ᠦᠬᠡ᠎ᠶ᠋ᠢᠨ ᠲᠡᠭᠦᠪᠦᠷᠢ (ᠨᠢᠭᠡ)
2021-04-12 09:15:59
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠭᠠᠵᠠᠷ ᠵᠦᠢ᠎ᠶ᠋ᠢᠨ ᠤᠷᠤᠨ ᠪᠠᠢᠷᠢ᠂ ᠡᠬᠢ ᠪᠠᠶᠠᠯᠢᠬ᠎ᠤᠨ ᠰᠤᠶᠤᠷᠬᠠᠯ᠂ ᠠᠵᠦ᠍ ᠦᠢᠯᠡᠰ᠎ᠤᠨ ᠪᠦᠲᠦᠴᠡ᠂ ᠠᠮᠢ ᠠᠬᠤᠢ ᠤᠷᠴᠢᠨ ᠲᠤᠭᠤᠷᠢᠨ ᠵᠡᠷᠬᠡ ᠲᠠᠯ᠎ᠠ᠎ᠪᠠᠷ ᠪᠦᠷ ᠨᠡᠯᠢᠶᠡᠳ ᠤᠨᠴᠠᠭᠠᠢ ᠪᠠᠢᠵᠦ᠍᠂ ᠰᠠᠢᠨ᠎ᠢᠶᠠᠨ ᠪᠠᠳᠠᠷᠠᠭᠤᠯᠤᠨ ᠱᠢᠭᠠᠷᠤ᠎ᠪᠠᠨ ᠲᠡᠪᠴᠢᠬᠦ᠂ ᠱᠢᠯᠢᠳᠡᠭ᠎ᠢ ᠪᠤᠢᠵᠢᠭᠤᠯᠤᠨ ᠦᠷ᠎ᠠ ᠠᠱᠢᠬ᠎ᠢ ᠨᠡᠮᠡᠭ᠌ᠳᠡᠬᠦᠯᠬᠦ᠌᠎ᠶ᠋ᠢ ᠠᠩᠬᠠᠷᠴᠤ᠌᠂ ᠪᠦᠬᠦ᠌ ᠬᠦᠴᠤ᠎ᠪᠠᠷ᠎ᠢᠶᠠᠨ ᠴᠢᠷᠮᠠᠢᠵᠦ᠍ ᠪᠠᠢᠭᠠᠳ ᠪᠦᠲᠦᠴᠡ᠎ᠪᠠᠨ ᠲᠤᠬᠢᠷᠠᠭᠤᠯᠤᠨ᠂ ᠴᠢᠳᠠᠮᠵᠢ᠎ᠪᠠᠨ ᠬᠤᠪᠢᠷᠠᠭᠤᠯᠤᠨ᠂ ᠶᠠᠰᠤ ᠴᠢᠨᠠᠷ᠎ᠢᠶᠠᠨ ᠲᠡᠭᠡᠭ᠌ᠰᠢᠯᠡᠬᠦᠯᠬᠦ᠌ ᠬᠡᠷᠡᠭ᠌ᠳᠡᠢ᠃ ᠪᠦᠬᠦ᠌ ᠤᠯᠤᠰ᠎ᠤᠨ ᠱᠢᠨ᠎ᠠ ᠬᠦᠭ᠌ᠵᠢᠯᠳᠡ᠎ᠶ᠋ᠢᠨ ᠪᠠᠢᠷᠢᠱᠢᠯ᠎ᠢ ᠴᠤᠬ᠍ᠴᠠᠯᠠᠬᠤ ᠲᠤᠮᠳᠠᠬᠢ ᠦᠪᠦᠷ ᠮᠤᠩᠭᠤᠯ᠎ᠤᠨ ᠪᠠᠢᠷᠢ ᠰᠠᠭᠤᠷᠢ᠎ᠶ᠋ᠢ ᠤᠨᠤᠪᠴᠢᠳᠠᠢ ᠤᠯᠵᠦ᠍᠂ ᠦᠪᠡᠷ᠎ᠤᠨ ᠲᠠᠪᠠᠭᠤᠯᠢᠬ ᠬᠦᠷᠢᠶ᠎ᠠ ᠴᠠᠷᠠᠭ᠎ᠠ ᠪᠤᠯᠤᠨ ᠲᠤᠳᠠᠭᠤᠳᠠᠯ ᠬᠦᠷᠦᠯᠴᠡᠬᠦ᠌ ᠦᠬᠡᠢ ᠲᠠᠯ᠎ᠠ᠎ᠪᠠᠨ ᠬᠦᠨᠵᠡᠬᠡᠢ ᠵᠠᠳᠠᠯᠤᠨ᠂ ᠠᠵᠦ᠍ ᠠᠬᠤᠢ᠎ᠶ᠋ᠢᠨ ᠬᠦᠭ᠌ᠵᠢᠯᠳᠡ᠎ᠶ᠋ᠢᠨ ᠭᠤᠤᠯᠳᠠᠯᠭ᠎ᠠ᠎ᠲᠠᠢ ᠠᠵᠦ᠍ ᠦᠢᠯᠡᠰ ᠪᠤᠯᠤᠨ ᠭᠤᠤᠯ ᠱᠢᠪᠲᠤᠯᠤᠯᠳᠠ᠎ᠶ᠋ᠢᠨ ᠴᠢᠭ᠌ᠯᠡᠯ᠎ᠢᠶᠠᠨ ᠴᠢᠨᠠᠬ᠍ᠰᠢᠳᠠ ᠲᠤᠳᠤᠷᠬᠠᠢᠯᠠᠵᠦ᠍᠂ ᠬᠤᠯᠪᠤᠬ᠍ᠳᠠᠯ ᠪᠦᠬᠦᠢ ᠠᠵᠦ᠍ ᠦᠢᠯᠡᠰ᠎ᠤᠨ ᠲᠡᠬᠡᠳᠤ ᠲᠡᠰᠵᠢᠯᠳᠡ᠂ ᠤᠶᠤᠨᠴᠢᠯᠠᠯᠳᠠ᠂ ᠪᠤᠬᠢᠷᠳᠤᠯ ᠦᠬᠡᠢ ᠬᠦᠭ᠌ᠵᠢᠯᠳᠡ ᠲᠡᠢᠰᠢ ᠤᠷᠤᠬ᠍ᠰᠢᠯᠠᠬᠤ᠎ᠶ᠋ᠢ ᠠᠬᠢᠭᠤᠯᠤᠨ᠂ ᠤᠷᠤᠨ ᠨᠤᠳᠤᠬ᠎ᠤᠨ ᠪᠠᠢᠳᠠᠯ᠎ᠳᠠᠭᠠᠨ ᠲᠤᠬᠢᠷᠠᠭᠤᠯᠤᠨ ᠪᠠᠢᠯᠳᠤᠬᠤ ᠪᠤᠳᠤᠯᠭ᠎ᠠ᠎ᠶ᠋ᠢᠨ ᠴᠢᠨᠠᠷᠳᠠᠢ ᠱᠢᠨ᠎ᠠ᠎ᠪᠠᠷ ᠮᠠᠨᠳᠤᠬ᠍ᠰᠠᠨ ᠠᠵᠦ᠍ ᠦᠢᠯᠡᠰ ᠪᠤᠯᠤᠨ ᠲᠡᠷᠢᠬᠦᠨ᠎ᠤ ᠦᠢᠯᠡᠳᠬᠦ᠌ ᠦᠢᠯᠡᠰ᠎ᠢ ᠬᠦᠭ᠌ᠵᠢᠬᠦᠯᠦᠨ᠂ ᠰᠠᠭᠤᠷᠢ ᠲᠦᠬᠦᠬᠡᠷᠦᠮᠵᠢ᠎ᠶ᠋ᠢᠨ ᠪᠦᠲᠦᠬᠡᠨ ᠪᠠᠢᠭᠤᠯᠤᠯᠳᠠ᠎ᠶ᠋ᠢ ᠨᠢᠬᠡᠳᠦᠯᠳᠡᠢ ᠲᠦᠯᠦᠪᠵᠢᠬᠦᠯᠦᠨ ᠠᠬᠢᠭᠤᠯᠬᠤ ᠬᠡᠷᠡᠭ᠌ᠳᠡᠢ᠃ ᠠᠵᠦ᠍ ᠦᠢᠯᠡᠰ᠎ᠤᠨ ᠬᠡᠯᠬᠢᠶ᠎ᠠ ᠬᠠᠩᠭᠠᠯᠭ᠎ᠠ᠎ᠶ᠋ᠢᠨ ᠬᠡᠯᠬᠢᠶ᠎ᠠ᠎ᠶ᠋ᠢᠨ ᠲᠤᠭᠤᠷᠢᠨ᠎ᠳᠤ ᠱᠢᠨ᠎ᠠ᠎ᠶ᠋ᠢ ᠡᠬᠦᠳᠬᠦ᠌ ᠬᠡᠯᠬᠢᠶ᠎ᠠ᠎ᠶ᠋ᠢ ᠪᠠᠢᠷᠢᠯᠠᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠲᠤᠯᠭᠠᠭᠤᠷᠢᠯᠠᠬᠤ ᠴᠢᠳᠠᠪᠤᠷᠢ᠎ᠶ᠋ᠢ ᠲᠠᠰᠤᠷᠠᠯᠳᠠ ᠦᠬᠡᠢ ᠲᠡᠭᠡᠭ᠌ᠰᠢᠯᠡᠬᠦᠯᠬᠦ᠌ ᠬᠡᠷᠡᠭ᠌ᠳᠡᠢ᠃

— 2021 ᠤᠨ᠎ᠤ 3 ᠰᠠᠷ᠎ᠠ᠎ᠶ᠋ᠢᠨ 5 ᠎ᠤ ᠡᠳᠦᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠬᠡᠷ ᠬᠤᠷᠠᠯ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠠ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号