ᠳᠤᠮᠳᠠᠳᠤ ᠤᠯᠤᠰ᠎ᠤᠨ ᠶᠠᠨ ᠱ᠌ᠢ ᠬᠡᠪᠯᠡᠯ᠎ᠤᠨ ᠬᠤᠷᠢᠶ᠎ᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠎ᠤᠨ ᠰᠤᠷᠤᠯᠴᠠᠯᠭ᠎ᠠ᠎ᠶ᠋ᠢᠨ ᠬᠠᠪᠰᠤᠷᠤᠨ ᠵᠢᠯᠣᠭᠤᠳᠭᠤ ᠱᠢᠷᠢᠰ ᠨᠣᠮ ᠪᠢᠴᠢᠭ᠎ᠢ ᠬᠡᠪᠯᠡᠭᠦᠯᠤᠨ ᠲᠠᠷᠬᠠᠭᠠᠪᠠ
2021-04-01 09:57:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠷᠠᠳ ᠤᠯᠠᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠎ᠢ ᠰᠤᠷᠤᠯᠴᠠᠨ ᠣᠢᠯᠠᠭᠠᠬᠤ ᠱᠠᠭᠠᠷᠳᠠᠯᠭ᠎ᠠ᠎ᠶ᠋ᠢ ᠬᠠᠩᠭᠠᠬᠤ᠎ᠶ᠋ᠢᠨ ᠲᠥᠯᠥᠭᠡ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠰᠤᠳᠤᠯᠬᠤ ᠲᠠᠰᠤᠭ᠎ᠤᠨ ᠨᠠᠢᠷᠠᠭᠤᠯᠤᠨ ᠪᠢᠴᠢᠭ᠌ᠰᠡᠨ 《ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ 〈ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ〉 ᠎ᠤᠨ ᠰᠤᠷᠤᠯᠴᠠᠯᠭ᠎ᠠ᠎ᠶ᠋ᠢᠨ ᠠᠰᠠᠭᠤᠯᠲᠠ ᠬᠠᠷᠢᠭᠤᠯᠲᠠ》 ᠪᠣᠯᠤᠨ 《2021 ᠲᠦᠷᠦ᠎ᠶ᠋ᠢᠨ ᠪᠤᠳᠤᠯᠭ᠎ᠠ᠎ᠶ᠋ᠢᠨ ᠬᠠᠯᠠᠮᠱᠢᠯ ᠠᠰᠠᠭᠤᠳᠠᠯ》 ᠎ᠢ ᠤᠢ᠍ᠢᠷ᠎ᠠ᠎ᠳᠤ ᠳᠤᠮᠳᠠᠳᠤ ᠤᠯᠤᠰ᠎ᠤᠨ ᠶᠠᠨ ᠱ᠌ᠢ ᠬᠡᠪᠯᠡᠯ᠎ᠤᠨ ᠬᠤᠷᠢᠶ᠎ᠠ᠎ᠠᠴᠠ ᠬᠡᠪᠯᠡᠭᠦᠯᠵᠦ᠍ ᠪᠦᠬᠦ᠌ ᠤᠯᠤᠰ᠎ᠲᠤ ᠢᠯᠡ᠎ᠪᠠᠷ ᠲᠠᠷᠬᠠᠭᠠᠪᠠ᠃ ᠡᠭᠦᠨ᠎ᠤ ᠬᠠᠮᠲᠤ᠌᠂ ᠤᠶᠤᠲᠠᠳ᠎ᠤᠨ ᠱᠠᠭᠠᠷᠳᠠᠯᠭ᠎ᠠ᠎ᠶ᠋ᠢ ᠬᠠᠩᠭᠠᠬᠤ ᠵᠢᠴᠢ ᠨᠠᠩ ᠣᠯᠠᠨ ᠭᠠᠳᠠᠭᠠᠳᠤ᠎ᠶ᠋ᠢᠨ ᠤᠩᠱᠢᠭ᠍ᠴᠢᠳ᠎ᠲᠤ ᠳᠤᠮᠳᠠᠳᠤ ᠤᠯᠤᠰ᠎ᠢ ᠣᠢᠯᠠᠭᠠᠭᠤᠯᠬᠤ᠎ᠶ᠋ᠢᠨ ᠲᠥᠯᠥᠭᠡ᠂ ᠳᠤᠮᠳᠠᠳᠤ ᠤᠯᠤᠰ᠎ᠤᠨ ᠶᠠᠨ ᠱ᠌ᠢ ᠬᠡᠪᠯᠡᠯ᠎ᠤᠨ ᠬᠤᠷᠢᠶ᠎ᠠ ᠪᠠᠰᠠ 《ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ 〈ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ〉 ᠎ᠤᠨ ᠤᠶᠤᠲᠠᠳ᠎ᠤᠨ ᠤᠩᠱᠢᠬᠤ ᠪᠢᠴᠢᠭ》 《ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ 〈ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ〉 ᠎ᠤᠨ ᠲᠠᠢᠯᠤᠮᠵᠢ》 ᠎ᠶ᠋ᠢᠨ ᠠᠩᠭ᠌ᠯᠢ ᠬᠡᠯᠡᠨ᠎ᠤ ᠬᠡᠪᠯᠡᠯ ᠪᠠ ᠶᠠᠫᠣᠨ ᠬᠡᠯᠡᠨ᠎ᠤ ᠬᠡᠪᠯᠡᠯ ᠵᠡᠷᠭᠡ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠎ᠤᠨ ᠰᠤᠷᠤᠯᠴᠠᠯᠭ᠎ᠠ᠎ᠶ᠋ᠢᠨ ᠬᠠᠪᠰᠤᠷᠤᠨ ᠵᠢᠯᠣᠭᠤᠳᠭᠤ ᠲᠥᠷᠥᠯ᠎ᠤᠨ ᠨᠣᠮ ᠪᠢᠴᠢᠭ᠎ᠢ ᠬᠡᠪᠯᠡᠭᠦᠯᠤᠨ ᠲᠠᠷᠬᠠᠭᠠᠬᠤ ᠪᠣᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号