ᠨᠠᠮ᠎ᠤᠨ ᠠᠴᠢ᠎ᠪᠠᠷ ᠰᠡᠤᠡᠬᠢᠯ ᠲᠡᠨᠢᠬᠦᠨ ᠠᠮᠢᠳᠤᠷᠠᠨ᠎ᠡ
2021-04-11 10:18:33
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

ᠵᠠᠯᠠᠢᠳ ᠬᠤᠱᠢᠭᠤᠨ᠎ᠤ ᠢᠨᠳᠡᠷ ᠪᠠᠯᠭᠠᠰᠤ᠎ᠶ᠋ᠢᠨ ᠠᠯᠲᠠᠨᠬᠤᠸᠠ ᠭᠠᠴᠠᠭ᠎ᠠ᠎ᠪᠠᠷ ᠠᠶᠠᠯᠠᠬᠤ᠎ᠳᠤ ᠲᠡᠭ᠌ᠰᠢ ᠰᠠᠷᠠᠭᠤᠯ ᠴᠠᠷᠳᠠᠮᠠᠯ ᠵᠠᠮ ᠳᠦᠷᠪᠡᠨ ᠵᠦᠭ ᠨᠠᠢ᠍ᠮᠠᠨ ᠵᠤᠪᠬᠢᠰ᠎ᠲᠤ ᠨᠡᠪᠲᠡᠷᠡᠵᠦ᠍᠂ ᠲᠠᠷᠢᠶᠠᠴᠢᠨ ᠠᠢᠯ᠎ᠤᠨ ᠬᠡᠷ ᠪᠠᠢᠱᠢᠩ ᠲᠡᠷᠢ ᠲᠡᠭ᠌ᠰᠢ ᠬᠦᠷᠢᠶ᠎ᠡ ᠬᠠᠱᠢᠶ᠎ᠡ ᠴᠡᠪᠡᠷ ᠴᠡᠮᠴᠡᠭᠡᠷ ᠪᠠᠢᠵᠤ᠂ ᠶᠠᠳᠠᠭᠤ᠎ᠠᠴᠠ ᠠᠩᠭᠢᠵᠢᠷᠠᠵᠤ ᠪᠠᠶᠠᠵᠢᠯ᠎ᠤᠨ ᠵᠠᠮ᠎ᠢᠶᠠᠨ ᠡᠯᠬᠦᠭ᠌ᠰᠡᠨ ᠭᠠᠴᠠᠭᠠᠨ᠎ᠤ ᠠᠷᠠᠳ᠎ᠤᠨ ᠴᠢᠷᠠᠢ᠎ᠳᠤ ᠪᠠᠶᠠᠷ ᠵᠢᠷᠭᠠᠯ᠎ᠤᠨ ᠮᠦᠱᠢᠶᠡᠳᠤ ᠲᠣᠳᠣᠷᠠᠨ᠎ᠠ᠃

ᠠᠯᠲᠠᠨᠬᠤᠸᠠ ᠭᠠᠴᠠᠭ᠎ᠠ ᠵᠠᠯᠠᠢᠳ ᠬᠤᠱᠢᠭᠤᠨ᠎ᠤ ᠢᠨᠳᠡᠷ ᠪᠠᠯᠭᠠᠰᠤ᠎ᠠᠴᠠ ᠪᠠᠷᠠᠭᠤᠨ ᠬᠤᠢᠰᠢ 35 ᠺᠢᠯᠣᠮᠧᠲᠷ ᠵᠠᠢᠲᠠᠶ ᠪᠠᠢᠷᠢᠯᠠᠵᠤ᠂ ᠤᠤᠯ᠎ᠳᠠᠭᠠᠨ ᠲᠠᠩᠰᠠᠯᠠᠵᠦ᠍ ᠺᠠᠷᠳ᠋ᠯᠠᠬ᠍ᠰᠠᠨ 117 ᠶᠠᠳᠠᠭᠤ ᠬᠦᠴᠢᠷᠳᠡᠯᠲᠡᠶ ᠡᠷᠦᠬᠡ᠎ᠲᠠᠢ ᠪᠠᠢᠵᠠᠢ᠃ ᠤᠯᠤᠰ ᠤᠷᠤᠨ ᠠᠢᠮᠠᠭ ᠬᠤᠱᠢᠭᠤᠨ᠎ᠤ ᠵᠢᠯᠤᠭᠤᠳᠤᠯᠭ᠎ᠠ ᠲᠠᠮᠵᠢᠯᠬᠡ ᠪᠠ ᠭᠠᠴᠠᠭᠠᠨ᠎ᠤ ᠨᠡᠮ᠎ᠤᠨ ᠡᠬᠦᠷ᠎ᠤᠨ ᠱᠢᠭᠤᠳ ᠲᠠᠭᠠᠭᠤᠯᠭ᠎ᠠ ᠲᠤᠤᠷ᠎ᠠ᠂ ᠠᠯᠲᠠᠨᠬᠤᠸᠠ ᠭᠠᠴᠠᠭ᠎ᠠ᠎ᠶ᠋ᠢᠨ᠎ᠬᠢᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠲᠠᠢᠯᠠᠯᠳᠤᠭᠠᠨ ᠦᠷᠨᠢᠬᠦᠯᠵᠤ ᠴᠢᠨᠡᠬᠡᠯᠢᠭ ᠠᠮᠢᠳᠤᠷᠠᠯ᠎ᠢ ᠪᠦᠬᠦ᠌ ᠬᠦᠴᠦᠨ᠎ᠢᠶᠠᠷ ᠴᠤᠭ᠍ᠴᠠᠯᠠᠭ᠍ᠰᠠᠨ ᠪᠠᠢᠨ᠎ᠠ᠃ 2019 ᠣᠨ᠎ᠤ ᠰᠡᠬᠦᠯᠴᠢ ᠪᠤᠯᠬᠤ᠎ᠳᠤ ᠪᠥᠬᠦ᠌ ᠭᠠᠴᠠᠭᠠᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ ᠭᠠᠴᠠᠭᠠᠨ᠎ᠤ ᠠᠷᠠᠳ᠎ᠤᠨ ᠬᠦᠮᠦᠨ ᠲᠤᠮᠳᠠᠴᠢ᠎ᠶ᠋ᠢᠨ ᠵᠢᠯ᠎ᠤᠨ ᠣᠷᠣᠯᠭ᠎ᠠ 8500 ᠲᠥᠭᠦᠷᠢᠭ᠎ᠲᠤ ᠬᠦᠷᠴᠦ᠍᠂ ᠭᠠᠴᠠᠭᠠᠨ᠎ᠤ ᠬᠠᠮᠲᠤ᠎ᠶ᠋ᠢᠨ ᠠᠵᠤ ᠠᠬᠤᠶ᠎ᠶ᠋ᠢᠨ ᠵᠢᠯ᠎ᠤᠨ ᠣᠷᠣᠯᠭ᠎ᠠ 28.44 ᠲᠦᠮᠡᠨ ᠲᠥᠭᠦᠷᠢᠭ᠎ᠲᠤ ᠬᠦᠷᠴᠡᠶ᠃ ᠪᠥᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠡ ᠱᠢᠪᠳᠤᠯᠬᠤ ᠠᠵᠢᠯ᠎ᠢ ᠳ᠋ᠦᠩᠨᠡᠵᠤ ᠬᠦᠬᠢᠬᠦᠯᠦᠨ ᠰᠠᠢᠱᠢᠶᠠᠬᠤ ᠶᠡᠭᠡ ᠬᠤᠷᠠᠯ ᠳᠡᠭᠡᠷ᠎ᠡ᠂ ᠠᠯᠲᠠᠨᠬᠤᠸᠠ ᠭᠠᠴᠠᠭᠠᠨ᠎ᠤ ᠨᠠᠮ᠎ᠤᠨ ᠡᠭᠦᠷ ᠪᠥᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠡ ᠱᠢᠪᠳᠤᠯᠤᠯᠳᠠ᠎ᠶ᠋ᠢᠨ ᠲᠡᠷᠢᠭᠦᠨ᠎ᠤ ᠬᠠᠮᠲᠤ ᠨᠢᠭᠡᠴᠢ᠎ᠶ᠋ᠢᠨ ᠢᠷᠠᠭᠤ ᠠᠯᠳᠠᠷ᠎ᠢ ᠭᠥᠷᠳᠡᠪᠡ᠃

ᠠᠯᠲᠠᠨᠬᠤᠸᠠ ᠭᠠᠴᠠᠭᠠᠨ᠎ᠤ ᠬᠥᠭ᠌ᠵᠢᠯᠲᠡ ᠬᠤᠪᠢᠷᠠᠯᠲᠠ ᠤᠯᠤᠰ᠎ᠤᠨ ᠶᠠᠳᠠᠭᠤ᠎ᠶ᠋ᠢ ᠲᠡᠳᠬᠦᠬᠦ᠌ ᠲᠥᠷᠦ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠠᠴᠠ ᠰᠠᠯᠵᠤ ᠴᠢᠳᠠᠬᠤ ᠦᠭᠡᠢ ᠶᠤᠮ᠂ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ ᠲᠡᠬᠦᠯᠳᠡᠷᠵᠢᠨ ᠡᠯ᠎ᠡ ᠲᠥᠷᠥᠯ᠎ᠤᠨ ᠠᠵᠢᠯ ᠦᠢᠯᠡᠰ ᠴᠡᠴᠡᠭ᠌ᠯᠡᠨ ᠬᠥᠭ᠌ᠵᠢᠵᠦ᠍᠂ ᠠᠷᠠᠳ ᠣᠯᠠᠨ᠎ᠤ ᠣᠶᠤᠨ ᠰᠠᠨᠠᠭᠠᠨ᠎ᠤ ᠳᠦᠷᠰᠦ ᠪᠠᠢᠳᠠᠯ᠎ᠳᠤ ᠶᠡᠭᠡᠬᠡᠨ ᠬᠤᠪᠢᠷᠠᠯᠳᠡ ᠭᠠᠷᠴᠤ᠌᠂ ᠠᠷᠭ᠎ᠠ ᠪᠦᠬᠦᠨ᠎ᠢ ᠰᠦᠪᠡᠭ᠌ᠴᠢᠯᠡᠨ ᠠᠵᠤ ᠦᠢᠯᠡᠰ᠎ᠢᠶᠠᠨ ᠬᠦᠭ᠌ᠵᠢᠬᠦᠯᠬᠦ᠌᠎ᠪᠠᠷ ᠴᠢᠷᠮᠠᠢᠵᠠᠭᠠᠨ᠎ᠠ᠃ 2017 ᠣᠨ᠎ᠳᠤ᠂ ᠶᠠᠳᠠᠭᠤ ᠬᠦᠴᠢᠷᠳᠡᠯᠳᠡᠢ ᠪᠠᠢᠭ᠍ᠰᠠᠨ ᠦ᠋ ᠴᠦᠨ ᠷᠦᠩ ᠭᠠᠴᠠᠭᠠᠨ᠎ᠤ᠎ᠪᠠᠨ ᠴᠡᠪᠡᠷᠯᠡᠭ᠌ᠴᠢ᠎ᠪᠠᠷ ᠤᠷᠢᠭ᠍ᠳᠠᠵᠤ᠂ ᠭᠠᠴᠠᠭᠠᠨ᠎ᠤ᠎ᠪᠠᠨ ᠬᠠᠮᠳᠤ᠎ᠶ᠋ᠢᠨ ᠠᠵᠤ ᠦᠢᠯᠡᠰ᠎ᠤᠨ ᠠᠱᠢᠭ ᠬᠤᠪᠢᠶᠠᠷᠢᠯᠠᠯᠲᠠ ᠪᠠ ᠴᠠᠯᠢᠩ ᠮᠦᠩᠬᠦ᠌᠎ᠶ᠋ᠢᠨ ᠬᠤᠤᠰ ᠣᠷᠣᠯᠭ᠎ᠠ᠎ᠲᠠᠢ ᠪᠤᠯᠤᠭ᠍ᠰᠠᠨ ᠪᠦᠬᠡᠳ ᠪᠠᠰᠠ ᠦᠬᠡᠷ ᠬᠤᠳᠠᠯᠳᠤᠨ ᠠᠪᠴᠤ᠌ ᠲᠡᠵᠢᠭᠡᠪᠤᠷᠢ᠎ᠶ᠋ᠢᠨ ᠦᠢᠯᠡᠰ᠎ᠢ ᠬᠥᠭ᠌ᠵᠢᠭᠦᠯᠵᠤ ᠡᠬᠢᠯᠡᠭ᠌ᠰᠡᠨ ᠪᠠᠢᠨ᠎ᠠ᠃ 《ᠥᠩᠭᠡᠷᠡᠭ᠌ᠰᠡᠨ᠎ᠳᠤ ᠭᠠᠵᠠᠷ ᠪᠣᠯᠭᠠᠨ ᠭᠠᠭ᠍ᠠᠢ ᠨᠤᠬᠠᠢ᠎ᠶ᠋ᠢᠨ ᠢᠯᠭᠠᠳᠠᠰᠤ᠎ᠪᠠᠷ ᠲᠦᠬᠦᠷᠴᠤ᠌᠂ ᠬᠤᠭ ᠨᠣᠪᠰᠢ ᠭᠠᠵᠠᠷ ᠰᠠᠢ ᠦᠭᠡᠢ ᠬᠠᠶᠠᠬ᠍ᠳᠠᠵᠦ᠍ ᠪᠠᠢᠪᠠ᠃ ᠦᠨᠦ᠍ ᠭᠠᠴᠠᠭᠠᠨ᠎ᠤ ᠳᠦᠷᠰᠦ ᠪᠠᠢᠳᠠᠯ᠎ᠳᠤ ᠲᠡᠭ᠌ᠷᠢ ᠭᠠᠵᠠᠷ᠎ᠢ ᠲᠤᠩᠰᠤᠯᠭᠠᠮ᠎ᠠ ᠬᠤᠪᠢᠷᠠᠯᠳᠠ ᠭᠠᠷᠴᠦ᠍᠂ ᠭᠠᠭ᠍ᠠᠢ ᠨᠤᠬᠠᠢ᠎ᠶ᠋ᠢᠨ ᠢᠯᠭᠠᠳᠠᠰᠤ ᠪᠠᠢᠳᠤᠭᠠᠢ ᠪᠤᠬᠢᠷ ᠡᠪᠡᠰᠦ ᠴᠦ᠍ ᠬᠠᠷᠠᠭ᠍ᠳᠠᠬᠤ᠎ᠪᠠᠨ ᠪᠤᠯᠢᠭᠠᠳ ᠵᠠᠮ ᠵᠡᠭᠡᠯᠢ᠎ᠪᠠᠷ ᠠᠯᠬᠤᠯᠠᠬᠤ᠎ᠳᠤ ᠰᠡᠤᠡᠬᠢᠯ ᠠᠶᠠᠳᠠᠢ ᠰᠠᠨᠠᠭ᠍ᠳᠠᠨ᠎ᠠ᠃ ᠨᠠᠮ ᠵᠠᠰᠠᠭ᠎ᠠᠴᠠ ᠪᠠᠰᠠ ᠪᠢᠳᠡᠨ᠎ᠳᠤ ᠦᠨ᠎ᠡ ᠲᠥᠯᠥᠪᠦᠷᠢ ᠦᠭᠡᠢ᠎ᠪᠠᠷ ᠬᠤᠤᠡᠳᠤᠭ ᠮᠠᠯᠲᠠᠨ ᠦᠭ᠌ᠴᠤ᠂ ᠴᠡᠪᠡᠷ ᠲᠤᠬᠢᠯᠢᠬ ᠱᠢᠨ᠎ᠡ ᠰᠠᠭᠤᠴᠡ᠎ᠳᠤ ᠨᠡᠬᠦᠯᠬᠡᠵᠠᠢ᠃ ᠤᠳᠤ ᠪᠢᠳᠡ ᠰᠠᠭᠤᠬᠤ᠎ᠠᠴᠠ ᠰᠠᠷᠠᠭᠤᠯ ᠲᠤᠬᠢᠯᠢᠭ ᠲᠤᠭᠤᠰᠭᠠᠨ ᠪᠠᠢᠱᠢᠩ᠎ᠲᠠᠢ᠂ ᠡᠵᠡᠩᠨᠡᠬᠦ᠌᠎ᠠᠴᠠ ᠮᠠᠯ ᠲᠠᠵᠢᠬᠡᠪᠤᠷᠢ᠎ᠶ᠋ᠢᠨ ᠦᠢᠯᠡᠰ᠎ᠲᠠᠢ ᠪᠤᠯᠵᠤ᠂ ᠶᠤᠰᠤᠳᠠᠢ ᠪᠠᠯ ᠪᠤᠷᠠᠮ ᠱᠢᠬ ᠠᠮᠢᠳᠤᠷᠠᠯ᠎ᠢ ᠡᠳ᠋ᠯᠡᠵᠤ ᠪᠠᠢᠨ᠎ᠠ᠃ ᠡᠨᠡ ᠪᠦᠬᠦᠨ᠎ᠨᠢ ᠨᠠᠮ᠎ᠤᠨ ᠰᠠᠢᠨ ᠲᠦᠷᠦ᠎ᠶ᠋ᠢᠨ ᠪᠤᠳᠤᠯᠭ᠎ᠠ ᠪᠣᠯᠤᠨ ᠨᠠᠮ᠎ᠤᠨ ᠭᠡᠱᠢᠭᠦᠨ ᠺᠠᠳ᠋ᠷᠴᠤᠳ᠎ᠤᠨ ᠲᠠᠭᠠᠭᠤᠯᠭ᠎ᠠ᠎ᠠᠴᠠ ᠰᠠᠯᠵᠤ ᠴᠢᠳᠠᠬᠤ ᠦᠭᠡᠢ ᠶᠤᠮ》 ᠬᠡᠵᠦ᠍ ᠦ᠋ ᠴᠦᠨ ᠷᠦᠩ ᠪᠠᠶᠠᠷᠳᠠᠢ ᠶᠠᠷᠢᠨ᠎ᠠ᠃

ᠠᠯᠲᠠᠨᠬᠤᠸᠨ ᠭᠠᠴᠠᠭ᠎ᠠ ᠨᠠᠮ᠎ᠤᠨ ᠡᠬᠦᠷ ᠭᠠᠴᠠᠭᠠᠨ᠎ᠤ ᠵᠦᠪᠯᠡᠯ ᠬᠠᠮᠲᠤ᠎ᠪᠠᠷ ᠵᠥᠪᠳᠡᠯᠴᠡᠬᠦ᠂ ᠤᠳᠤᠷᠢᠤᠡᠬᠤ ᠪᠠᠭ ᠬᠠᠮᠲᠤ᠎ᠪᠠᠷ ᠪᠦᠳᠦᠬᠡᠨ ᠪᠠᠢᠭᠤᠯᠬᠤ᠂ ᠨᠠᠮ᠎ᠤᠨ ᠭᠡᠱᠢᠭᠦᠨ ᠬᠠᠮᠲᠤ᠎ᠪᠠᠷ ᠬᠠᠮᠢᠶᠠᠷᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠪᠠᠢᠭᠤᠯᠤᠨ ᠬᠡᠷᠡᠭ᠌ᠵᠢᠬᠦᠯᠵᠤ᠂ ᠨᠠᠮ᠎ᠤᠨ ᠪᠠᠢᠭᠤᠯᠤᠯᠲᠠ᠂ ᠵᠠᠰᠠᠭ᠎ᠤᠨ ᠶᠠᠪᠤᠳᠠᠯ ᠪᠠ ᠨᠡᠢᠭᠡᠮ᠎ᠤᠨ ᠦᠢᠯᠡᠴᠢᠯᠡᠭᠡ ᠵᠡᠷᠭᠡ ᠡᠯ᠎ᠡ  ᠵᠦᠢᠯ᠎ᠤᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠦᠬᠡᠳ ᠠᠯᠲᠠᠨᠬᠤᠸᠠ ᠭᠠᠴᠠᠭᠠᠨ᠎ᠤ ᠨᠠᠮ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠎ᠢ ᠪᠠᠢᠭᠤᠯᠵᠤ᠂ ᠨᠢᠭᠡᠳᠦᠯᠲᠡᠶ ᠲᠥᠯᠥᠪᠯᠡᠬᠦ᠂ ᠵᠣᠬᠢᠰᠲᠠᠶ ᠪᠠᠢᠷᠢᠯᠠᠭᠤᠯᠬᠤ᠂ ᠴᠢᠳᠠᠮᠵᠢ᠎ᠶ᠋ᠢ᠎ᠨᠢ ᠲᠡᠭᠦᠯᠳᠡᠷᠵᠢᠭᠦᠯᠬᠦ᠌᠎ᠪᠠᠷ ᠲᠠᠮᠵᠢᠨ ᠤᠯᠤᠰ ᠲᠥᠷᠥ᠎ᠶ᠋ᠢᠨ ᠲᠠᠯ᠎ᠠ᠎ᠪᠠᠷ ᠬᠥᠲᠥᠯᠥᠨ ᠳᠠᠭᠠᠭᠤᠯᠬᠤ᠂ ᠵᠠᠰᠠᠯᠲᠠ᠎ᠶ᠋ᠢ ᠴᠢᠩᠭᠠᠤᠡᠬᠠᠬᠤ᠂ ᠬᠦᠴᠦᠨ ᠴᠢᠳᠠᠯ᠎ᠢ ᠨᠢᠭ᠍ᠲᠠᠷᠠᠭᠤᠯᠬᠤ᠂ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡᠨ᠎ᠤ ᠴᠢᠳᠠᠮᠵᠢ᠎ᠶ᠋ᠢᠨ ᠦᠢᠯᠡᠳᠦᠯ᠎ᠢᠶᠠᠨ  ᠭᠦᠢᠴᠡᠳ ᠪᠠᠳᠠᠷᠠᠭᠤᠯᠵᠤ᠂ ᠬᠢᠩᠭᠠᠨ ᠠᠢᠮᠠᠭ᠎ᠤᠨ ᠨᠠᠮ ᠪᠠ ᠣᠯᠠᠨ ᠲᠦᠮᠡᠨ᠎ᠤ  ᠦᠢᠯᠡᠴᠢᠯᠡᠭᠡᠨ᠎ᠤ ᠲᠥᠪ᠎ᠤᠨ ᠵᠢᠱ᠌ᠢᠶ᠎ᠡ ᠦᠵᠡᠭᠦᠯᠬᠦ᠌ ᠥᠯᠢᠭᠡᠷ ᠳᠠᠭᠤᠷᠢᠶᠠᠯ᠎ᠢ ᠴᠤᠭ᠍ᠴᠠᠯᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号