᠬᠦ᠌ ᠴᠢᠲᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ᠂ ᠢᠯᠠᠩᠭᠤᠶ᠎ᠠ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ 〈ᠬᠤᠶᠠᠷ ᠬᠠᠯᠬᠠᠪᠴᠢ〉᠂ 〈ᠬᠤᠶᠠᠷ ᠰᠠᠭᠤᠷᠢᠨ〉 ᠪᠣᠯᠤᠨ 〈ᠨᠢᠭᠡ ᠪᠠᠬᠢᠯᠡᠯᠲᠡ〉 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠬᠡᠯᠪᠡᠷᠢ᠎ᠪᠠᠨ ᠬᠤᠪᠢᠷᠠᠭᠤᠯᠬᠤ᠂ ᠪᠦᠲᠦᠴᠡ᠎ᠶ᠋ᠢᠨ ᠲᠣᠬᠢᠷᠠᠭᠤᠯᠤᠯᠳᠠ ᠬᠢᠬᠦ᠂ ᠬᠦᠳᠡᠯᠬᠡᠬᠦ᠌ ᠬᠦᠴᠦᠨ ᠪᠤᠯᠭᠠᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠥᠪᠥᠷ ᠮᠣᠩᠭᠤᠯ᠎ᠤᠨ ᠣᠨᠴᠠᠯᠢᠭ᠎ᠢ ᠢᠯᠡᠷᠡᠭᠦᠯᠦᠭ᠌ᠰᠡᠨ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠤᠬᠢᠷᠳᠤᠯ ᠦᠬᠡᠢ ᠬᠦᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠱᠢᠯᠢᠳᠡᠭ ᠬᠢᠷᠢ ᠪᠦᠲᠦᠮᠵᠢ᠎ᠪᠠᠷ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠭᠡᠯᠡᠨ᠎ᠠ》 ᠬᠡᠪᠡ᠃
ᠶᠡᠷᠦᠩᠬᠡᠢ ᠱᠦᠵᠢ ᠰᠢ᠎ᠶ᠋ᠢᠨ ᠫᠢᠩ᠂ ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ᠎ᠢ ᠰᠠᠢᠲᠤᠷ ᠬᠠᠮᠠᠭᠠᠯᠠᠵᠤ᠂ ᠡᠭᠡ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠎ᠤᠨ ᠶᠡᠷᠦᠩᠬᠡᠢ ᠢᠨᠵᠧᠨᠧᠷ ᠵᠤᠤ ᠱ᠌ᠢ ᠳ᠋ᠧ᠄ 《ᠶᠡᠷᠦᠩᠬᠡᠢ ᠱᠦᠵᠢ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ᠎ᠢ ᠰᠠᠢᠲᠤᠷ ᠬᠠᠮᠠᠭᠠᠯᠠᠬᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢᠨ ᠲᠣᠭᠤᠷᠢᠨ᠎ᠳᠤ ᠴᠢᠬᠤᠯᠠ ᠪᠠᠢᠷᠢᠯᠠᠭᠤᠯᠤᠯᠲᠠ ᠬᠢᠪᠡ᠂ ᠡᠨᠡ᠎ᠨᠢ ᠥᠪᠥᠷ ᠮᠣᠩᠭᠤᠯ᠎ᠤᠨ ᠪᠤᠳᠠᠳᠤ ᠪᠠᠢᠳᠠᠯ᠎ᠳᠤ ᠲᠤᠬᠢᠷᠠᠭᠤᠯᠤᠨ ᠲᠣᠭ᠍ᠲᠠᠭᠠᠭ᠍ᠰᠠᠨ ᠦᠵᠦ᠍ ᠲᠥᠯᠥᠪᠯᠡᠭᠡ ᠪᠠ ᠠᠵᠢᠯᠯᠠᠭᠠᠨ᠎ᠤ ᠬᠥᠲᠥᠯᠪᠦᠷᠢ ᠪᠠᠢᠵᠤ᠂ ᠱᠢᠨ᠎ᠡ ᠴᠠᠭ ᠦᠶ᠎ᠡ᠎ᠳᠤ ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠴᠢᠩᠭᠠᠳᠭᠠᠬᠤ᠎ᠳᠤ ᠦᠵᠡᠯ ᠰᠠᠨᠠᠭᠠᠨ᠎ᠤ ᠵᠢᠯᠤᠭᠤᠳᠤᠯᠭ᠎ᠠ ᠪᠠ ᠦᠢᠯᠡᠳᠦᠯᠭᠡ᠎ᠶ᠋ᠢᠨ ᠵᠢᠷᠤᠮᠯᠠᠯ ᠬᠠᠩᠭᠠᠬ᠍ᠰᠠᠨ ᠪᠠᠢᠨ᠎ᠠ᠃ ᠪᠢᠳᠠ ᠵᠠᠪᠠᠯ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠶᠠᠷᠢᠶᠠᠨ᠎ᠤ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠬᠤᠨ᠂ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠵᠦᠪ ᠣᠨᠣᠪᠴᠢᠲᠠᠶ ᠡᠵᠡᠮᠱᠢᠵᠤ᠂ ᠪᠠᠷᠢᠮᠵᠢᠶᠠᠯᠠᠨ ᠬᠠᠷᠭᠤᠭᠤᠯᠵᠤ᠂ ᠴᠢᠭ᠌ᠯᠡᠯ᠎ᠢᠶᠠᠨ ᠣᠨᠣᠪᠴᠢᠲᠠᠶ ᠡᠷᠢᠨ ᠤᠯᠵᠤ᠂ ᠬᠠᠷᠠᠯᠳᠠ᠎ᠪᠠᠨ ᠤᠨᠤᠪᠴᠢᠳᠠᠢ ᠤᠨᠢᠯᠠᠵᠤ᠂ ᠶᠡᠭᠡ ᠲᠠᠯ᠎ᠠ ᠶᠡᠭᠡ ᠬᠠᠨᠳᠤᠰᠢ ᠳᠤᠮᠳᠠ ᠥᠪᠥᠷ ᠮᠣᠩᠭᠤᠯ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠳᠤ ᠣᠨᠣᠪᠴᠢᠲᠠᠶ ᠪᠠᠢᠷᠢ ᠲᠣᠭ᠍ᠲᠠᠭᠠᠯᠳᠠ ᠬᠢᠵᠤ᠂ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬᠤ ᠪᠣᠬᠢᠷᠲᠤᠯ ᠦᠭᠡᠢ ᠬᠦᠭ᠌ᠵᠢᠬᠦᠯᠬᠦ᠌ ᠢᠯᠡ ᠲᠣᠳᠣ ᠤᠳᠤᠷᠢᠳᠤᠮᠵᠢ᠎ᠶ᠋ᠢ ᠪᠠᠳᠤ ᠪᠤᠢ ᠪᠤᠯᠭᠠᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢ ᠢᠮᠠᠭ᠍ᠲᠠ ᠪᠠᠲᠤᠯᠠᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠤ᠂ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠬᠠᠮᠵᠢᠯᠴᠠᠨ ᠵᠠᠰᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠪᠠᠢᠭᠠᠯᠢ᠎ᠶ᠋ᠢᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠤᠳᠤ ᠦᠶ᠎ᠡ᠎ᠶ᠋ᠢᠨ ᠠᠮᠢ ᠠᠬᠤᠢ ᠣᠷᠴᠢᠨ ᠲᠤᠭᠤᠷᠢᠨ᠎ᠤ ᠵᠠᠰᠠᠯᠲᠠ᠎ᠶ᠋ᠢᠨ ᠱᠢᠰᠲ᠋ᠧᠮ᠎ᠢ ᠢᠳᠡᠪᠬᠢᠲᠡᠢ ᠪᠠᠢᠭᠤᠯᠵᠤ᠂ ᠥᠪᠥᠷ ᠮᠣᠩᠭᠤᠯ᠎ᠤᠨ ᠨᠣᠮᠢᠨ ᠨᠣᠭᠤᠭᠠᠨ᠂ ᠬᠦᠬᠡᠮᠳᠦᠭ ᠴᠠᠩᠬᠡᠷ᠂ ᠴᠡᠪᠡᠷ ᠠᠷᠢᠭᠤᠨᠢ ᠡᠷᠡᠰ ᠰᠠᠬᠢᠨ ᠬᠠᠮᠠᠭᠠᠯᠠᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳᠤᠮᠳᠠ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠪᠠ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ᠎ᠢ ᠪᠠᠲᠤ ᠴᠣᠭ᠍ᠴᠠᠯᠠᠬᠤ᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ》 ᠬᠡᠪᠡ᠃
ᠡᠬᠢᠯᠡᠯᠲᠡ᠎ᠶ᠋ᠢ ᠰᠠᠢᠳᠤᠷ ᠡᠬᠢᠯᠡᠬᠦᠯᠵᠤ᠂ ᠠᠩᠬᠠᠨ᠎ᠤ ᠠᠯᠬᠤᠭ᠎ᠠ᠎ᠶ᠋ᠢ ᠰᠠᠢᠳᠤᠷ ᠠᠯᠬᠤᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠪᠠᠲᠤᠯᠠᠭ᠎ᠠ ᠬᠠᠩᠭᠠᠨ᠎ᠠ
《ᠶᠡᠷᠦᠩᠬᠡᠢ ᠱᠦᠵᠢ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯ ᠨᠢᠭᠡᠨ ᠪᠦᠬᠦᠯᠢ ᠴᠣᠭ᠍ᠴᠠ ᠮᠥᠨ᠂ ᠡᠷᠬᠡᠪᠰᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠢᠯᠡᠴᠢᠯᠡᠬᠦ᠌ ᠪᠠ ᠠᠭᠤᠰᠤᠯᠴᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ᠎ᠨᠢ ᠮᠥᠩᠭᠦᠨ ᠭᠦᠢᠯᠭᠡᠭᠡᠨ᠎ᠤ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠢᠯᠡᠴᠢᠯᠡᠬᠦ᠌᠎ᠳᠤ ᠲᠣᠳᠣᠷᠬᠠᠶ ᠴᠢᠭ᠌ᠯᠡᠯ᠎ᠢ ᠵᠢᠭᠠᠵᠤ ᠥᠭ᠌ᠴᠡᠶ᠃ 2021 ᠣᠨ᠎ᠳᠤ᠂ ᠠᠷᠠᠳ᠎ᠤᠨ ᠪᠠᠩᠬᠢ᠎ᠶ᠋ᠢᠨ ᠬᠥᠬᠡᠬᠤᠲᠠ᠎ᠶ᠋ᠢᠨ ᠭᠤᠤᠯ ᠰᠠᠯᠪᠤᠷᠢ ᠪᠠᠩᠬᠢ᠎ᠶ᠋ᠢᠨ ᠵᠣᠭᠤᠰᠣᠨ᠎ᠤ ᠢᠲᠡᠭᠡᠮᠵᠢᠲᠦ ᠵᠢᠭᠡᠯᠡᠯᠭᠡ᠎ᠶ᠋ᠢᠨ ᠬᠠᠮᠢᠶᠠᠷᠤᠯᠲᠠ᠎ᠶ᠋ᠢᠨ ᠭᠠᠵᠠᠷ ᠣᠯᠠᠨ ᠵᠦᠶᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠵᠢᠬᠦᠯᠵᠤ ᠮᠥᠩᠭᠦᠨ ᠭᠦᠶᠯᠭᠡᠭᠡᠨ᠎ᠤ ᠦᠶᠯᠡᠰ᠎ᠤᠨ ᠪᠠᠭ᠎ᠠ ᠵᠢᠵᠢᠭ ᠠᠵᠤ ᠠᠬᠤᠢᠯᠠᠯ᠎ᠳᠤ ᠦᠶᠯᠡᠴᠢᠯᠡᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠪᠠᠭ᠎ᠠ ᠵᠢᠵᠢᠭ ᠠᠵᠤ ᠠᠬᠤᠢᠯᠠᠯ᠎ᠳᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠵᠣᠭᠤᠰᠣᠨ᠎ᠤ ᠲᠣᠭ᠍ᠲᠠᠭᠤᠨ ᠲᠥᠷᠥ᠎ᠶ᠋ᠢᠨ ᠪᠣᠳᠣᠯᠭ᠎ᠠ᠎ᠶ᠋ᠢᠨ ᠠᠮᠢᠳᠤᠯᠢᠭ ᠪᠥᠭᠡᠳ ᠣᠨᠣᠪᠴᠢᠲᠠᠶ᠂ ᠵᠦᠶ ᠵᠣᠬᠢᠰᠲᠠᠶ ᠪᠠᠢᠬᠤ ᠱᠠᠭᠠᠷᠳᠠᠯᠭ᠎ᠠ᠎ᠶ᠋ᠢ ᠦᠷᠭᠦᠯᠵᠢᠯᠡᠨ ᠰᠠᠢᠲᠤᠷ ᠨᠠᠢᠳᠠᠪᠤᠷᠢᠵᠢᠭᠤᠯᠵᠤ᠂ ᠴᠣᠩᠬᠤᠪᠴᠢ᠎ᠶ᠋ᠢᠨ ᠵᠢᠯᠣᠭᠤᠳᠣᠯᠭ᠎ᠠ᠎ᠶ᠋ᠢ ᠴᠢᠩᠭᠠᠳᠭᠠᠨ᠂ ᠪᠠᠭ᠎ᠠ ᠵᠢᠵᠢᠭ ᠠᠵᠤ ᠠᠬᠤᠢᠯᠠᠯ᠎ᠢ ᠪᠠᠯᠠ ᠮᠥᠩᠭᠦ᠎ᠪᠠᠷ ᠳᠡᠮᠵᠢᠬᠦ᠌ ᠡᠷᠴᠢᠮ᠎ᠢᠶᠠᠨ ᠴᠢᠩᠭᠠᠷᠠᠭᠤᠯᠤᠨ᠎ᠠ; ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠱᠢᠭᠤᠳ ᠬᠦᠷᠭᠡᠬᠦ᠌ ᠬᠤᠶᠠᠷ ᠵᠦᠶᠯ᠎ᠤᠨ ᠵᠣᠭᠤᠰᠣᠨ᠎ᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠨᠠᠢᠳᠠᠪᠤᠷᠢᠵᠢᠭᠤᠯᠵᠤ᠂ ᠨᠢᠭᠡᠳᠦᠭᠡᠷ ᠤᠯᠠᠷᠢᠯ᠎ᠳᠤ ᠪᠠᠭ᠎ᠠ ᠵᠢᠵᠢᠭ ᠠᠵᠤ ᠠᠬᠤᠢᠯᠠᠯ᠎ᠳᠤ ᠲᠦᠬᠡᠮᠡᠯ ᠬᠠᠷᠠᠭᠠᠯᠵᠠᠯ ᠬᠦᠷᠲᠡᠭᠡᠬᠦ᠌ ᠵᠢᠭᠡᠯᠡᠯᠭᠡ᠎ᠶ᠋ᠢ ᠬᠤᠢᠱᠢᠯᠠᠭᠤᠯᠬᠤ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠵᠡᠷᠭᠡ᠎ᠶ᠋ᠢ ᠦᠷᠭᠦᠯᠵᠢᠯᠡᠨ ᠰᠠᠢᠲᠤᠷ ᠬᠡᠷᠡᠭ᠌ᠵᠢᠭᠦᠯᠵᠦ᠍᠂ ᠪᠠᠭ᠎ᠠ ᠵᠢᠵᠢᠭ ᠠᠵᠤ ᠠᠬᠤᠢᠯᠠᠯ᠎ᠤᠨ ᠱᠠᠲᠤᠴᠢ ᠴᠢᠨᠠᠷᠲᠠᠶ ᠵᠢᠬᠡᠯᠡᠯᠬᠡ᠎ᠶ᠋ᠢ ᠡᠬᠡ ᠬᠦᠤ᠎ᠲᠠᠢ᠎ᠨᠢ ᠪᠤᠴᠠᠭᠠᠬᠤ ᠳᠠᠷᠤᠭᠠᠰᠤ᠎ᠶ᠋ᠢ ᠬᠥᠩᠭᠡᠷᠡᠭᠦᠯᠵᠦ᠍᠂ ᠢᠲᠡᠭᠡᠮᠵᠢᠲᠦ ᠵᠢᠭᠡᠯᠡᠯᠭᠡ ᠲᠠᠯᠪᠢᠬᠤ ᠬᠠᠷᠢᠴᠠᠯ᠎ᠢ ᠳᠡᠭᠡᠭ᠌ᠰᠢᠯᠡᠭᠦᠯᠦᠨ᠎ᠡ; ᠪᠠᠭ᠎ᠠ ᠵᠢᠵᠢᠭ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠵᠣᠭᠤᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠳᠠᠮᠵᠢᠭᠤᠯᠬᠤ ᠵᠠᠮ ᠰᠤᠪᠠᠭ᠎ᠢ ᠱᠢᠯᠤᠭᠤᠳᠭᠠᠨ᠂ ᠬᠦᠤ ᠮᠥᠩᠭᠦ᠎ᠶ᠋ᠢᠨ ᠨᠣᠷᠮ᠎ᠠ᠎ᠶ᠋ᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠳᠠᠬᠢᠨ ᠵᠢᠭᠡᠯᠡᠯᠭᠡ ᠥᠭ᠌ᠬᠦ᠂ ᠳᠠᠬᠢᠨ ᠪᠡᠯᠡᠨ ᠵᠣᠭᠤᠰ ᠰᠣᠯᠢᠵᠤ ᠥᠭ᠌ᠬᠦ ᠪᠠᠯᠠ ᠮᠥᠩᠭᠦ᠎ᠶ᠋ᠢ ᠰᠠᠢᠲᠤᠷ ᠬᠡᠷᠡᠭ᠌ᠯᠡᠨ᠎ᠡ》 ᠭᠡᠵᠦ᠍ ᠠᠷᠠᠳ᠎ᠤᠨ ᠪᠠᠩᠬᠢ᠎ᠶ᠋ᠢᠨ ᠬᠥᠬᠡᠬᠤᠲᠠ᠎ᠶ᠋ᠢᠨ ᠭᠤᠤᠯ ᠰᠠᠯᠪᠤᠷᠢ ᠪᠠᠩᠬᠢ᠎ᠶ᠋ᠢᠨ ᠵᠣᠭᠤᠰᠣᠨ᠎ᠤ ᠢᠲᠡᠭᠡᠮᠵᠢᠲᠦ ᠵᠢᠭᠡᠯᠡᠯᠭᠡ᠎ᠶ᠋ᠢᠨ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠯᠢ ᠶᠦᠩ ᠽᠧ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠤᠨ ᠠᠵᠢᠯᠲᠠᠨ ᠯᠢ ᠪᠢᠩ ᠵᠢᠶᠧ᠄ 《ᠶᠡᠷᠦᠩᠬᠡᠶ ᠱᠦᠵᠢ ᠰᠢ᠎ᠶ᠋ᠢᠨ ᠫᠢᠩ᠎ᠤᠨ ᠶᠠᠷᠢᠶ᠎ᠠ ᠥᠨᠳᠥᠷ᠎ᠲᠤ ᠵᠣᠭ᠍ᠰᠣᠨ ᠠᠯᠤᠰ᠎ᠢ ᠪᠡᠷᠡᠯᠡᠵᠦ᠍᠂ ᠬᠥᠮᠦᠰ᠎ᠤᠨ ᠰᠡᠳᠭᠢᠯ᠎ᠢ ᠬᠥᠭ᠌ᠵᠢᠭᠡᠵᠦ᠍᠂ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠥᠪᠥᠷ ᠮᠣᠩᠭᠤᠯ᠎ᠤᠨ ᠬᠥᠭ᠌ᠵᠢᠯᠲᠡ᠎ᠳᠤ ᠴᠢᠭ᠌ᠯᠡᠯ᠎ᠢ ᠵᠢᠭᠠᠨ ᠦᠭ᠌ᠴᠦ᠂ ᠵᠢᠷᠤᠮᠯᠠᠯ ᠬᠠᠩᠭᠠᠨ᠂ ᠶᠡᠷᠦᠩᠬᠡᠶ ᠬᠥᠲᠥᠯᠪᠦᠷᠢ᠎ᠶ᠋ᠢ ᠲᠤᠭ᠍ᠳᠠᠭᠠᠵᠤ ᠦᠭ᠌ᠪᠡ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠵᠤ᠂ ᠨᠠᠷᠢᠯᠢᠭ ᠠᠳᠭᠤᠨ ᠪᠣᠳᠠᠲᠠᠢ ᠬᠢᠬᠦ᠌ ᠬᠡᠷᠡᠭ᠌ᠲᠡᠢ᠃ ᠬᠤᠢᠱᠢᠳᠠ᠎ᠶ᠋ᠢᠨ ᠠᠵᠢᠯ ᠳᠤᠮᠳᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠨ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠬ᠍ᠳᠠᠬᠤᠨ᠎ᠢ ᠪᠠᠲᠤ ᠪᠣᠶ ᠪᠣᠯᠭᠠᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠶᠯᠡᠴᠢᠯᠡᠬᠦ᠌ ᠪᠠ ᠠᠭᠤᠰᠤᠯᠴᠠᠵᠤ᠂ ᠦᠵᠡᠯ ᠰᠠᠨᠠᠭᠠᠨ᠎ᠤ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠨ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠣᠢᠯᠠᠭᠠᠬᠤ ᠴᠢᠳᠠᠪᠤᠷᠢ ᠪᠠ ᠬᠡᠷᠡᠭ᠌ᠵᠢᠭᠦᠯᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠠᠵᠢᠯ᠎ᠤᠨ ᠪᠠᠢᠷᠢ ᠪᠠ ᠠᠵᠢᠯ᠎ᠤᠨ ᠪᠣᠳᠠᠲᠠᠶ ᠪᠠᠢᠳᠠᠯ᠎ᠲᠠᠢ᠎ᠪᠠᠨ ᠤᠶᠠᠯᠳᠤᠭᠤᠯᠤᠨ᠂ ᠠᠵᠢᠯ᠎ᠤᠨ ᠠᠷᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠠᠵᠢᠯ᠎ᠤᠨ ᠰᠡᠳᠭᠢᠮᠵᠢ᠎ᠪᠠᠨ ᠥᠷᠭᠡᠳᠭᠡᠨ᠂ ᠠᠮᠤᠷ ᠠᠮᠤᠭᠤᠯᠠᠩ ᠢᠯᠡᠬᠡᠨ ᠳᠠᠮᠵᠢᠭᠤᠯᠬᠤ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ》 ᠬᠡᠵᠡᠢ᠃
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠭᠠᠵᠠᠷ᠎ᠤᠨ ᠳᠠᠷᠤᠭ᠎ᠠ ᠭᠤᠤ ᠱᠢᠶᠤᠤ ᠸᠧᠶ᠄ 《ᠶᠡᠷᠦᠩᠬᠡᠶ ᠱᠦᠵᠢ ᠰᠢ᠎ᠶ᠋ᠢᠨ ᠫᠢᠩ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠦᠨ᠂ 〈ᠨᠢᠭᠡ ᠪᠦᠰᠡ ᠨᠢᠭᠡ ᠵᠠᠮ〉 ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠢᠳᠡᠪᠬᠢᠲᠡᠶ ᠣᠷᠣᠯᠴᠠᠵᠤ᠂ ᠥᠨᠳᠥᠷ ᠲᠦᠪᠱᠢᠨ ᠪᠥᠬᠦᠶ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠶ᠋ᠢ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠭᠤᠵᠤ᠂ ᠶᠠᠭ ᠠᠵᠢᠯᠯᠠᠭᠠᠨ᠎ᠤ ᠲᠥᠰᠦᠯ ᠪᠠ ᠭᠤᠤᠯᠳᠠᠯᠭ᠎ᠠ᠎ᠲᠠᠢ ᠡᠭᠦᠷᠭᠡ᠎ᠶ᠋ᠢᠨ ᠠᠵᠢᠯ᠎ᠤᠨ ᠬᠤᠪᠢᠶᠠᠷᠢᠯᠠᠯ᠎ᠤᠨ ᠡᠬᠡ ᠲᠠᠩᠰᠠ᠎ᠶ᠋ᠢ ᠲᠣᠭ᠍ᠲᠠᠭᠠᠵᠤ᠂ 〈ᠲᠠᠯᠪᠢᠬᠤ ᠬᠠᠮᠢᠶᠠᠷᠬᠤ ᠦᠶᠯᠡᠴᠢᠯᠡᠬᠦ᠌〉 ᠥᠭᠡᠷᠡᠴᠢᠯᠡᠯᠲᠡ᠎ᠶ᠋ᠢᠨ ᠡᠯ᠎ᠡ ᠵᠦᠶᠯ᠎ᠤᠨ ᠠᠵᠢᠯ᠎ᠤᠨ ᠡᠭᠦᠷᠭᠡ᠎ᠶ᠋ᠢ ᠲᠣᠳᠣᠷᠬᠠᠢᠯᠠᠵᠤ᠂ ᠬᠠᠷᠢᠭᠤᠴᠠᠯᠭ᠎ᠠ ᠪᠠ ᠠᠵᠢᠯ᠎ᠤᠨ ᠬᠤᠪᠢᠶᠠᠷᠢᠯᠠᠯ᠎ᠢ ᠨᠠᠷᠢᠯᠢᠬ᠍ᠵᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠪᠠ ᠪᠡᠶᠡᠯᠡᠭᠦᠯᠬᠦ᠌ ᠴᠠᠭ᠎ᠤᠨ ᠬᠢᠵᠠᠭᠠᠷ᠎ᠢ ᠲᠣᠳᠣᠷᠬᠠᠢᠯᠠᠪᠠ᠃ 〈ᠬᠡᠳᠦᠷᠡᠬᠦ᠌ᠳᠡᠭᠡᠨ ᠨᠢᠬᠡ ᠤᠳᠠᠭ᠎ᠠ ᠬᠦᠶᠦᠯᠬᠡᠬᠦ᠌〉 ᠪᠠᠷ ᠬᠠᠷᠠᠯᠲᠠ ᠪᠣᠯᠭᠠᠵᠤ᠂ 〈ᠢᠨᠲ᠋ᠧᠷ ᠰᠦᠯᠵᠢᠶ᠎ᠠ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ〉 ᠬᠢᠬᠡᠳ 〈ᠨᠢᠬᠡ ᠴᠣᠩᠬᠤᠪᠴᠢ᠎ᠳᠤ ᠭᠦᠶᠴᠡᠳᠭᠡᠬᠦ᠂ ᠨᠢᠭᠡ ᠰᠦᠯᠵᠢᠶ᠎ᠡ᠎ᠪᠠᠷ ᠭᠦᠶᠴᠡᠳᠭᠡᠬᠦ᠂ ᠳᠥᠭᠦᠮᠴᠢᠯᠡᠨ ᠭᠦᠶᠴᠡᠳᠭᠡᠬᠦ᠂ ᠪᠠᠷᠢᠨ ᠭᠦᠶᠴᠡᠳᠭᠡᠬᠦ᠌〉 ᠥᠭᠡᠷᠡᠴᠢᠯᠡᠯᠲᠡ᠎ᠶ᠋ᠢ ᠶᠡᠬᠡᠪᠡᠷ ᠠᠬᠢᠭᠤᠯᠵᠤ᠂ ᠲᠡᠷᠢᠭᠦᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢᠶᠠᠷ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠭ᠌ᠵᠢᠭᠡᠨ᠎ᠡ》 ᠬᠡᠵᠡᠢ᠃
ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶᠠᠨ᠎ᠤ ᠳᠠᠷᠤᠭ᠎ᠠ ᠬᠤ᠌ ᠰᠦ᠋ ᠬᠤᠸᠠ᠄ 《ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠴᠢᠬᠤᠯᠠ ᠵᠢᠯᠣᠭᠤᠳᠭᠤ ᠠᠴᠢ ᠬᠤᠯᠪᠣᠭ᠍ᠳᠠᠯ᠎ᠲᠠᠢ ᠶᠤᠮ᠃ ᠪᠥᠬᠦ᠌ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠱᠢᠰᠲ᠋ᠧᠮ᠎ᠤᠨ᠎ᠬᠢᠨ ᠤᠯᠤᠰ ᠲᠥᠷᠥ᠎ᠶ᠋ᠢ ᠡᠷᠬᠢᠮᠯᠡᠬᠦ᠌ ᠦᠨᠳᠤᠷᠴᠡ᠎ᠠᠴᠠ ᠭᠦᠨᠵᠡᠭᠡᠶ ᠣᠢᠯᠠᠭᠠᠵᠤ᠂ ᠭᠦᠨᠵᠡᠭᠡᠶ ᠲᠤᠭᠤᠱᠢᠯᠠᠭᠤᠯᠤᠨ᠂ ᠭᠦᠨᠵᠡᠭᠡᠶ ᠨᠠᠢᠳᠠᠪᠤᠷᠢᠵᠢᠭᠤᠯᠵᠤ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠵᠢᠯᠣᠭᠤᠳᠣᠭᠤᠯᠬᠤ᠎ᠶ᠋ᠢ ᠪᠠᠷᠢᠮᠲᠠᠯᠠᠵᠤ᠂ ᠠᠵᠢᠯᠯᠠᠭᠠᠨ᠎ᠤ ᠴᠢᠭ᠌ᠯᠡᠯ᠎ᠢ ᠪᠠᠲᠤ ᠡᠵᠡᠮᠳᠡᠵᠦ᠍᠂ 〈ᠭᠠᠢᠯᠢ ᠲᠤᠱᠢᠶᠠᠭ᠍ᠴᠢᠳ ᠰᠦᠶᠳᠭᠡᠯ ᠲᠤᠱᠢᠶᠠᠭ᠍ᠴᠢᠳᠲᠤ ᠪᠣᠳᠠᠲᠤ ᠶᠠᠪᠤᠳᠠᠯ ᠬᠢᠵᠦ᠍ ᠥᠭ᠌ᠬᠦ ᠵᠢᠴᠢ ᠠᠷᠠᠳ᠎ᠲᠤ ᠲᠥᠬᠦᠮ ᠦᠵᠡᠭᠦᠯᠬᠦ᠌ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠦᠴᠢᠷ᠎ᠤᠨ ᠬᠠᠪᠤᠷ᠎ᠤᠨ ᠤᠷᠢᠬᠠᠨ ᠰᠠᠯᠬᠢ ᠠᠵᠢᠯᠯᠠᠭ᠎ᠠ〉 ᠥᠷᠨᠢᠭᠦᠯᠬᠦ᠌ᠯᠦᠭᠡ ᠤᠶᠠᠯᠳᠤᠭᠤᠯᠤᠨ᠂ ᠨᠠᠷᠢᠯᠢᠭ ᠣᠨᠣᠪᠴᠢᠲᠠᠶ ᠬᠠᠤᠯᠢ ᠬᠡᠷᠡᠭ᠌ᠵᠢᠬᠦᠯᠦᠯᠳᠡ᠂ ᠨᠠᠷᠢᠨ ᠨᠢᠮᠪᠠᠢ ᠦᠢᠯᠡᠴᠢᠯᠡᠭᠡ᠂ ᠵᠦᠪ ᠤᠨᠤᠴᠠᠳᠠᠢ ᠬᠢᠨᠠᠨ ᠬᠠᠮᠢᠶᠠᠷᠤᠯᠳᠠ᠂ ᠴᠢᠩ ᠦᠨᠡᠨᠴᠢ᠎ᠪᠠᠷ ᠬᠠᠮᠲᠤ᠎ᠪᠠᠷ ᠵᠠᠰᠠᠬᠤ᠎ᠶ᠋ᠢ ᠭᠦᠨᠵᠡᠭᠡᠶ ᠠᠬᠢᠭᠤᠯᠵᠤ᠂ ᠭᠠᠢᠯᠢ᠎ᠶ᠋ᠢᠨ ᠶᠠᠪᠤᠳᠠᠯ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠭᠠᠢᠯᠢ ᠲᠤᠱᠢᠶᠠᠭ᠍ᠴᠢᠳ ᠪᠠ ᠰᠦᠶᠳᠭᠡᠯ ᠲᠤᠱᠢᠶᠠᠭ᠍ᠴᠢᠳᠤᠨ ᠬᠦᠷᠲᠡᠮᠵᠢ᠎ᠶ᠋ᠢᠨ ᠲᠥᠷᠥᠭ᠌ᠳᠡᠯ᠂ ᠬᠠᠨᠤᠮᠵᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ》 ᠬᠡᠪᠡ᠃
(ᠰᠤᠷᠪᠤᠯᠵᠢᠯᠠᠭ᠍ᠴᠢ ᠯᠢ ᠶᠦᠩ ᠲᠤᠤ ᠸᠠᠩ ᠯᠢᠶᠠᠨ ᠶᠢᠩ ᠹᠧᠩ ᠱᠢᠤᠸᠠᠢ ᠢᠦᠢ ᠯᠢᠶᠠᠩ ᠯᠢᠶᠠᠩ ᠠᠨᠢᠷ ᠭᠤᠤ ᠬᠤᠢ ᠮᠡᠳᠡᠭᠡᠯᠡᠪᠡ)