ᠬᠢᠩᠭᠠᠨ᠎ᠤ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ᠎ᠤᠨ ᠭᠦᠩᠵᠦ᠍ ᠯᠢᠩ ᠮᠠᠯ ᠠᠵᠤ ᠠᠬᠤᠶ ᠲᠠᠷᠢᠶᠠᠯᠠᠩ᠎ᠤᠨ ᠬᠢᠵᠠᠭᠠᠷᠲᠤ ᠺᠣᠮᠫᠠᠨᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠬᠦ᠌᠎ᠶ᠋ᠢᠨ ᠲᠥᠯᠥᠭᠡ 《ᠠᠵᠢᠯᠲᠠᠨ ᠠᠵᠢᠯᠴᠢᠨ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠶ᠋ᠢ ᠦᠢᠯᠡᠳᠦᠯᠭᠡᠵᠢᠭᠦᠯᠬᠦ᠌ ᠪᠠ ᠲᠠᠷᠢᠶᠠᠯᠠᠩ ᠦᠢᠯᠡᠳᠪᠦᠷᠢᠯᠡᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠡᠷᠲᠡ ᠲᠥᠯᠥᠪᠯᠡᠵᠦ᠍ ᠡᠷᠲᠡ ᠳᠠᠢᠴᠢᠯᠠᠠ ᠡᠷᠲᠡ ᠲᠣᠬᠢᠷᠠᠭᠤᠯᠬᠤ ᠢᠳᠡᠪᠬᠢᠲᠡᠶ ᠠᠷᠭ᠎ᠠ᠎ᠪᠠᠷ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠢᠶᠠᠨ ᠰᠠᠢᠲᠤᠷ ᠬᠢᠵᠦ᠍᠂ ᠲᠠᠷᠢᠶᠠᠯᠠᠩ᠎ᠤᠨ ᠡᠯᠪᠡᠭ ᠬᠤᠷᠢᠶᠠᠯᠲᠠ ᠤᠯᠬᠤ᠎ᠳᠤ ᠰᠠᠢᠨ ᠰᠠᠭᠤᠷᠢ ᠲᠡᠯᠪᠢᠵᠦ᠍ ᠪᠠᠢᠨ᠎ᠠ᠃
1 ᠰᠠᠷ᠎ᠠ᠎ᠠᠴᠠ ᠡᠬᠢᠯᠡᠨ ᠲᠣᠰ ᠲᠠᠯᠠᠪᠠᠢ᠎ᠶ᠋ᠢᠨ ᠠᠵᠢᠯᠲᠠᠨ ᠠᠵᠢᠯᠴᠢᠨ ᠢᠳᠡᠪᠬᠢᠲᠡᠶ ᠬᠥᠳᠡᠯᠦᠯᠴᠡᠵᠦ᠍᠂ ᠴᠠᠭ ᠲᠣᠬᠢᠶᠠᠯ᠎ᠢ ᠠᠮᠵᠢᠨ ᠢᠯᠡᠭᠦᠴᠡ ᠠᠮᠤ ᠪᠤᠳᠠᠭ᠎ᠠ᠎ᠪᠠᠨ ᠬᠤᠳᠠᠯᠳᠤᠬᠤ᠎ᠶ᠋ᠢᠨ ᠬᠠᠮᠲᠤ 《ᠰᠦᠯᠵᠢᠶᠡᠨ ᠳᠡᠭᠡᠷ᠎ᠡ + ᠪᠤᠳᠠᠳᠤ ᠴᠤᠬ᠍ᠴᠡ》 ᠶ᠋ᠢᠨ ᠬᠡᠯᠪᠡᠷᠢ᠎ᠪᠠᠷ ᠲᠡᠷᠢᠶᠠᠠ ᠦᠷ᠎ᠡ᠂ ᠬᠢᠮᠢ᠎ᠶ᠋ᠢᠨ ᠪᠣᠷᠲᠣᠭᠤᠷ ᠵᠡᠷᠭᠡ ᠬᠠᠪᠤᠷ᠎ᠤᠨ ᠲᠠᠷᠢᠶᠠᠯᠠᠭ᠎ᠠ᠎ᠶ᠋ᠢᠨ ᠬᠡᠷᠡᠭ᠌ᠰᠡᠯ᠎ᠢ ᠤᠷᠢᠳᠴᠢᠯᠠᠨ ᠬᠤᠳᠠᠯᠳᠤᠨ ᠠᠪᠴᠠᠶ᠃ 《ᠵᠢᠯ᠎ᠠᠴᠠ ᠡᠮᠦᠨ᠎ᠡ ᠰᠦᠯᠵᠢᠶ᠎ᠡ᠎ᠪᠠᠷ ᠵᠠᠬᠢᠶᠠᠯᠠᠵᠥ᠍ ᠠᠪᠤᠭ᠍ᠰᠠᠨ 2.5 ᠲᠣᠨ ᠬᠢᠮᠢ᠎ᠶ᠋ᠢᠨ ᠪᠣᠷᠲᠣᠭᠤᠷ᠎ᠢ ᠡᠮᠤᠨ᠎ᠠ ᠬᠤᠶᠡᠷ ᠡᠳᠦᠷ ᠬᠡᠷ᠎ᠲᠤ ᠬᠦᠷᠭᠡᠵᠦ᠍ ᠢᠷᠡᠵᠡᠢ᠂ ᠣᠲᠣ ᠬᠠᠪᠤᠷ᠎ᠤᠨ ᠲᠠᠷᠢᠶᠠᠯᠠᠭ᠎ᠠ᠎ᠳᠤ ᠬᠡᠷᠡᠭ᠌ᠰᠡᠬᠦ᠌ ᠴᠠᠢᠶᠢᠦ ᠲᠣᠰᠣ᠂ ᠲᠡᠷᠢᠶᠠᠠ ᠦᠷ᠎ᠡ ᠪᠦᠷᠢᠠ ᠪᠤᠯᠵᠥ᠍ ᠲᠡᠷᠢᠬᠤ᠎ᠶ᠋ᠢ ᠯᠡ ᠬᠦᠯᠢᠶᠡᠵᠦ᠍ ᠪᠠᠢᠨ᠎ᠠ》 ᠬᠡᠵᠥ᠍ ᠨᠢᠭᠡᠳᠦᠭᠡᠷ ᠦᠢᠯᠡᠳᠪᠦᠷᠢᠯᠡᠯ᠎ᠤᠨ ᠪᠠᠷᠢᠭᠠᠳᠠ᠎ᠶ᠋ᠢᠨ ᠠᠵᠢᠯᠲᠠᠨ ᠵᠠᠩ ᠢᠦᠢ ᡁᠢ ᠪᠠᠶᠠᠷᠳᠠᠢᠬᠠᠠ ᠶᠠᠷᠢᠨ᠎ᠠ᠃
ᠣᠳᠣ ᠪᠣᠯᠲᠠᠯ᠎ᠠ᠂ ᠲᠣᠰ ᠲᠠᠯᠠᠪᠠᠶ 925 ᠲᠣᠨ ᠬᠢᠮᠢ᠎ᠶ᠋ᠢᠨ ᠪᠣᠷᠲᠣᠭᠤᠷ᠂ 129 ᠲᠣᠨ ᠴᠠᠢᠶᠢᠦ ᠲᠣᠰᠣ᠂ 5.6 ᠲᠦᠮᠡᠨ ᠵᠢᠩ ᠡᠷᠳᠡᠨᠢ ᠱᠢᠰᠢ᠎ᠶ᠋ᠢᠨ ᠦᠷ᠎ᠡ ᠬᠤᠳᠠᠯᠳᠤᠨ ᠠᠪᠴᠠᠶ᠃ 3 ᠰᠠᠷ᠎ᠠ᠎ᠳᠤ᠂ ᠲᠣᠰ ᠲᠠᠯᠠᠪᠠᠢ᠎ᠶ᠋ᠢᠨ ᠬᠡᠪᠴᠢᠶᠡᠵᠢᠭᠦᠯᠦᠭ᠌ᠰᠡᠨ ᠡᠵᠡᠩᠨᠡᠯᠲᠡ ᠬᠠᠮᠢᠶᠠᠷᠤᠯᠲᠠ᠎ᠶ᠋ᠢᠨ ᠣᠷᠣᠨ᠎ᠤ ᠠᠵᠢᠯᠲᠠᠳ ᠬᠠᠭᠠᠯᠪᠤᠷᠢᠯᠠᠬᠤ ᠦᠬᠡᠢ᠎ᠪᠠᠷ ᠲᠡᠷᠢᠬᠤ ᠮᠠᠱᠢᠨ ᠵᠡᠷᠭᠡ ᠲᠣᠮᠣ ᠬᠡᠯᠪᠡᠷᠢ᠎ᠶ᠋ᠢᠨ ᠮᠠᠱᠢᠨ᠎ᠢᠶᠠᠨ ᠰᠠᠯᠪᠢᠠ ᠵᠠᠰᠠᠵᠥ᠍ ᠪᠡᠯᠡᠬᠡᠡ ᠪᠤᠯᠭᠠᠪᠠ᠃ ᠲᠤᠰ ᠲᠠᠯᠠᠪᠠᠶ᠎ᠶ᠋ᠢᠨ ᠲᠠᠷᠢᠶᠠᠯᠠᠩ᠎ᠤᠨ ᠮᠠᠱᠢᠨ ᠪᠠᠭᠠᠵᠢ᠎ᠶ᠋ᠢ ᠪᠠᠢᠴᠠᠭᠠᠨ ᠵᠠᠰᠠᠭ᠍ᠰᠠᠨ ᠨᠣᠷᠮ᠎ᠠ 85% ᠳᠤ ᠬᠦᠷᠴᠡᠶ᠃ ᠠᠵᠢᠯᠲᠠᠨ ᠠᠵᠢᠯᠴᠢᠨ᠎ᠢ ᠬᠠᠪᠰᠤᠷᠤᠨ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ ᠲᠣᠰ ᠲᠠᠯᠠᠪᠠᠶ ᠲᠠᠷᠢᠶᠠᠯᠠᠩ᠎ᠤᠨ ᠲᠤᠰᠭᠠᠶ ᠮᠡᠷᠭᠡᠵᠢᠯᠲᠡᠨ᠎ᠢ ᠪᠠᠷᠢᠭᠠᠳᠠ᠎ᠳᠤ ᠤᠷᠢᠠ᠂ ᠲᠠᠷᠢᠮᠠᠯ᠎ᠤᠨ ᠱᠢᠨ᠎ᠡ ᠮᠡᠷᠭᠡᠵᠢᠯ᠂ ᠨᠠᠢᠷᠠᠯᠭ᠎ᠠ᠎ᠲᠠᠢ ᠪᠣᠷᠲᠣᠭᠤᠷ ᠣᠷᠣᠭᠤᠯᠬᠤ᠂ ᠲᠠᠷᠢᠶᠠᠯᠠᠩ᠎ᠤᠨ ᠮᠠᠱᠢᠨ ᠪᠠᠭᠠᠵᠢ ᠬᠡᠷᠡᠭ᠌ᠯᠡᠬᠦ᠌ ᠵᠡᠷᠭᠡ ᠮᠡᠷᠭᠡᠵᠢᠯ᠎ᠤᠨ ᠦᠢᠯᠡᠴᠢᠯᠡᠭᠡ ᠬᠠᠩᠭᠠᠵᠤ᠂ ᠲᠠᠷᠢᠶᠠᠯᠠᠩ ᠦᠢᠯᠡᠳᠪᠦᠷᠢᠯᠡᠯ᠎ᠳᠤ ᠲᠤᠯᠭᠠᠷᠠᠭ᠍ᠰᠠᠨ ᠮᠡᠷᠭᠡᠵᠢᠯ᠎ᠤᠨ ᠬᠦᠴᠢᠷ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠎ᠤᠨ ᠤᠷ᠎ᠠ ᠴᠢᠳᠠᠪᠤᠷᠢ᠎ᠶ᠋ᠢ ᠨᠡᠮᠡᠭ᠌ᠳᠡᠭᠦᠯᠪᠡ᠃ ᠲᠣᠰ ᠲᠠᠯᠠᠪᠠᠶ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠨ᠎ᠢ 4 ᠤᠳᠠᠭ᠎ᠠ ᠵᠣᠬᠢᠶᠠᠨ ᠪᠠᠢᠭᠤᠯᠵᠤ᠂ 100 ᠭᠠᠷᠤᠶ ᠬᠥᠮᠦᠨ᠎ᠳᠤ ᠪᠣᠯᠪᠠᠰᠤᠷᠠᠯ ᠬᠦᠷᠳᠡᠬᠡᠪᠠ᠃