ᠪᠢ ᠨᠢᠭᠡᠲᠦᠯᠲᠡᠢ ᠨᠠᠢᠷᠠᠭᠤᠯᠤᠭ᠍ᠰᠠᠠ 《ᠬᠡᠯᠡ ᠪᠢᠴᠢᠭ》 ᠎ᠤᠨ ᠬᠢᠴᠢᠶᠡᠯ᠎ᠳᠤ ᠪᠠᠭ᠍ᠠᠲᠠᠢ ᠪᠤᠯᠵᠠᠢ
2021-03-09 11:30:49
ᠵᠣᠬᠢᠶᠠᠭ᠍ᠴᠢ᠄
ᠰᠦ᠋ ᠶᠦᠩ ᠱᠧᠩ
ᠣᠩᠱᠢᠭ᠍ᠰᠠᠨ ᠣᠳᠠᠭ᠎ᠠ᠄
★★★☆☆

ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠵᠦ᠍᠂ ᠬᠥᠬᠡᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠳᠣᠯᠣᠳᠤᠭᠠᠷ ᠣᠨ᠎ᠤ ᠰᠣᠷᠣᠭ᠍ᠴᠢ ᠸᠠᠩ ᠮᠧᠶ ᠯᠢ ᠪᠠᠰᠠ ᠱᠢᠨ᠎ᠡ ᠰᠤᠷᠤᠯᠴᠠᠯᠭ᠎ᠠ᠎ᠪᠠᠨ ᠡᠬᠢᠯᠡᠭᠦᠯᠪᠡ᠃

《ᠨᠢᠭᠡᠳᠦᠯᠲᠡᠶ ᠨᠠᠢᠷᠠᠭᠤᠯᠤᠭ᠍ᠰᠠᠨ 〈ᠬᠡᠯᠡ ᠪᠢᠴᠢᠭ〉 ᠎ᠤᠨ ᠵᠢᠭᠠᠬᠤ ᠮᠠᠲ᠋ᠧᠷᠢᠶᠠᠯ᠎ᠢ ᠰᠤᠷᠤᠭ᠍ᠰᠠᠨ᠎ᠤ ᠳᠠᠷᠠᠭ᠎ᠠ᠂ ᠮᠢᠨᠦ᠍ ᠤᠯᠵᠤ ᠰᠣᠷᠣᠭ᠍ᠰᠠᠨ ᠵᠦᠶᠯ ᠤᠤᠯ᠎ᠤᠨ᠎ᠬᠢ᠎ᠠᠴᠠ ᠠᠷᠪᠢᠨ ᠪᠣᠯᠵᠠᠶ ᠭᠡᠵᠦ᠍ ᠪᠤᠳᠤᠵᠤ ᠪᠠᠢᠨ᠎ᠠ᠃ ᠠᠮᠠᠷᠠᠯᠲᠠ᠎ᠶ᠋ᠢᠨ ᠬᠤᠭᠤᠴᠠᠭᠠᠨ᠎ᠤ ᠰᠤᠷᠤᠯᠴᠠᠯᠭ᠎ᠠ᠎ᠳᠤ᠂ 〈ᠪᠡᠭᠡᠵᠢᠩ᠎ᠤᠨ ᠴᠠᠭᠠᠨ ᠰᠠᠷ᠎ᠠ〉 ᠭᠡᠬᠦ᠌ ᠬᠢᠴᠢᠶᠡᠯ ᠨᠠᠳᠠ᠎ᠳᠤ ᠭᠦᠨ ᠰᠠᠭᠤᠭ᠍ᠳᠠᠯ ᠦᠯᠡᠳᠡᠭᠡᠵᠡᠢ᠃ ᠨᠢᠭᠡᠳᠦᠯᠲᠡᠶ ᠨᠠᠢᠷᠠᠭᠤᠯᠤᠭ᠍ᠰᠠᠨ 〈ᠬᠡᠯᠡ ᠪᠢᠴᠢᠭ〉 ᠎ᠤᠨ ᠵᠢᠭᠠᠬᠤ ᠮᠠᠲ᠋ᠧᠷᠢᠶᠠᠯ ᠵᠩᠡ ᠰᠣᠨᠢᠷᠬᠠᠯᠲᠠᠶ ᠰᠠᠨᠠᠭ᠍ᠳᠠᠵᠦ᠍ ᠪᠠᠢᠨ᠎ᠠ᠂ ᠪᠢ ᠨᠢᠭᠡᠳᠦᠯᠲᠡᠶ ᠨᠠᠢᠷᠠᠭᠤᠯᠤᠭ᠍ᠰᠠᠨ 〈ᠬᠡᠯᠡ ᠪᠢᠴᠢᠭ〉 ᠎ᠤᠨ ᠬᠢᠴᠢᠶᠡᠯ᠎ᠳᠤ ᠶᠡᠭᠡ ᠪᠠᠭ᠍ᠠᠳᠠᠢ》 ᠭᠡᠵᠦ᠍ ᠸᠠᠩ ᠮᠧᠶ ᠯᠢ ᠬᠡᠯᠡᠪᠡ᠃

ᠸᠠᠩ ᠮᠧᠶ ᠯᠢ ᠪᠤᠯ ᠲᠦᠩᠯᠢᠶᠣᠤ ᠬᠤᠲᠠ᠎ᠶ᠋ᠢᠨ ᠬᠤᠷᠴᠢᠨ ᠵᠡᠭᠦᠨ ᠭᠠᠷᠤᠨ ᠬᠤᠢᠲᠤ ᠬᠤᠱᠢᠭᠤᠨ᠎ᠳᠤ ᠨᠤᠳᠤᠭ᠎ᠲᠠᠢ᠂ ᠪᠠᠭ᠎ᠠ ᠰᠤᠷᠭᠠᠭᠤᠯᠢ᠎ᠶ᠋ᠢᠨ ᠬᠤᠶᠠᠳᠤᠭᠠᠷ ᠣᠨ᠎ᠠᠴᠠ ᠡᠬᠢᠯᠡᠨ ᠨᠡᠢᠳᠡᠮ ᠬᠡᠷᠡᠭ᠌ᠯᠡᠬᠦ᠌ ᠦᠭᠡ ᠬᠡᠯᠡ ᠰᠤᠷᠪᠠ᠃ ᠵᠢᠷᠭᠤᠳᠤᠭᠠᠷ ᠣᠨ᠎ᠤ ᠳᠣᠤᠷ᠎ᠠ ᠬᠤᠭᠤᠴᠠᠭ᠎ᠠ ᠲᠡᠷᠡ ᠡᠵᠢ᠎ᠲᠠᠢ᠎ᠪᠠᠨ ᠬᠠᠮᠲᠤ ᠬᠥᠬᠡᠬᠤᠲᠠ᠎ᠳᠤ ᠢᠷᠡᠵᠡᠢ᠃ ᠸᠠᠩ ᠮᠧᠶ ᠯᠢ᠎ᠶ᠋ᠢᠨ ᠡᠵᠢ᠎ᠨᠢ ᠡᠳᠦᠷ ᠪᠦᠷᠢ ᠠᠵᠢᠯ᠎ᠳᠠᠭᠠᠨ ᠶᠠᠭᠠᠷᠠᠭᠠᠳ ᠬᠡᠤᠬᠡᠨ᠎ᠢᠶᠠᠨ ᠬᠠᠷᠠᠭᠠᠯᠵᠠᠬᠤ ᠴᠠᠭ ᠥᠬᠡᠶ ᠪᠣᠯᠬᠤᠷ᠂ ᠰᠤᠷᠭᠠᠭᠤᠯᠢ᠎ᠶ᠋ᠢᠨ ᠪᠠᠢᠷᠢ᠎ᠳᠤ ᠰᠠᠭᠤᠬ᠍ᠰᠠᠨ ᠸᠠᠩ ᠮᠧᠶ ᠯᠢ ᠦᠷᠭᠦᠯᠵᠢ ᠬᠠᠮᠲᠤ ᠰᠤᠷᠤᠭ᠍ᠴᠢᠳ᠎ᠲᠠᠢ᠎ᠪᠠᠨ ᠰᠤᠷᠤᠯᠴᠠᠳᠠᠭ ᠪᠠᠢᠯ᠎ᠠ᠃ ᠣᠳᠣ ᠲᠡᠷᠡ ᠨᠢᠭᠡᠨᠲᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠣᠯᠠᠨ᠎ᠲᠠᠢ ᠴᠢᠯᠥᠭᠡᠲᠡᠶ ᠶᠠᠷᠢᠯᠴᠠᠵᠤ ᠴᠢᠳᠠᠬᠤ ᠪᠣᠯᠵᠠᠶ᠃

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠪᠠᠯ ᠨᠡᠩ ᠤᠯᠠᠨ ᠮᠡᠳᠡᠯᠭᠡ᠎ᠶ᠋ᠢ ᠡᠵᠡᠮᠱᠢᠵᠦ᠍ ᠳᠡᠢᠯᠦᠨ᠎ᠠ᠂ ᠢᠷᠡᠭᠡᠳᠦᠢ᠎ᠶ᠋ᠢᠨ ᠰᠤᠷᠤᠯᠴᠠᠯᠭ᠎ᠠ ᠪᠠ ᠠᠵᠢᠯ᠎ᠳᠤ ᠨᠡᠩ ᠤᠯᠠᠨ ᠰᠣᠩᠭᠤᠯᠲᠠ᠎ᠲᠠᠢ ᠪᠤᠯᠵᠤ ᠳᠡᠢᠯᠦᠨ᠎ᠠ》 ᠭᠡᠵᠦ᠍ ᠸᠠᠩ ᠮᠧᠶ ᠯᠢ    ᠬᠡᠯᠡᠪᠡ᠃

ᠸᠠᠩ ᠮᠧᠶ ᠯᠢ ᠪᠠᠢᠷᠢ᠎ᠳᠤ ᠰᠠᠭᠤᠭ᠍ᠰᠠᠨ᠎ᠤ ᠳᠠᠷᠠᠭ᠎ᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠤᠷᠤᠯᠴᠠᠬᠤ ᠪᠠ ᠬᠡᠷᠡᠭ᠌ᠯᠡᠬᠦ᠌ ᠲᠠᠯ᠎ᠠ᠎ᠪᠠᠷ ᠮᠠᠰᠢ ᠶᠡᠭᠡ ᠳᠠᠪᠱᠢᠯᠲᠠ᠎ᠲᠠᠢ ᠪᠣᠯᠵᠠᠶ᠂ ᠮᠢᠨᠤ ᠬᠡᠦᠬᠡᠨ᠎ᠤ ᠪᠡᠶ᠎ᠡ᠎ᠪᠠᠨ ᠳᠠᠭᠠᠭᠠᠬᠤ ᠴᠢᠳᠠᠪᠤᠷᠢ᠎ᠨᠢ ᠮᠠᠰᠢ ᠰᠠᠢᠨ᠂ ᠰᠤᠷᠤᠯᠭ᠎ᠠ᠎ᠳᠠᠭᠠᠨ ᠴᠤ᠌ ᠶᠡᠭᠡ ᠴᠢᠷᠮᠠᠢᠳᠠᠭ᠂ ᠬᠡᠤᠬᠡᠡ ᠮᠢᠨᠢ ᠰᠠᠢᠲᠤᠷ ᠰᠤᠷᠤᠯᠴᠠᠵᠤ᠂ ᠰᠠᠢᠨ ᠰᠠᠢᠬᠠᠨ ᠢᠷᠡᠬᠡᠳᠦᠢ᠎ᠲᠠᠢ ᠪᠤᠯᠬᠤ᠎ᠶ᠋ᠢ ᠬᠦᠰᠡᠵᠦ᠍ ᠪᠠᠢᠨ᠎ᠠ ᠭᠡᠵᠦ᠍ ᠸᠠᠩ ᠮᠧᠢ ᠯᠢ᠎ᠶ᠋ᠢᠨ ᠡᠵᠢ ᠲᠢᠶᠠᠨ ᠮᠧᠢ ᠰᠤᠷᠪᠤᠯᠵᠢᠯᠠᠬ᠍ᠴᠢ᠎ᠳᠤ ᠶᠠᠷᠢᠯ᠎ᠠ᠃

ᠸᠠᠩ ᠮᠧᠶ ᠯᠢ᠎ᠶ᠋ᠢᠨ 《ᠬᠡᠯᠡ ᠪᠢᠴᠢᠭ》 ᠎ᠤᠨ ᠪᠠᠭ᠍ᠰᠢ ᠰᠤᠷᠭᠤᠭ᠄ 《ᠰᠤᠷᠤᠭ᠍ᠴᠢᠳ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠴᠤ᠌᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠤᠷᠤᠯᠴᠠᠬᠤ᠎ᠨᠢ ᠲᠡᠳᠡᠨ᠎ᠤ ᠤᠯᠤᠰ᠎ᠢᠶᠠᠨ ᠬᠠᠢᠷᠠᠯᠠᠬᠤ ᠦᠵᠡᠯ᠎ᠤᠨ ᠵᠣᠷᠢᠭ ᠰᠠᠨᠠᠭ᠎ᠠ᠎ᠶ᠋ᠢ ᠬᠥᠮᠦᠵᠢᠭᠦᠯᠬᠦ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠤᠨ ᠦᠵᠡᠯᠲᠡ᠎ᠶ᠋ᠢ ᠪᠣᠶ ᠪᠣᠯᠭᠠᠬᠤ᠂ ᠶᠣᠰᠣ ᠮᠣᠷᠠᠯ᠎ᠲᠠᠢ ᠦᠨᠡᠨᠴᠢ ᠢᠲᠡᠭᠡᠮᠵᠢᠲᠡᠶ ᠵᠠᠩ ᠴᠢᠨᠠᠷ᠎ᠢ ᠬᠥᠮᠦᠵᠢᠭᠦᠯᠬᠦ᠌᠎ᠳᠤ ᠶᠡᠭᠡ ᠲᠤᠰᠠ ᠪᠣᠯᠤᠨ᠎ᠠ᠃ ᠲᠡᠳᠡᠨ᠎ᠤ ᠬᠤᠢᠱᠢᠳᠠ ᠠᠵᠢᠯ᠎ᠳᠤ ᠣᠷᠣᠯᠴᠠᠵᠤ᠂ ᠨᠡᠢᠭᠡᠮ᠎ᠳᠤ ᠭᠠᠷᠴᠤ᠌᠂ ᠦᠰᠦᠨ ᠪᠤᠢᠵᠢᠵᠤ ᠴᠢᠳᠠᠪᠤᠷᠢᠲᠠᠨ ᠪᠣᠯᠬᠤ᠎ᠳᠤ ᠴᠤ᠌ ᠶᠡᠭᠡ ᠦᠢᠯᠡᠳᠦᠯ ᠦᠵᠡᠭᠦᠯᠬᠦ᠌᠎ᠨᠢ ᠯᠠᠪᠲᠠᠢ ᠶᠤᠮ᠃ ᠪᠠᠭ᠍ᠰᠢ ᠪᠣᠯᠤᠭ᠍ᠰᠠᠨ᠎ᠤ ᠬᠤᠪᠢ᠎ᠳᠤ᠂ ᠡᠳᠦᠷ ᠲᠤᠲᠤᠮ᠎ᠤᠨ ᠵᠢᠭᠠᠨ ᠰᠤᠷᠭᠠᠯᠲᠠ᠎ᠶ᠋ᠢᠨ ᠠᠵᠢᠯ᠎ᠢ ᠰᠠᠢᠲᠤᠷ ᠬᠢᠬᠦ᠌᠎ᠠᠴᠠ ᠭᠠᠳᠠᠨ᠎ᠠ᠂ ᠪᠢᠳᠡ ᠪᠠᠰᠠ ᠨᠠᠩ ᠣᠯᠠᠨ ᠴᠠᠭ᠎ᠢᠶᠠᠨ ᠰᠤᠷᠤᠭ᠍ᠴᠢᠳ᠎ᠤᠨ ᠳᠤᠷ᠎ᠠ ᠪᠠᠬ᠎ᠠ ᠪᠠ ᠰᠤᠷᠤᠯᠴᠠᠬᠤ ᠳᠠᠳᠭᠠᠯ᠎ᠢ ᠬᠥᠮᠦᠵᠢᠭᠦᠯᠬᠦ᠌ ᠳᠡᠭᠡᠷ᠎ᠡ ᠲᠠᠯᠪᠢᠵᠤ᠂ ᠲᠡᠳᠡᠨ᠎ᠤ ᠨᠠᠩ ᠣᠯᠠᠨ ᠰᠣᠩᠭᠤᠳᠠᠭ ᠵᠤᠬᠢᠶᠠᠯ ᠪᠦᠲᠦᠭᠡᠯ ᠤᠩᠱᠢᠵᠤ᠂ ᠢᠯᠡᠭᠦᠬᠡᠨ ᠨᠣᠮ ᠪᠢᠴᠢᠭ ᠤᠩᠱᠢᠵᠤ᠂ ᠰᠠᠢᠨ ᠨᠣᠮ ᠪᠢᠴᠢᠭ ᠤᠩᠱᠢᠵᠤ᠂ ᠨᠣᠮ ᠤᠩᠱᠢᠬᠤ ᠶᠠᠪᠤᠴᠠ᠎ᠳᠠᠭᠠᠨ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠤᠨ ᠱᠢᠮ᠎ᠡ ᠲᠡᠵᠢᠭᠡᠯ᠎ᠢ ᠬᠦᠷᠲᠡᠵᠤ᠂ ᠢᠷᠡᠭᠡᠳᠦᠶ᠎ᠳᠤ ᠨᠡᠢᠭᠡᠮ᠎ᠳᠤ ᠭᠠᠷᠬᠤ᠎ᠳᠤ ᠪᠠᠲᠤ ᠰᠠᠭᠤᠷᠢ᠎ᠶ᠋ᠢ ᠲᠠᠯᠪᠢᠬᠤ᠎ᠶ᠋ᠢ ᠬᠦᠲᠦᠯᠦᠨ ᠵᠢᠯᠤᠭᠤᠳᠤᠨ᠎ᠠ》 ᠬᠡᠵᠦ᠍ ᠬᠡᠯᠡᠪᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号