ᠦᠪᠦᠷ ᠮᠤᠩᠭᠤᠯ᠎ᠤᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ ᠦᠷ᠎ᠡ ᠪᠦᠲᠦᠭᠡᠯ᠎ᠢ ᠨᠡᠢᠲᠡᠯᠡᠪᠡ
2021-04-12 10:07:02
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2017 ᠣᠨ᠎ᠤ 11 ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠲᠠᠯ᠎ᠠ ᠪᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠠᠴᠠ᠂ ᠪᠦᠬᠦ᠌ ᠤᠯᠤᠰ᠎ᠤᠨ ᠬᠡᠪᠴᠢᠶᠡᠨ᠎ᠳᠤ ᠭᠤᠷᠪᠠᠨ ᠵᠢᠯ᠎ᠤᠨ ᠬᠤᠭᠤᠴᠠᠭ᠎ᠠ ᠪᠦᠬᠦᠢ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠢ ᠲᠡᠮᠡᠴᠡᠯ ᠥᠷᠨᠢᠭᠦᠯᠬᠦ᠌ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠬᠢᠵᠡᠢ᠃ ᠭᠤᠷᠪᠠᠨ ᠵᠢᠯ᠎ᠤᠨ ᠲᠤᠷᠰᠢ᠂ ᠥᠪᠥᠷ ᠮᠣᠩᠭᠤᠯ ᠬᠠᠷ᠎ᠠ ᠪᠦᠯᠦᠭ᠌ᠲᠡᠨ ᠬᠠᠷᠭᠢᠰ ᠬᠦᠴᠦᠨ ᠵᠢᠴᠢ ᠲᠡᠭᠦᠨ᠎ᠤ 《ᠬᠠᠮᠠᠭᠠᠯᠠᠭ᠍ᠴᠢ ᠱᠢᠭᠦᠷ》 ᠎ᠲᠠᠢ ᠰᠦᠷ ᠳᠠᠯᠠᠢᠴᠠᠲᠠᠢ ᠠᠷᠠᠳ᠎ᠤᠨ ᠲᠠᠢᠨ᠂ ᠪᠤᠭᠤᠮᠳᠠ ᠱᠢᠪᠳᠤᠯᠬᠤ ᠲᠠᠢᠨ᠂ ᠰᠥᠨᠥᠭᠡᠬᠦ᠌ ᠲᠠᠢᠨ ᠬᠢᠵᠦ᠍᠂ ᠲᠡᠦᠬᠡᠲᠦ ᠴᠢᠨᠠᠷᠲᠠᠢ ᠢᠯᠠᠯᠲᠠ ᠣᠯᠤᠭ᠍ᠰᠠᠨ ᠪᠠᠢᠨ᠎ᠠ᠃

ᠤᠯᠤᠰ ᠲᠥᠷᠥ᠎ᠪᠠᠷ ᠬᠥᠲᠥᠯᠥᠨ ᠳᠠᠭᠠᠭᠤᠯᠬᠤ᠎ᠶ᠋ᠢ ᠢᠮᠠᠭ᠍ᠲᠠ ᠪᠠᠷᠢᠮᠲᠠᠯᠠᠵᠤ᠂ ᠵᠣᠭ᠍ᠰᠣᠴᠠ᠎ᠪᠠᠨ ᠳᠡᠭᠡᠭ᠌ᠰᠢᠯᠡᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ  ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠪᠠ

• ᠥᠪᠡᠷᠲᠡᠭᠡᠨ ᠵᠠᠰᠠᠬᠤ ᠣᠷᠣᠨ᠎ᠤ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ ᠤᠳᠤᠷᠢᠳᠭᠤ ᠳᠤᠭᠤᠢᠯᠠᠩ᠎ᠤᠨ ᠳᠠᠷᠤᠭ᠎ᠠ᠂ ᠳᠡᠳ᠋ ᠳᠤᠭᠤᠢᠯᠠᠩ᠎ᠤᠨ ᠳᠠᠷᠤᠭ᠎ᠠ ᠭᠤᠤᠯᠳᠠᠯᠭ᠎ᠠ᠎ᠲᠠᠢ ᠭᠠᠵᠠᠷ ᠣᠷᠣᠨ᠎ᠢ ᠱᠢᠭᠤᠳ ᠳᠠᠭᠠᠭᠠᠴᠢᠯᠠᠨ ᠬᠠᠷᠢᠯᠴᠠᠵᠤ᠂ ᠴᠢᠬᠤᠯᠠ ᠶᠡᠭᠡ ᠬᠡᠷᠡᠭ᠎ᠢ ᠳᠠᠭᠠᠭᠤᠯᠤᠨ ᠭᠦᠢᠴᠡᠳᠭᠡᠵᠦ᠍᠂ ᠮᠠᠨ᠎ᠤ ᠣᠷᠣᠨ ᠪᠥᠬᠦ᠌ ᠤᠯᠤᠰ᠎ᠤᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ ᠲᠡᠷᠢᠭᠦᠨ᠎ᠤ ᠮᠤᠵᠢ ᠣᠷᠣᠨ᠎ᠢᠶᠠᠷ ᠦᠨᠡᠯᠡᠭ᠌ᠳᠡᠪᠡ᠃

• ᠥᠪᠡᠷᠲᠡᠭᠡᠨ ᠵᠠᠰᠠᠬᠤ ᠣᠷᠣᠨ᠎ᠠᠴᠠ ᠬᠤᠯᠪᠣᠭᠠᠯᠠᠨ ᠳᠠᠭᠠᠭᠠᠴᠢᠯᠠᠬᠤ᠂ ᠤᠳᠤᠷᠢᠳᠤᠯᠭ᠎ᠠ ᠬᠡᠷᠡᠭ᠎ᠢ ᠳᠠᠭᠠᠭᠠᠴᠢᠯᠠᠬᠤ ᠵᠡᠷᠭᠡ 44 ᠠᠵᠢᠯ᠎ᠤᠨ ᠲᠣᠭ᠍ᠲᠠᠴᠠ᠎ᠶ᠋ᠢ ᠲᠣᠭ᠍ᠲᠠᠭᠠᠨ ᠨᠡᠢᠲᠡᠯᠡᠪᠡ᠃

• ᠪᠥᠬᠦ᠌ ᠤᠯᠤᠰ᠎ᠤᠨ ᠠᠬᠢᠭᠤᠯᠬᠤ ᠬᠤᠷᠠᠯ᠂ ᠰᠣᠨᠢᠨ ᠮᠡᠳᠡᠭᠡ ᠨᠡᠢᠲᠡᠯᠡᠬᠦ᠌ ᠬᠤᠷᠠᠯ ᠵᠡᠷᠭᠡ ᠬᠤᠷᠠᠯ ᠳᠡᠭᠡᠷ᠎ᠡ 7 ᠤᠳᠠᠭ᠎ᠠ ᠲᠤᠷᠱᠢᠯᠭ᠎ᠠ᠎ᠪᠠᠨ ᠰᠣᠯᠢᠯᠴᠠᠵᠤ ᠲᠠᠨᠢᠯᠴᠠᠭᠤᠯᠪᠠ᠃

• ᠪᠥᠬᠦ᠌ ᠤᠯᠤᠰ᠎ᠤᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠠᠯᠪᠠᠨ ᠬᠡᠷ᠎ᠤᠨ ᠲᠣᠪᠴᠢ ᠮᠡᠳᠡᠭᠡ᠎ᠳᠤ ᠮᠠᠨ᠎ᠤ ᠣᠷᠣᠨ᠎ᠤ ᠠᠵᠢᠯ᠎ᠤᠨ ᠪᠠᠢᠳᠠᠯ᠎ᠢ 30 ᠭᠠᠷᠤᠶ ᠤᠳᠠᠭ᠎ᠠ ᠲᠠᠨᠢᠯᠴᠠᠭᠤᠯᠪᠠ᠃

ᠭᠤᠷᠪᠠᠨ ᠵᠢᠯ᠎ᠤᠨ ᠲᠤᠷᠰᠢ —

• ᠪᠥᠬᠦ᠌ ᠣᠷᠣᠨ ᠨᠡᠢᠲᠡ 16.6 ᠲᠦᠮᠡᠨ ᠬᠤᠪᠢ ᠰᠣᠨᠢᠨ ᠮᠡᠳᠡᠭᠡᠨ᠎ᠤ ᠮᠡᠳᠡᠭᠡ ᠵᠠᠩᠭᠢ ᠨᠡᠢᠲᠡᠯᠡᠪᠡ᠃

•1210 ᠲᠦᠮᠡᠨ ᠬᠤᠪᠢ ᠮᠡᠳᠡᠭ᠌ᠳᠡᠯ ᠲᠠᠷᠬᠠᠭᠠᠵᠠᠶ᠃

• ᠰᠦᠯᠵᠢᠶᠡᠨ᠎ᠤ ᠱᠢᠨ᠎ᠡ ᠵᠠᠭᠤᠴᠢᠯᠠᠭᠤᠷ᠎ᠤᠨ ᠡᠷᠡᠬᠡᠢ ᠱᠠᠩᠨᠠᠯ᠎ᠤᠨ ᠬᠡᠮᠵᠢᠶ᠎ᠡ 9 ᠮᠢᠩᠭᠠᠨ ᠲᠦᠮᠡᠨ ᠬᠥᠮᠦᠨ ᠤᠳᠠᠭ᠎ᠠ᠎ᠶ᠋ᠢ ᠳᠠᠪᠠᠪᠠ᠃

• ᠢᠯᠡᠴᠢᠯᠡᠨ ᠮᠡᠳᠡᠭᠦᠯᠦᠭ᠌ᠰᠡᠨ᠎ᠢ ᠱᠠᠩᠨᠠᠬᠤ ᠵᠠᠷᠤᠳᠠᠯ 215 ᠲᠦᠮᠡᠨ ᠲᠥᠭᠦᠷᠢᠭ ᠲᠠᠷᠬᠠᠭᠠᠪᠠ᠃

• ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ 627 ᠶᠠᠯ᠎ᠠ ᠬᠢᠭ᠌ᠰᠡᠨ ᠰᠡᠵᠢᠭ᠌ᠳᠡᠨ ᠬᠦᠴᠦᠷᠬᠡᠭ ᠶᠡᠭᠡ ᠤᠬᠠᠭᠤᠯᠭ᠎ᠠ᠎ᠶ᠋ᠢᠨ ᠳᠠᠷᠤᠯᠲᠠ᠎ᠠᠴᠠ ᠪᠣᠯᠵᠤ ᠪᠡᠶ᠎ᠡ᠎ᠪᠠᠨ ᠲᠤᠱᠢᠶᠠᠪᠠ᠃

ᠬᠠᠤᠯᠢ ᠶᠣᠰᠣᠭᠠᠷ ᠴᠢᠩᠭ᠎ᠠ ᠱᠢᠢᠳᠭᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠬᠡᠷᠡᠭ ᠱᠢᠢᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠵᠤ᠂ ᠴᠢᠩᠭ᠎ᠠ ᠴᠣᠬᠢᠯᠲᠠ ᠥᠭ᠌ᠬᠦ ᠥᠨᠳᠥᠷ ᠳᠠᠷᠤᠯᠲᠠᠲᠤ ᠪᠠᠢᠳᠠᠯ᠎ᠢ ᠢᠮᠠᠭ᠍ᠲᠠ ᠪᠠᠲᠤᠯᠠᠪᠠ

ᠭᠤᠷᠪᠠᠨ ᠵᠢᠯ᠎ᠤᠨ ᠲᠤᠷᠰᠢ —

• ᠪᠦᠬᠦ᠌ ᠣᠷᠣᠨ᠎ᠢᠶᠠᠷ᠎ᠢᠶᠠᠨ ᠬᠠᠷ᠎ᠠ ᠪᠦᠯᠦᠭ᠌ᠳᠡᠨ᠎ᠤ ᠱᠢᠨᠵᠢ ᠴᠢᠨᠠᠷ᠎ᠲᠠᠢ 63 ᠵᠣᠬᠢᠶᠠᠨ ᠪᠠᠢᠭᠤᠯᠤᠯᠲᠠ᠎ᠶ᠋ᠢ ᠤᠰᠠᠳᠭᠠᠪᠠ᠃ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ 1149 ᠡᠪᠰᠡᠯ ᠪᠦᠯᠦᠭ᠎ᠢ ᠠᠷᠢᠯᠭᠠᠪᠠ᠃

• ᠪᠠᠢᠴᠠᠭᠠᠬᠤ ᠪᠠᠢᠭᠤᠯᠭ᠎ᠠ ᠨᠡᠢᠳᠡ 1222 ᠬᠡᠷᠡᠭ 3200 ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠵᠦ᠍᠂ 671 ᠬᠡᠷᠡᠭ 5610 ᠬᠥᠮᠦᠨ᠎ᠢ ᠵᠠᠭᠠᠯᠳᠤᠪᠠ᠃

• ᠥᠪᠡᠷᠲᠡᠭᠡᠨ ᠵᠠᠰᠠᠬᠤ ᠣᠷᠣᠨ᠎ᠤ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠠᠯᠪᠠᠨ ᠬᠡᠷ 29 ᠴᠢᠬᠤᠯᠠ ᠶᠡᠭᠡ ᠮᠦᠷᠳᠡᠭᠡᠨ ᠱᠢᠢᠳᠪᠦᠷᠢᠯᠡᠭᠦ᠎ᠳᠤ ᠲᠦᠪᠡᠭ᠌ᠲᠡᠶ ᠬᠡᠷᠡᠭ᠎ᠲᠤ 《ᠡᠷᠬᠢᠨ ᠬᠠᠷᠠᠬᠤ》 ᠠᠵᠢᠯ ᠥᠷᠨᠢᠭᠦᠯᠵᠦ᠍᠂ ᠪᠥᠬᠦ᠌ ᠤᠯᠤᠰ᠎ᠤᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠠᠯᠪᠠᠨ ᠬᠡᠷ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠱᠢᠨ᠎ᠡ᠎ᠶ᠋ᠢ ᠡᠭᠦᠳᠦᠭ᠌ᠰᠡᠨ ᠡᠨᠡᠬᠦ᠌ ᠠᠷᠭ᠎ᠠ ᠬᠢᠳᠡᠯ᠎ᠢ ᠳᠡᠯᠭᠡᠷᠡᠭᠦᠯᠪᠡ᠃

• ᠪᠥᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ 《ᠰᠦᠪᠡᠭ᠌ᠴᠢ᠎ᠶ᠋ᠢ ᠠᠷᠢᠯᠭᠠᠬᠤ》 ᠬᠠᠷᠠᠯᠲᠠᠳᠤ ᠰᠦᠪᠡᠭ᠌ᠴᠢ᠎ᠶ᠋ᠢ 27403 ᠬᠤᠪᠢ ᠭᠦᠶᠴᠡᠳᠭᠡᠵᠦ᠍᠂ ᠪᠠᠢᠴᠠᠭᠠᠨ ᠳᠠᠭᠤᠰᠭᠠᠭ᠍ᠰᠠᠨ ᠨᠣᠷᠮ᠎ᠠ᠎ᠨᠢ 100 % ᠎ᠳᠤ ᠬᠥᠷᠪᠡ᠃

• ᠪᠦᠬᠦ᠌ ᠤᠯᠤᠰ᠎ᠤᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠠᠯᠪᠠᠨ ᠭᠡᠷ᠎ᠠᠴᠠ ᠲᠤᠱᠢᠶᠠᠨ ᠱᠢᠢᠳᠪᠦᠷᠢᠯᠡᠭᠦᠯᠦᠭ᠌ᠰᠡᠨ ᠮᠤᠵᠢ ᠬᠤᠳᠠ ᠬᠤᠶᠠᠷ ᠱᠠᠲᠤᠨ᠎ᠤ ᠱᠢᠭᠤᠳ ᠪᠠᠢᠴᠠᠭᠠᠭ᠍ᠰᠠᠨ ᠰᠦᠪᠡᠭ᠌ᠴᠢ 1147 ᠬᠤᠪᠢ ᠪᠠᠢᠵᠤ᠂ ᠪᠠᠢᠴᠠᠭᠠᠨ ᠳᠠᠭᠤᠰᠭᠠᠭ᠍ᠰᠠᠨ ᠨᠤᠷᠮ᠎ᠠ᠎ᠨᠢ 100 % ᠎ᠳᠤ ᠬᠦᠷᠴᠦ᠍᠂ ᠠᠷᠠᠳ ᠤᠯᠠᠨ᠎ᠤ ᠬᠦᠰᠡᠯ ᠱᠠᠭᠠᠷᠳᠠᠯᠭ᠎ᠠ ᠴᠠᠭ ᠲᠤᠬᠠᠢ᠎ᠳᠤᠨᠢ ᠪᠦᠲᠦᠮᠵᠢᠲᠡᠢ ᠬᠠᠷᠢᠭᠤ ᠲᠤᠰᠭᠠᠯ ᠣᠯᠵᠤ᠂ ᠲᠥᠪ᠎ᠤᠨ ᠱᠠᠯᠠᠪᠳᠠᠭᠤᠯᠤᠨ ᠵᠢᠯᠣᠭᠤᠳᠭᠤ ᠳᠤᠭᠤᠢᠯᠠᠩ 《ᠪᠣᠳᠠᠲᠠᠢ ᠪᠠᠢᠴᠠᠭᠠᠭ᠍ᠰᠠᠨ ᠦᠷ᠎ᠡ ᠳ᠋ᠦᠩ᠎ᠲᠠᠢ᠂ ᠪᠠᠢᠴᠠᠭᠠᠭ᠍ᠰᠠᠨ᠎ᠨᠢ ᠦᠨᠳᠦᠰᠦᠯᠡᠯ ᠪᠠᠢᠬᠤ ᠡᠰᠡᠬᠦ᠌》 ᠎ᠶ᠋ᠢ ᠦᠨᠡᠯᠡᠪᠡ᠃

• ᠪᠥᠬᠦ᠌ ᠣᠷᠣᠨ᠎ᠳᠤ ᠬᠡᠷᠡᠭ ᠱᠢᠢᠳᠪᠦᠷᠢᠯᠡᠬᠦ᠌ ᠲᠤᠰᠭᠠᠶ ᠪᠦᠯᠬᠦᠮ᠎ᠢ ᠵᠣᠬᠢᠶᠠᠨ ᠪᠠᠢᠭᠤᠯᠵᠤ᠂ ᠬᠦᠨᠳᠦ ᠴᠢᠬᠤᠯᠠ ᠨᠠᠷᠢᠨ ᠪᠤᠳᠤᠯᠢᠶᠠᠨᠲᠠᠶ ᠬᠡᠷᠡᠭ᠎ᠢ 3 ᠱᠠᠲᠤᠨ᠎ᠤ ᠱᠠᠯᠠᠪᠳᠠᠭᠤᠯᠤᠨ ᠬᠦᠢᠴᠡᠳᠭᠡᠭᠦ᠌᠂ 3 ᠱᠠᠲᠤᠨ᠎ᠤ ᠤᠳᠤᠷᠢᠳᠤᠯᠭ᠎ᠠ ᠬᠡᠷᠡᠭ ᠳᠠᠭᠠᠭᠠᠴᠢᠯᠠᠬᠤ᠎ᠶ᠋ᠢ ᠬᠡᠷᠡᠭ᠌ᠵᠢᠭᠦᠯᠪᠡ᠃ ᠢ ᠯᠢᠶᠠᠨ ᠹᠧᠩ᠂ ᠹᠠᠨ ᠴᠢᠤᠸᠠᠨ ᡁᠢ ᠵᠡᠷᠭᠡ ᠬᠠᠷ᠎ᠠ ᠪᠦᠯᠦᠭ᠌ᠲᠡᠨ᠎ᠳᠤ ᠬᠤᠯᠪᠣᠭ᠍ᠳᠠᠭ᠍ᠰᠠᠨ ᠵᠣᠬᠢᠶᠠᠨ ᠪᠠᠢᠭᠤᠯᠤᠯᠲᠠ᠎ᠶ᠋ᠢ ᠠᠮᠵᠢᠯᠲᠠ᠎ᠲᠠᠢ᠎ᠪᠠᠷ ᠴᠣᠬᠢᠨ ᠨᠤᠷᠠᠭᠠᠪᠠ᠃

• 《ᠬᠠᠷ᠎ᠠ ᠪᠦᠯᠦᠭ᠌ᠲᠡᠨ ᠬᠠᠷᠭᠢᠰ ᠬᠦᠴᠦᠨ᠎ᠤ ᠡᠷᠡᠭᠦᠦ᠎ᠶ᠋ᠢᠨ ᠬᠡᠷᠡᠭ᠎ᠤᠨ ᠡᠳ᠋ ᠬᠥᠷᠥᠩᠭᠡ᠎ᠶ᠋ᠢ  ᠱᠢᠢᠳᠪᠦᠷᠢᠯᠡᠬᠦ᠌᠎ᠶ᠋ᠢ ᠬᠦᠢᠴᠡᠳᠭᠡᠭᠦ᠌ ᠠᠷᠭ᠎ᠠ》 ᠎ᠶ᠋ᠢ ᠰᠤᠳᠤᠯᠤᠨ ᠲᠣᠭ᠍ᠲᠠᠭᠠᠵᠤ᠂ ᠵᠥᠪᠳᠡᠯᠴᠡᠨ ᠬᠠᠮᠵᠢᠯᠴᠠᠬᠤ᠂ ᠬᠡᠷᠡᠭ᠎ᠢ  ᠱᠢᠢᠳᠪᠦᠷᠢᠯᠡᠵᠦ᠍ ᠳᠠᠭᠤᠰᠭᠠᠬᠤ᠎ᠶ᠋ᠢ ᠦᠨᠡᠯᠡᠨ ᠵᠢᠱ᠌ᠢᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠡᠳ᠋ ᠬᠥᠷᠥᠩᠭᠡ᠎ᠳᠤ ᠬᠤᠯᠪᠣᠭ᠍ᠳᠠᠭ᠍ᠰᠠᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠤ ᠡᠷᠡᠭᠦᠦ᠎ᠶ᠋ᠢᠨ ᠬᠡᠷᠡᠭ᠎ᠢ ᠱᠢᠢᠳᠪᠦᠷᠢᠯᠡᠬᠦ᠌ ᠲᠤᠰᠭᠠᠶ ᠠᠩᠭᠢ ᠪᠠᠢᠭᠤᠯᠵᠤ᠂ ᠬᠤᠶᠠᠷ ᠡᠭᠡᠯᠵᠢ᠎ᠶ᠋ᠢᠨ ᠱᠠᠯᠠᠪᠳᠠᠭᠤᠯᠤᠨ ᠪᠠᠢᠴᠠᠭᠠᠯᠲᠠ ᠥᠷᠨᠢᠭᠦᠯᠵᠦ᠍᠂ ᠠᠱᠢᠭ ᠲᠤᠰᠠ᠎ᠶ᠋ᠢᠨ ᠬᠡᠯᠬᠢᠶ᠎ᠡ᠎ᠶ᠋ᠢ ᠭᠦᠨᠵᠡᠭᠡᠶ ᠠᠭᠤᠳᠠᠯᠵᠤ᠂ ᠨᠢᠭᠤᠴᠠ ᠡᠳ᠋ ᠬᠤᠭ᠍ᠰᠢᠯ᠎ᠢ ᠲᠦᠢᠯᠪᠤᠷᠢᠲᠠᠶ ᠪᠠᠢᠴᠠᠭᠠᠪᠠ᠃

ᠭᠤᠷᠪᠠᠨ ᠵᠢᠯ᠎ᠤᠨ ᠲᠤᠷᠰᠢ᠂ ᠪᠥᠬᠦ᠌ ᠣᠷᠣᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ ᠶᠠᠯ᠎ᠠ ᠬᠢᠭ᠌ᠰᠡᠨ ᠰᠡᠵᠢᠭ᠌ᠯᠡᠯᠲᠡᠶ ᠡᠲᠡᠭᠡᠳ᠎ᠢ ᠨᠡᠢᠲᠡ 10869 ᠪᠠᠷᠢᠪᠴᠢᠯᠠᠨ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠠᠴᠠ ᠲᠣᠭ᠍ᠲᠠᠭᠠᠭ᠍ᠰᠠᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ ᠭᠤᠤᠯᠳᠠᠯᠭ᠎ᠠ᠎ᠲᠠᠢ ᠬᠠᠷᠠᠯᠲᠠᠲᠤ ᠣᠷᠭᠤᠳᠤᠤᠯ ᠶᠠᠯᠠᠲᠠᠨ᠎ᠤ ᠬᠢᠯᠢ᠎ᠳᠤ ᠣᠷᠣᠵᠤ ᠢᠷᠡᠵᠤ ᠬᠡᠷᠡᠭ᠎ᠢᠶᠠᠨ ᠲᠤᠱᠢᠶᠠᠬ᠍ᠰᠠᠨ ᠨᠣᠷᠮ᠎ᠠ 100 % ᠎ᠳᠤ ᠬᠥᠷᠪᠡ᠃

ᠭᠦᠨ ᠠᠭᠤᠳᠠᠯᠵᠤ ᠲᠦᠢᠯᠪᠤᠷᠢᠲᠠᠶ ᠪᠠᠢᠴᠠᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠬᠠᠮᠠᠭᠠᠯᠠᠬ᠍ᠴᠢ ᠲᠤᠤᠷ᠎ᠢ᠎ᠨᠢ ᠡᠪᠳᠡᠵᠤ᠂ ᠬᠠᠷᠭᠢᠰ ᠬᠦᠴᠦᠨ᠎ᠢ ᠬᠤᠭ ᠥᠬᠡᠶ ᠠᠷᠢᠯᠭᠠᠬᠤ᠎ᠶ᠋ᠢ ᠡᠷᠡᠰ ᠪᠡᠶᠡᠯᠡᠭᠦᠯᠪᠡ

ᠭᠤᠷᠪᠠᠨ ᠵᠢᠯ᠎ᠤᠨ ᠲᠤᠷᠰᠢ᠂ ᠪᠥᠬᠦ᠌ ᠣᠷᠣᠨ᠎ᠤ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠬᠢᠭᠡᠳ ᠢᠯᠵᠠᠷᠠᠯ᠎ᠢ ᠡᠰᠡᠷᠭᠦᠴᠡᠬᠦ᠂ 《ᠢᠯᠠᠭ᠎ᠠ᠎ᠶ᠋ᠢ ᠴᠣᠬᠢᠬᠤ》 ᠎ᠲᠠᠢ ᠤᠶᠠᠯᠳᠤᠭᠤᠯᠵᠤ᠂ ᠨᠡᠢᠭᠡᠮ᠎ᠤᠨ ᠠᠮᠢ ᠠᠬᠤᠶ ᠪᠣᠯᠤᠨ ᠤᠯᠤᠰ ᠲᠥᠷᠥ᠎ᠶ᠋ᠢᠨ ᠠᠮᠢ ᠠᠬᠤᠶ᠎ᠶ᠋ᠢ ᠵᠡᠷᠭᠡ᠎ᠪᠠᠷ ᠵᠠᠰᠠᠵᠤ᠂ ᠵᠡᠷᠭᠡ᠎ᠪᠠᠷ ᠱᠢᠯᠢᠳᠡᠭ᠌ᠵᠢᠭᠦᠯᠬᠦ᠌᠎ᠶ᠋ᠢ ᠪᠡᠶᠡᠯᠡᠭᠦᠯᠪᠡ᠃

• ᠹᠦ᠋ ᠲᠢᠶᠧ ᠭᠠᠩ᠂ ᠮᠧᠩ ᠵᠢᠶᠠᠨ ᠸᠧᠢ᠂ ᠰᠠᠢᠴᠤᠩᠭ᠎ᠠ ᠵᠡᠷᠭᠡ ᠬᠠᠮᠠᠭᠠᠯᠠᠬ᠍ᠴᠢ ᠱᠢᠭᠦᠷ᠎ᠲᠤ ᠬᠤᠯᠪᠣᠭ᠍ᠳᠠᠭ᠍ᠰᠠᠨ ᠨᠢᠭᠡ ᠪᠦᠯᠦᠭ ᠺᠠᠳ᠋ᠷ ᠠᠷᠤ ᠠᠷᠤ᠎ᠠᠴᠠ᠎ᠪᠠᠨ ᠪᠠᠷᠢᠪᠴᠢᠯᠠᠬ᠍ᠳᠠᠪᠠ᠃

ᠦᠨᠳᠦᠰᠦᠨ ᠱᠠᠲᠤ᠎ᠶ᠋ᠢ ᠪᠠᠬᠢᠵᠢᠭᠦᠯᠬᠦ᠌᠎ᠶ᠋ᠢ ᠢᠮᠠᠭ᠍ᠲᠠ ᠪᠠᠷᠢᠮᠲᠠᠯᠠᠵᠤ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠵᠤ᠂ ᠦᠨᠳᠦᠰᠦᠨ ᠱᠠᠲᠤᠨ᠎ᠤ ᠬᠠᠷ᠎ᠠ ᠪᠦᠯᠦᠭ᠌ᠳᠡᠨ᠎ᠢ ᠡᠰᠡᠷᠭᠦᠴᠡᠭᠦ᠌ ᠬᠠᠱᠢᠯᠭ᠎ᠠ᠎ᠶ᠋ᠢ ᠪᠠᠬᠢᠵᠢᠭᠦᠯᠪᠡ

ᠭᠤᠷᠪᠠᠨ ᠵᠢᠯ᠎ᠤᠨ ᠲᠤᠷᠰᠢ᠂ 《ᠲᠣᠰᠭᠤᠨ᠎ᠤ ᠡᠵᠡᠷᠬᠡᠭ᠌ᠴᠢ》 ᠪᠣᠯᠤᠨ ᠣᠪᠣᠭ ᠲᠥᠷᠥᠯ᠎ᠤᠨ ᠬᠠᠷᠭᠢᠰ ᠬᠦᠴᠦᠨ᠎ᠳᠤ ᠴᠢᠩᠭ᠎ᠠ ᠴᠣᠬᠢᠯᠲᠠ ᠥᠭ᠌ᠴᠦ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠤ ᠪᠣᠶ ᠪᠣᠯᠬᠤ ᠬᠥᠷᠥᠰᠥ᠍ ᠱᠢᠷᠣᠶ᠎ᠶ᠋ᠢ ᠠᠷᠢᠯᠭᠠᠬᠤ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠵᠦ᠍᠂ ᠨᠡᠢᠲᠡ 2653 ᠭᠠᠴᠠᠭ᠎ᠠ ᠲᠣᠰᠭᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠳᠠᠷᠠᠭᠠᠯᠠᠨ ᠪᠠᠢᠴᠠᠭᠠᠵᠤ᠂ ᠴᠡᠭ᠌ᠴᠡᠯᠡᠵᠦ᠍᠂ ᠰᠠᠢᠵᠢᠷᠠᠭᠤᠯᠪᠠ᠃

• ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ᠎ᠶ᠋ᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠤᠶᠠᠯᠳᠤᠭᠤᠯᠵᠤ᠂ ᠪᠥᠬᠦ᠌ ᠣᠷᠣᠨ᠎ᠤ 11113 ᠭᠠᠴᠠᠭ᠎ᠠ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠣᠷᠣᠯᠭ᠎ᠠ 5 ᠲᠦᠮᠡᠨ ᠲᠥᠭᠦᠷᠢᠭ᠎ᠢ ᠳᠠᠪᠠᠵᠤ᠂ ᠡᠭᠦᠨ᠎ᠳᠤ 10 ᠲᠦᠮᠡᠨ ᠲᠥᠭᠦᠷᠢᠭ᠎ᠠᠴᠠ ᠳᠡᠭᠡᠭ᠌ᠰᠢᠬᠢ ᠭᠠᠴᠠᠭ᠎ᠠ ᠲᠣᠰᠭᠤᠨ 7697 ᠪᠣᠯᠵᠣ᠂ 69.26 % ᠎ᠶ᠋ᠢ ᠡᠵᠡᠯᠡᠪᠡ᠃

ᠶᠡᠷᠦᠩᠬᠡᠢᠯᠡᠨ ᠵᠠᠰᠠᠬᠤ᠎ᠶ᠋ᠢ ᠢᠮᠠᠭ᠍ᠲᠠ ᠪᠠᠷᠢᠮᠲᠠᠯᠠᠵᠤ᠂ ᠰᠠᠮᠠᠭᠤᠨ ᠪᠠᠢᠳᠠᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢ ᠥᠷᠨᠢᠭᠦᠯᠵᠦ᠍᠂ ᠠᠵᠢᠯ ᠲᠥᠷᠥᠯ᠎ᠤᠨ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠪᠡ

ᠭᠤᠷᠪᠠᠨ ᠵᠢᠯ᠎ᠤᠨ ᠲᠤᠷᠰᠢ —

• ᠡᠯ᠎ᠡ ᠲᠥᠷᠥᠯ᠎ᠤᠨ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠨᠡᠢᠲᠡ 130 ᠭᠠᠷᠤᠶ ᠵᠦᠢᠯ ᠡᠬᠢᠯᠡᠭᠦᠯᠪᠡ᠃

• ᠤᠷᠢᠳ ᠬᠤᠵᠢᠳ 10 ᠲᠦᠮᠡᠨ ᠬᠥᠮᠦᠨ᠎ᠢ ᠬᠥᠳᠡᠯᠭᠡᠪᠡ᠃

• ᠡᠯ᠎ᠡ ᠲᠥᠷᠥᠯ᠎ᠤᠨ ᠠᠵᠤ ᠠᠬᠤᠢᠯᠠᠯ᠂ ᠪᠠᠢᠭᠤᠯᠤᠮᠵᠢ᠂ ᠬᠤᠳᠠᠯᠳᠤᠭᠠᠨ᠎ᠤ ᠡᠷᠦᠬᠡ᠎ᠶ᠋ᠢ 200 ᠭᠠᠷᠤᠶ ᠲᠦᠮᠡ ᠴᠠᠭ᠍ᠳᠠᠨ ᠪᠠᠢᠴᠠᠭᠠᠪᠠ᠃

• ᠡᠯ᠎ᠡ ᠲᠥᠷᠥᠯ᠎ᠤᠨ ᠠᠰᠠᠭᠤᠳᠠᠯ᠎ᠢ 3 ᠲᠦᠮᠡ ᠭᠠᠷᠤᠶ ᠪᠠᠢᠴᠠᠭᠠᠨ ᠱᠢᠢᠳᠪᠦᠷᠢᠯᠡᠪᠡ᠃

• ᠲᠣᠭ᠍ᠲᠠᠭᠠᠯ᠎ᠠᠴᠠ ᠵᠥᠷᠢᠴᠡᠭ᠌ᠰᠡᠨ 700 ᠱᠢᠬᠠᠮ ᠠᠵᠤ ᠠᠬᠤᠢᠯᠠᠯ᠂ ᠪᠠᠢᠭᠤᠯᠤᠮᠵᠢ᠎ᠶ᠋ᠢ ᠤᠬᠤᠷᠢᠨ ᠭᠠᠷᠭᠠᠯᠭᠠᠪᠠ᠃

ᠥᠪᠡᠷᠲᠡᠭᠡᠨ ᠵᠠᠰᠠᠬᠤ ᠣᠷᠣᠨ᠎ᠤ ᠡᠯ᠎ᠡ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠲᠤᠰᠭᠠᠶ ᠲᠡᠮᠡᠴᠡᠯ᠎ᠤᠨ ᠳᠤᠮᠳᠠᠬᠢ ᠲᠤᠷᠱᠢᠯᠭ᠎ᠠ ᠠᠷᠭ᠎ᠠ ᠬᠢᠳᠡᠯ᠎ᠢ ᠪᠥᠬᠦ᠌ ᠲᠠᠯ᠎ᠠ᠎ᠪᠠᠷ ᠡᠮᠬᠢᠯᠡᠵᠦ᠍᠂ ᠴᠣᠬᠢᠯᠲᠠ ᠥᠭ᠌ᠬᠦ᠎ᠶ᠋ᠢᠨ ᠳᠠᠭᠠᠤ ᠪᠠᠢᠭᠤᠯᠵᠤ ᠵᠠᠰᠠᠬᠤ᠎ᠶ᠋ᠢ ᠪᠠᠷᠢᠮᠲᠠᠯᠠᠨ᠂ ᠤᠷᠢᠳ ᠬᠤᠵᠢᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠤᠨ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠠᠷᠭ᠎ᠠ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠶᠯᠭᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ ᠲᠦᠷᠢᠮ》 ᠵᠡᠷᠭᠡ 94 ᠵᠦᠢᠯ᠎ᠤᠨ ᠵᠢᠷᠤᠮᠵᠢᠯ᠎ᠢ ᠪᠠᠢᠭᠤᠯᠤᠨ ᠲᠡᠭᠦᠯᠳᠡᠷᠵᠢᠭᠦᠯᠵᠦ᠍᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠴᠡᠪᠡᠷᠱᠢᠭᠦᠯᠪᠡ᠃

ᠨᠢᠭᠡ᠎ᠠᠴᠠ ᠨᠥᠭᠦᠭᠡ᠎ᠶ᠋ᠢ ᠵᠦᠢᠴᠢᠯᠡᠨ ᠮᠡᠳᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠬᠡᠮ ᠠᠷᠬᠠᠭ᠎ᠢ ᠭᠦᠨᠵᠡᠭᠡᠶ  ᠱᠢᠢᠳᠪᠦᠷᠢᠯᠡᠵᠦ᠍᠂ ᠥᠩᠭᠡᠨ ᠲᠠᠯ᠎ᠠ ᠪᠠ ᠦᠨᠳᠦᠰᠦ᠎ᠠᠴᠠ᠎ᠨᠢ ᠵᠡᠷᠭᠡ᠎ᠪᠠᠷ ᠵᠠᠰᠠᠬᠤ᠎ᠶ᠋ᠢ ᠳᠥᠯᠭᠢᠨ ᠠᠬᠢᠭᠤᠯᠪᠠ

ᠭᠤᠷᠪᠠᠨ ᠵᠢᠯ᠎ᠤᠨ ᠲᠤᠷᠰᠢ —

ᠪᠥᠬᠦ᠌ ᠣᠷᠣᠨ᠎ᠤ᠎ᠬᠢᠨ ᠪᠡᠶᠡᠴᠢ ᠴᠢᠳᠠᠮᠠᠭᠠᠶ ᠴᠢᠨᠠᠷ᠎ᠢᠶᠠᠨ ᠭᠦᠶᠴᠡᠳ ᠪᠠᠳᠠᠷᠠᠭᠤᠯᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ ᠳᠤᠮᠳᠠ ᠢᠯᠡᠷᠡᠭᠦᠯᠦᠭ᠌ᠰᠡᠨ ᠭᠦᠨ ᠳᠠᠪᠬᠤᠷᠭ᠎ᠠ᠎ᠶ᠋ᠢᠨ ᠲᠣᠪᠤᠢᠮ᠎ᠠ ᠠᠰᠠᠭᠤᠳᠠᠯ᠎ᠢ ᠭᠦᠨᠵᠡᠭᠡᠶ ᠰᠤᠳᠤᠯᠵᠤ᠂ ᠠᠯᠳᠠᠬ᠍ᠳᠠᠯ᠎ᠢᠶᠠᠨ ᠨᠥᠬᠦᠪᠥᠷᠢᠯᠡᠬᠦ᠂ ᠡᠪᠡᠷᠱᠢᠶᠡᠯ᠎ᠢ ᠠᠷᠢᠯᠭᠠᠬᠤ᠂ ᠬᠦᠴᠢᠷᠳᠡᠯ᠎ᠢ  ᠱᠢᠢᠳᠪᠦᠷᠢᠯᠡᠬᠦ᠌᠎ᠶ᠋ᠢ ᠲᠦᠷᠭᠡᠳᠭᠡᠪᠡ᠃

• ᠬᠡᠷ ᠪᠠᠢᠱᠢᠩ ᠭᠠᠵᠠᠷ ᠬᠥᠷᠥᠩᠭᠡ᠎ᠶ᠋ᠢᠨ ᠬᠦᠷᠢᠶᠡᠨ᠎ᠳᠠᠬᠢ ᠲᠡᠦᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠰᠠᠭᠤᠳᠠᠯ᠎ᠢ ᠪᠥᠬᠦ᠌ ᠲᠠᠯ᠎ᠠ᠎ᠪᠠᠷ ᠡᠮᠬᠢᠯᠡᠵᠦ᠍᠂ ᠪᠦᠯᠦᠭ ᠬᠤᠪᠢᠶᠠᠨ ᠲᠥᠷᠥᠯ ᠬᠤᠪᠢᠶᠠᠨ 2783 ᠲᠥᠷᠥᠯ  ᠵᠦᠢᠯ᠎ᠢ  ᠱᠢᠢᠳᠪᠦᠷᠢᠯᠡᠵᠦ᠍᠂ 133 . 78 ᠲᠦᠮᠡᠨ ᠢᠵᠢ ᠬᠡᠷ ᠬᠥᠷᠥᠩᠭᠡ᠎ᠳᠤ ᠬᠤᠯᠪᠣᠭ᠍ᠳᠠᠨ᠂ ᠲᠠᠯᠠᠪᠠᠶ᠎ᠨᠢ 148 ᠳ᠋ᠦᠩᠱᠢᠭᠤᠷ ᠲᠡᠭ᠌ᠰᠢ ᠳᠥᠷᠪᠡᠯᠵᠢᠨ ᠮᠧᠲᠷ ᠬᠦᠷᠴᠤ᠌᠂ ᠬᠡᠳᠦᠨ ᠵᠠᠭᠤᠨ ᠲᠦᠮᠡᠨ ᠣᠯᠠᠨ ᠲᠦᠮᠡᠨ᠎ᠳᠤ ᠠᠱᠢᠭ ᠬᠦᠷᠲᠡᠭᠡᠪᠡ᠃

• ᠡᠯ᠎ᠡ ᠲᠥᠷᠥᠯ᠎ᠤᠨ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠨᠡᠢᠲᠡ 110 ᠭᠠᠷᠤᠶ ᠪᠠᠢᠭᠤᠯᠵᠤ᠂ ᠠᠵᠢᠯ ᠲᠥᠷᠥᠯ᠎ᠤᠨ ᠬᠦᠷᠢᠶᠡᠨ᠎ᠳᠤ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠬᠦ᠌᠎ᠶ᠋ᠢ ᠬᠦᠴᠦᠲᠡᠶ ᠠᠬᠢᠭᠤᠯᠪᠠ᠃

• ᠲᠤᠰᠭᠠᠶ ᠲᠡᠮᠡᠴᠡᠯ᠎ᠤᠨ ᠳᠤᠮᠳᠠ ᠢᠯᠡᠷᠡᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠵᠦ᠍᠂ ᠬᠢᠳᠤᠭᠠᠨ ᠢᠷ᠎ᠢᠶᠠᠨ ᠳᠣᠲᠣᠭ᠍ᠰᠢ ᠬᠠᠨᠳᠤᠭᠤᠯᠬᠤ᠎ᠶ᠋ᠢ ᠪᠠᠷᠢᠮᠲᠠᠯᠠᠵᠤ᠂ ᠨᠠᠮ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠤ ᠦᠶᠯᠡᠴᠢᠯᠡᠬᠦ᠂ ᠲᠥᠪ ᠭᠤᠤᠯᠴᠢ᠎ᠪᠠᠷ ᠬᠠᠤᠯᠢ ᠬᠡᠷᠡᠭ᠌ᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠦᠬᠦᠢ ᠤᠯᠤᠰ ᠲᠥᠷᠥ᠍ ᠬᠠᠤᠯᠢ ᠴᠠᠭᠠᠵᠠ᠎ᠶ᠋ᠢᠨ ᠲᠡᠮᠦᠷ ᠴᠡᠷᠢᠭ᠎ᠢ ᠪᠥᠬᠦ᠌ ᠬᠦᠴᠦᠨ᠎ᠢᠶᠠᠷ᠎ᠢᠶᠠᠨ ᠴᠣᠭ᠍ᠴᠠᠯᠠᠪᠠ᠃

ᠭᠤᠷᠪᠠᠨ ᠵᠢᠯ᠎ᠤᠨ ᠲᠡᠮᠡᠴᠡᠯ ᠲᠡᠦᠬᠡᠲᠦ ᠴᠢᠨᠠᠷᠲᠠᠢ ᠦᠷ᠎ᠡ ᠪᠦᠲᠦᠮᠵᠢ ᠣᠯᠤᠭ᠍ᠰᠠᠨ ᠪᠣᠯᠪᠠᠴᠤ᠌ ᠬᠠᠷ᠎ᠠ ᠪᠦᠯᠦᠭ᠌ᠲᠡᠨ ᠬᠠᠷᠭᠢᠰ ᠬᠦᠴᠦᠨ᠎ᠯᠦᠭᠡ᠎ᠶ᠋ᠢᠨ ᠦᠵᠡᠯᠴᠡᠭᠡᠨ ᠡᠭᠦᠷᠢᠳᠡ ᠵᠤᠬ᠍ᠰᠤᠰᠢ ᠦᠭᠡᠢ ᠶᠤᠮ᠃ ᠪᠦᠬᠦ᠌ ᠣᠷᠣᠨ ᠳᠠᠶᠠᠭᠠᠷ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠤᠯᠤᠰ ᠲᠦᠷᠦ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ᠎ᠢᠶᠠᠨ ᠴᠢᠩᠭᠠᠳᠭᠠᠵᠤ᠂ ᠬᠠᠷ᠎ᠠ ᠪᠦᠯᠦᠭ᠌ᠲᠡᠨ ᠪᠠᠢᠪᠠᠯ ᠵᠠᠪᠠᠯ ᠱᠦᠭᠦᠷᠳᠡᠨ ᠠᠷᠢᠯᠭᠠᠬᠤ᠂ ᠬᠠᠷᠭᠢᠰ ᠬᠦᠴᠦᠨ᠎ᠢ ᠬᠤᠭ ᠦᠭᠡᠢ ᠠᠷᠢᠯᠭᠠᠬᠤ ᠡᠷᠡᠰ ᠵᠣᠷᠢᠭ ᠪᠠ ᠬᠠᠳᠠᠨ ᠵᠣᠷᠢᠭ᠎ᠢᠶᠠᠷ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠠᠵᠢᠯ᠎ᠢ ᠪᠠᠢᠩᠭᠤᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠱᠢᠨ᠎ᠡ ᠳᠦᠷᠰᠦ ᠪᠠᠢᠳᠠᠯ᠎ᠢᠶᠠᠷ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠰᠠᠢᠨ ᠡᠬᠢᠯᠡᠯᠲᠡ᠎ᠶ᠋ᠢ ᠠᠬᠢᠭᠤᠯᠵᠤ᠂ ᠱᠢᠨ᠎ᠡ ᠦᠷ᠎ᠡ ᠪᠦᠲᠦᠮᠵᠢ᠂ ᠱᠢᠨ᠎ᠡ ᠠᠮᠵᠢᠯᠲᠠ ᠪᠦᠲᠦᠮᠵᠢ᠎ᠪᠠᠷ᠎ᠢᠶᠠᠨ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠪᠣᠯᠤᠨ᠎ᠠ᠃

ᠣᠷᠴᠢᠭᠤᠯᠤᠭ᠍ᠴᠢ᠄ᠯᠢ ᠰᠠᠷᠠᠭᠤᠯ
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号