ᠥᠪᠥᠷ ᠮᠣᠩᠭᠤᠯ ᠵᠡᠭᠦᠨᠰᠢ ᠪᠠᠷᠠᠭᠤᠨᠰᠢ ᠨᠠᠷᠢᠬᠠᠨ ᠤᠷᠳᠤ ᠪᠠᠢᠵᠤ᠂ ᠤᠮᠠᠷᠠᠲᠤ᠎ᠶ᠋ᠢᠨ ᠭᠤᠷᠪᠡᠨ ᠤᠷᠤᠨ᠎ᠢ ᠰᠤᠨᠳᠠᠯᠠᠵᠤ᠂ ᠭᠠᠵᠠᠷ ᠣᠷᠣᠨ᠎ᠤ ᠬᠤᠭᠤᠷᠣᠨᠳᠣᠬᠢ ᠬᠥᠭ᠌ᠵᠢᠯᠲᠡ ᠲᠡᠩᠴᠡᠭᠦᠷᠢ ᠦᠭᠡᠶ ᠵᠣᠬᠢᠴᠠᠩᠭᠤᠶ ᠪᠤᠰᠤ ᠪᠠᠢᠬᠤ᠎ᠨᠢ ᠮᠠᠨ᠎ᠤ ᠣᠷᠣᠨ᠎ᠤ ᠦᠨᠳᠦᠰᠦᠨ ᠪᠠᠢᠳᠠᠯ ᠪᠣᠯᠤᠨ᠎ᠠ᠃
ᠠᠵᠤ ᠦᠢᠯᠡᠰ᠎ᠤᠨ ᠪᠠᠢᠷᠢ ᠲᠣᠭ᠍ᠲᠠᠭᠠᠯᠲᠠ ᠪᠠ ᠭᠤᠣᠯ ᠱᠢᠪᠲᠤᠯᠤᠯᠲᠠ᠎ᠶ᠋ᠢᠨ ᠴᠢᠭ᠌ᠯᠡᠯ᠎ᠢ ᠣᠨᠣᠪᠴᠢᠲᠠᠢ ᠣᠯᠵᠤ᠂ ᠪᠦᠲᠦᠴᠡ᠎ᠶ᠋ᠢ ᠲᠤᠬᠢᠷᠠᠭᠤᠯᠬᠤ᠂ ᠠᠷᠭ᠎ᠠ ᠬᠡᠯᠪᠡᠷᠢ᠎ᠶ᠋ᠢ ᠬᠤᠪᠢᠷᠠᠭᠤᠯᠬᠤ᠂ ᠬᠥᠳᠡᠯᠭᠡᠬᠦ᠌ ᠡᠨᠧᠷᠭᠢ᠎ᠶ᠋ᠢ ᠰᠣᠯᠢᠬᠤ ᠲᠠᠯ᠎ᠠ᠎ᠪᠠᠷ ᠬᠦᠴᠦ᠍ ᠣᠷᠣᠭᠤᠯᠵᠤ᠂ ᠱᠢᠨ᠎ᠡ᠎ᠶ᠋ᠢ ᠡᠭᠦᠳᠬᠦ᠂ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯ᠎ᠢ ᠭᠦᠢᠴᠡᠳ ᠬᠢᠬᠦ᠌ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ᠂ ᠥᠪᠥᠷ ᠮᠣᠩᠭᠤᠯ᠎ᠤᠨ ᠣᠨᠴᠠᠯᠢᠭ᠎ᠢ ᠢᠯᠡᠷᠡᠭᠦᠯᠦᠭ᠌ᠰᠡᠨ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠦᠨᠡᠨ ᠬᠦ᠌ ᠵᠠᠮᠨᠠᠬᠤ ᠬᠡᠷᠡᠭ᠌ᠲᠡᠢ᠃
ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠲᠣᠨᠣᠭ᠍ᠯᠠᠯ ᠦᠢᠯᠡᠳᠬᠦ᠂ ᠲᠣᠭᠠᠴᠢᠯᠠᠭ᠍ᠰᠠᠨ ᠠᠵᠤ ᠠᠬᠤᠢ᠂ ᠪᠣᠬᠢᠷᠲᠤᠯ ᠦᠭᠡᠢ ᠲᠡᠮᠦᠷᠯᠢᠭ ᠬᠠᠢᠯᠤᠭᠤᠯᠬᠤ ᠁ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ᠎ᠢ ᠬᠥᠭ᠌ᠵᠢᠭᠦᠯᠬᠦ᠂ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠬᠦ᠂ ᠦᠢᠯᠡᠴᠢᠯᠡᠭᠡᠨ᠎ᠤ ᠦᠢᠯᠡᠰ᠎ᠤᠨ ᠲᠤᠯᠭᠠᠭᠤᠷᠢ ᠠᠵᠤ ᠦᠢᠯᠡᠰ᠎ᠢ ᠪᠤᠢᠵᠢᠭᠤᠯᠬᠤ᠎ᠨᠢ ᠥᠪᠥᠷ ᠮᠣᠩᠭᠤᠯ᠎ᠤᠨ ᠣᠳᠣᠬᠠᠨ᠎ᠤ ᠴᠢᠨᠠᠭ᠍ᠰᠢᠯᠠᠪᠠᠯ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠠᠵᠤ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠭᠤᠣᠯ ᠱᠢᠪᠲᠤᠯᠤᠯᠲᠠ᠎ᠶ᠋ᠢᠨ ᠴᠢᠭ᠌ᠯᠡᠯ ᠪᠣᠯᠤᠨ᠎ᠠ᠃
ᠣᠢᠷ᠎ᠠ᠎ᠶ᠋ᠢᠨ ᠵᠢᠯ᠎ᠤᠨ ᠲᠤᠷᠰᠢ᠂ ᠶᠡᠷᠦᠩᠬᠡᠶ ᠱᠦᠵᠢ ᠰᠢ᠎ᠶ᠋ᠢᠨ ᠫᠢᠩ ᠥᠪᠥᠷ ᠮᠣᠩᠭᠤᠯ᠎ᠤᠨ ᠠᠵᠢᠯ᠎ᠳᠤ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭ᠌ᠴᠦ᠂ ᠥᠪᠥᠷ ᠮᠣᠩᠭᠤᠯ ᠳᠠᠪᠠᠭᠤᠯᠢᠭ᠎ᠲᠠᠭᠠᠨ ᠰᠠᠭᠤᠷᠢᠯᠠᠨ᠂ ᠳᠠᠯᠳᠠ ᠬᠦᠴᠦᠨ᠎ᠢᠶᠠᠨ ᠠᠭᠤᠳᠠᠯᠵᠤ᠂ ᠳᠠᠪᠠᠭᠤᠯᠢᠭ᠎ᠢᠶᠠᠨ ᠪᠠᠳᠠᠷᠠᠭᠤᠯᠵᠤ ᠳᠤᠲᠠᠭᠤᠳᠠᠯ᠎ᠢᠶᠠᠨ ᠨᠥᠬᠦᠪᠥᠷᠢᠯᠡᠨ᠂ ᠤᠯᠠᠮᠵᠢᠯᠠᠯᠲᠤ ᠠᠵᠤ ᠦᠢᠯᠡᠰ ᠣᠯᠠᠨ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ ᠴᠥᠭᠡᠨ᠂ ᠳᠤᠤᠷᠠᠳᠤ ᠲᠠᠰ᠎ᠤᠨ ᠠᠵᠤ ᠦᠢᠯᠡᠰ ᠣᠯᠠᠨ ᠳᠡᠭᠡᠳᠦ ᠲᠠᠰ᠎ᠤᠨ ᠠᠵᠤ ᠦᠢᠯᠡᠰ ᠴᠥᠭᠡᠨ᠂ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠢᠯᠡᠰ ᠣᠯᠠᠨ ᠥᠨᠳᠥᠷ ᠨᠡᠮᠡᠯᠲᠡ ᠥᠷᠲᠡᠭ ᠪᠥᠬᠦᠶ ᠠᠵᠤ ᠦᠢᠯᠡᠰ ᠴᠥᠭᠡᠨ᠂ ᠬᠥᠳᠡᠯᠮᠦᠷᠢ ᠨᠢᠭ᠍ᠲᠠᠷᠬᠠᠰᠠᠨ ᠬᠡᠯᠪᠡᠷᠢ᠎ᠶ᠋ᠢᠨ ᠠᠵᠤ ᠦᠢᠯᠡᠰ ᠣᠯᠠᠨ ᠬᠥᠷᠥᠩᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠲᠥᠪᠯᠡᠷᠡᠭ᠌ᠰᠡᠨ ᠬᠡᠯᠪᠡᠷᠢ᠎ᠶ᠋ᠢᠨ ᠠᠵᠤ ᠦᠢᠯᠡᠰ ᠴᠥᠭᠡᠨ ᠪᠠᠢᠬᠤ ᠪᠠᠢᠳᠠᠯ᠎ᠢ ᠴᠢᠷᠮᠠᠢᠨ ᠬᠤᠪᠢᠷᠠᠭᠤᠯᠵᠤ᠂ ᠣᠯᠠᠨ ᠡᠱᠢᠵᠢᠨ ᠬᠥᠭ᠌ᠵᠢᠭ᠌ᠰᠡᠨ᠂ ᠣᠯᠠᠨ ᠲᠦᠢᠯ᠎ᠢᠶᠠᠷ ᠲᠤᠯᠭᠠᠭᠤᠷᠢᠯᠠᠭ᠍ᠰᠠᠨ ᠣᠲᠣ ᠦᠶ᠎ᠡ᠎ᠶ᠋ᠢᠨ ᠠᠵᠤ ᠦᠢᠯᠡᠰ᠎ᠤᠨ ᠱᠢᠨ᠎ᠡ ᠱᠢᠰᠲ᠋ᠧᠮ᠎ᠢ ᠪᠠᠢᠭᠤᠯᠤᠨ᠂ ᠳᠠᠪᠠᠭᠤᠯᠢᠭ ᠲᠣᠪᠤᠢᠮ᠎ᠠ᠂ ᠪᠦᠲᠦᠴᠡ ᠵᠣᠬᠢᠰᠲᠠᠶ᠂ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠭ᠍ᠰᠠᠨ᠂ ᠣᠷᠣᠨ ᠪᠦᠰᠡ ᠵᠣᠬᠢᠴᠠᠩᠭᠤᠶ᠂ ᠬᠤᠲᠠ ᠬᠥᠳᠡᠭᠡ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ》᠂ 《ᠱᠢᠷᠣᠢ ᠮᠠᠯᠲᠠᠵᠤ ᠱᠢᠷᠣᠢ ᠬᠤᠳᠠᠯᠳᠤᠬᠤ》 ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠦᠳᠦᠭᠦᠯᠢᠭ ᠵᠠᠭ᠍ᠪᠤᠷ᠎ᠢ ᠲᠦᠢᠯᠪᠤᠷᠢᠲᠠᠢ ᠬᠤᠪᠢᠷᠠᠭᠤᠯᠵᠤ᠂ ᠱᠢᠨ᠎ᠡ ᠮᠡᠷᠭᠡᠵᠢᠯ᠂ ᠱᠢᠨ᠎ᠡ ᠡᠵᠡᠩᠨᠡᠯᠲᠡ᠎ᠶ᠋ᠢᠨ ᠪᠠᠢᠳᠠᠯ᠂ ᠱᠢᠨ᠎ᠡ ᠵᠠᠭ᠍ᠪᠤᠷ᠎ᠢ ᠬᠡᠷᠡᠭ᠌ᠯᠡᠨ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠦᠨ᠂ ᠠᠵᠤ ᠦᠢᠯᠡᠰ᠎ᠤᠨ ᠬᠡᠯᠬᠢᠶᠡᠰᠦ᠎ᠶ᠋ᠢ ᠤᠷᠲᠤᠳᠭᠠᠵᠤ᠂ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠢᠯᠡᠰ᠎ᠤᠨ ᠳᠡᠭᠡᠳᠦ ᠲᠡᠰᠵᠢᠭᠦᠯᠬᠦ᠂ ᠣᠶᠣᠨᠴᠢᠯᠠᠬᠤ᠂ ᠪᠣᠬᠢᠷᠲᠤᠯ ᠦᠭᠡᠶ᠂ ᠦᠢᠯᠡᠴᠢᠯᠡᠭᠡᠵᠢᠭ᠌ᠰᠡᠨ ᠬᠥᠭ᠌ᠵᠢᠯᠲᠡ᠎ᠶ᠋ᠢ ᠠᠬᠢᠭᠤᠯᠤᠨ᠎ᠠ᠃
ᠰᠡᠳᠭᠢᠬᠦᠢ᠎ᠶ᠋ᠢᠨ ᠰᠣᠯᠢᠭ᠍ᠳᠠᠯ᠎ᠠᠴᠠ ᠠᠵᠢᠯᠯᠠᠭ᠎ᠠ᠎ᠶ᠋ᠢᠨ ᠨᠠᠢᠳᠠᠪᠤᠷᠢᠵᠢᠭᠤᠯᠤᠯᠲᠠ ᠬᠦᠷᠲᠡᠯ᠎ᠡ᠂ ᠥᠪᠥᠷ ᠮᠣᠩᠭᠤᠯ᠎ᠤᠨ ᠡᠯ᠎ᠡ ᠭᠠᠵᠠᠷ᠎ᠤᠨ᠎ᠬᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠂ ᠠᠵᠤ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠱᠢᠨ᠎ᠡ ᠠᠶᠠᠨ᠎ᠢᠶᠠᠨ ᠪᠦᠬᠦ᠌ ᠲᠠᠯ᠎ᠠ᠎ᠪᠠᠷ ᠡᠬᠢᠯᠡᠭᠦᠯᠵᠡᠢ᠃
ᠦᠵᠡᠭ᠌ᠳᠡᠯ 1
ᠲᠣᠭᠠᠴᠢᠯᠠᠭ᠍ᠰᠠᠨ ᠠᠵᠤ ᠠᠬᠤᠢ᠎ᠶ᠋ᠢᠨ 《ᠴᠠᠰᠤᠨ ᠪᠥᠮᠪᠦᠭᠡ》 ᠪᠦᠮᠪᠦᠷᠢᠬᠦ᠌ ᠲᠤᠳᠤᠮ ᠲᠤᠮᠤᠷᠠᠵᠤ ᠪᠤᠢ
ᠣᠢᠷ᠎ᠠ᠎ᠶ᠋ᠢᠨ ᠵᠢᠯ᠎ᠳᠤ᠂ ᠤᠯᠠᠭᠠᠨᠴᠠᠪ ᠬᠤᠲᠠ ᠣᠷᠣᠨ ᠪᠠᠢᠷᠢ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠠᠭᠤᠷ ᠠᠮᠢᠰᠭᠤᠯ ᠵᠡᠷᠭᠡ ᠳᠠᠪᠠᠭᠤᠯᠢᠭ᠎ᠲᠠᠭᠠᠨ ᠲᠦᠱᠢᠭ᠌ᠯᠡᠨ᠂ ᠡᠭᠦᠯᠡᠨ ᠪᠤᠳᠤᠯᠲᠠ᠂ ᠲᠣᠮᠣ ᠳ᠋ᠠᠢᠲ᠋ᠠ᠎ᠶ᠋ᠢ ᠭᠤᠤᠯᠳᠠᠯᠭ᠎ᠠ᠎ᠲᠠᠢ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠵᠤ ᠦᠢᠯᠡᠰ ᠪᠣᠯᠭᠠᠨ᠂ 《ᠲᠠᠯ᠎ᠠ ᠨᠤᠲᠤᠭ᠎ᠤᠨ ᠡᠭᠦᠯᠡᠨ ᠬᠥᠨᠳᠡᠶ》 ᠨᠠᠷᠠᠲᠤ ᠲᠡᠮᠳᠡᠭ᠎ᠢ ᠪᠥᠬᠦ᠌ ᠬᠦᠴᠦᠨ᠎ᠢᠶᠠᠷ᠎ᠢᠶᠠᠨ ᠡᠭᠦᠳᠴᠦ᠍᠂ ᠲᠣᠭᠠᠴᠢᠯᠠᠭ᠍ᠰᠠᠨ ᠠᠵᠤ ᠠᠬᠤᠶ᠎ᠶ᠋ᠢᠨ 《ᠴᠠᠰᠤᠨ ᠪᠥᠮᠪᠦᠭᠡ》 ᠪᠦᠮᠪᠦᠷᠢᠬᠦ᠌ ᠲᠤᠲᠤᠮ ᠥᠷᠭᠡᠵᠢᠪᠡ᠃ ᠣᠳᠣᠬᠠᠨ᠎ᠳᠤ᠂ ᠪᠦᠬᠦ᠌ ᠬᠤᠲᠠ᠎ᠶ᠋ᠢᠨ ᠭᠡᠷ᠎ᠡ ᠲᠣᠭ᠍ᠲᠠᠭ᠍ᠰᠠᠨ ᠲᠤᠭ᠎ᠠ ᠪᠠᠷᠢᠮᠲᠠ᠎ᠶ᠋ᠢᠨ ᠲᠥᠪ᠎ᠤᠨ ᠲᠥᠷᠦᠯ ᠵᠦᠢᠯ 11 ᠪᠠᠢᠵᠤ᠂ ᠶᠡᠷᠦᠩᠬᠡᠢ ᠪᠡᠯᠡ ᠣᠷᠣᠭᠤᠯᠤᠯᠲᠠ 542.2 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 59 % ᠪᠠᠷ ᠨᠡᠮᠡᠭ᠌ᠳᠡᠪᠡ᠃ ᠵᠣᠬᠢᠶᠠᠮᠠᠯ ᠣᠶᠤᠨᠴᠢ ᠴᠢᠳᠠᠪᠤᠷᠢ᠂ ᠲᠣᠮᠣ ᠳ᠋ᠠᠢᠲ᠋ᠠ᠂ ᠢᠨᠲ᠋ᠧᠷ ᠰᠦᠯᠵᠢᠶ᠎ᠡ ᠵᠡᠷᠭᠡ ᠱᠢᠨ᠎ᠡ ᠠᠵᠤ ᠠᠬᠤᠶ᠎ᠶ᠋ᠢᠨ ᠬᠠᠮᠢᠶ᠎ᠠ ᠪᠥᠬᠦᠶ ᠪᠦᠯᠬᠦᠮ ᠨᠡᠢᠲᠡ ᠪᠠ ᠠᠵᠤ ᠠᠬᠤᠢᠯᠠᠯ 30 ᠪᠠᠢᠵᠤ᠂ ᠪᠥᠬᠦ᠌ ᠬᠤᠲᠠ᠎ᠶ᠋ᠢᠨ ᠲᠣᠮᠣ ᠳ᠋ᠠᠢᠲ᠋ᠠ᠎ᠶ᠋ᠢᠨ ᠠᠵᠤ ᠦᠢᠯᠡᠰ᠎ᠤᠨ ᠬᠡᠯᠬᠢᠶ᠎ᠡ ᠲᠠᠰᠤᠷᠠᠯᠲᠠ ᠥᠬᠡᠶ ᠲᠡᠭᠦᠯᠳᠡᠷᠵᠢᠵᠦ᠍᠂ ᠲᠣᠭᠠᠴᠢᠯᠠᠭ᠍ᠰᠠᠨ ᠠᠵᠤ ᠠᠬᠤᠶ᠎ᠶ᠋ᠢᠨ ᠵᠠᠬ᠎ᠠ ᠳᠡᠯᠭᠡᠭᠦᠷ᠎ᠤᠨ ᠣᠷᠣᠨ ᠵᠠᠶ ᠠᠯᠬᠤᠮ ᠠᠯᠬᠤᠮ᠎ᠢᠶᠠᠷ ᠨᠡᠭᠡᠭᠡᠭ᠌ᠳᠡᠪᠡ᠃
ᠡᠨᠡ ᠵᠢᠯ᠂ ᠲᠣᠰ ᠬᠤᠲᠠ᠎ᠶ᠋ᠢᠨ᠎ᠬᠢᠨ ᠳ᠋ᠠᠢᠲ᠋ᠠ᠎ᠶ᠋ᠢᠨ ᠲᠥᠪ᠂ ᠦᠶᠯᠡᠴᠢᠯᠡᠭᠡ᠎ᠶ᠋ᠢ ᠭᠠᠳᠠᠭ᠍ᠰᠢ ᠳᠠᠭᠠᠭᠠᠴᠢᠯᠠᠭᠤᠯᠬᠤ ᠵᠡᠷᠭᠡ ᠠᠵᠤ ᠦᠢᠯᠡᠰ᠎ᠤᠨ ᠵᠣᠬᠢᠴᠠᠩᠭᠤᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠤᠨ᠂ ᠲᠣᠮᠣ ᠳ᠋ᠠᠢᠲ᠋ᠠ᠎ᠶ᠋ᠢᠨ ᠭᠦᠨᠵᠡᠭᠡᠶ ᠬᠡᠷᠡᠭ᠌ᠯᠡᠭᠡ᠎ᠶ᠋ᠢ ᠲᠦᠷᠭᠡᠳᠭᠡᠵᠦ᠍᠂ ᠲᠣᠭᠠᠴᠢᠯᠠᠭ᠍ᠰᠠᠨ ᠠᠵᠤ ᠠᠬᠤᠶ᠎ᠶ᠋ᠢ ᠬᠥᠭ᠌ᠵᠢᠭᠦᠯᠬᠦ᠌ ᠲᠠᠯ᠎ᠠ᠎ᠪᠠᠷ ᠱᠢᠨ᠎ᠡ ᠠᠵᠠ ᠲᠣᠬᠢᠶᠠᠯ᠎ᠢ ᠠᠮᠵᠢᠨ᠂ ᠱᠢᠨ᠎ᠡ ᠪᠠᠢᠳᠠᠯ᠎ᠢ ᠨᠡᠭᠡᠭᠡᠵᠦ᠍᠂ ᠤᠯᠠᠭᠠᠨᠴᠠᠪ ᠬᠤᠲᠠ᠎ᠶ᠋ᠢᠨ ᠲᠠᠪᠠᠯᠳᠠᠳᠤ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠪᠤᠢ᠃
ᠦᠵᠡᠭ᠌ᠳᠡᠯ 2
ᠡᠷᠳᠡᠨᠢ ᠱᠢᠰᠢ᠎ᠶ᠋ᠢᠨ ᠠᠵᠤ ᠦᠢᠯᠡᠰ᠎ᠤᠨ ᠬᠡᠯᠬᠢᠶ᠎ᠡ ᠤᠯᠠᠮ᠎ᠠᠴᠠ ᠤᠯᠠᠮ ᠤᠷᠳᠤ ᠪᠤᠯᠵᠤ ᠪᠤᠢ
ᠺᠠᠢᠯᠦ᠍ ᠱᠢᠶᠠᠨ ᠪᠣᠯ 《ᠪᠦᠬᠦ᠌ ᠤᠯᠤᠰ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠲᠡᠷᠢᠭᠦᠨ᠎ᠤ ᠱᠢᠶᠠᠨ》 ᠪᠠᠢᠵᠤ᠂ ᠳᠡᠯᠡᠬᠡᠢ᠎ᠶ᠋ᠢᠨ ᠱᠢᠵᠢᠷ ᠠᠯᠳᠠᠨ ᠡᠷᠳᠡᠨᠢ ᠱᠢᠰᠢ᠎ᠶ᠋ᠢᠨ ᠪᠦᠰᠡ᠎ᠳᠤ ᠪᠠᠢᠷᠢᠯᠠᠵᠤ ᠪᠤᠢ᠃ ᠣᠢᠷ᠎ᠠ᠎ᠶ᠋ᠢᠨ ᠵᠢᠯ᠎ᠳᠤ᠂ ᠺᠠᠢᠯᠦ᠍ ᠱᠢᠶᠠᠨ ᠲᠣᠰ ᠪᠡᠶ᠎ᠡ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠨ᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠬᠦᠴᠦᠯᠡᠨ ᠱᠢᠯᠢᠳᠡᠭ᠌ᠵᠢᠭᠦᠯᠵᠦ᠍᠂ ᠴᠢᠨᠠᠷ ᠰᠠᠢᠲᠠᠶ ᠦᠢᠯᠡᠴᠢᠯᠡᠭᠡ᠎ᠪᠠᠷ ᠢᠦᠶ ᠸᠠᠩ ᠺᠣᠮᠫᠠᠨᠢ᠂ ᠬᠤᠸᠠ ᠱᠦ᠍ ᠠᠮᠢᠳᠤ ᠪᠣᠳᠠᠰ᠂ ᠺᠠᠶ ᠶᠣᠣ ᠪᠦᠯᠦᠭ᠌ᠯᠡᠯ ᠵᠡᠷᠭᠡ ᠨᠢᠭᠡ ᠪᠦᠯᠦᠭ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠤ ᠠᠬᠤᠢᠯᠠᠯ᠎ᠢ ᠵᠠᠯᠭᠠᠭ᠎ᠠ᠎ᠪᠠᠷ ᠲᠡᠳᠡᠨ ᠣᠷᠣᠭᠤᠯᠵᠠᠶ᠃ ᠣᠳᠣᠬᠠᠨ᠎ᠳᠤ᠂ ᠲᠣᠰ ᠱᠢᠶᠠᠨ᠎ᠤ ᠱᠢᠷᠣᠶ᠎ᠶ᠋ᠢᠨ ᠬᠥᠭᠡᠴᠦᠰᠦᠶ᠋ᠢᠨ ᠵᠢᠯ᠎ᠤᠨ ᠭᠠᠷᠤᠯᠲᠠ᠎ᠨᠢ ᠪᠥᠬᠦ᠌ ᠤᠯᠤᠰ᠎ᠤᠨ 47.5% ᠶ᠋ᠢ ᠡᠵᠡᠯᠡᠵᠦ᠍᠂ ᠪᠥᠬᠦ᠌ ᠳᠡᠯᠡᠬᠡᠶ᠎ᠶ᠋ᠢᠨ ᠭᠠᠷᠤᠯᠲᠠ᠎ᠶ᠋ᠢᠨ 38% ᠶ᠋ᠢ ᠡᠵᠡᠯᠡᠨ᠂ ᠨᠢᠶᠠᠨ ᠳᠠᠷᠤᠭ᠍ᠴᠢ᠂ ᠸᠢᠲ᠋ᠠᠮᠢᠨ᠂ ᠰᠫᠢᠷᠲ ᠪᠣᠯᠤᠨ ᠲᠦᠯᠡᠱᠢᠨ ᠡᠲ᠋ᠢᠯ ᠠᠯᠺᠣᠣᠯ᠂ ᠱᠢᠪᠲᠦᠷᠲᠦ ᠬᠦᠴᠢᠯ ᠵᠢᠴᠢ ᠡᠷᠳᠡᠨᠢ ᠱᠢᠰᠢ᠎ᠶ᠋ᠢᠨ ᠲᠤᠰᠠᠯᠠᠬᠤ ᠱᠢᠷᠢᠰ ᠦᠢᠯᠡᠳᠬᠦᠨ ᠵᠡᠷᠭᠡ 6 ᠠᠵᠤ ᠦᠢᠯᠡᠰ᠎ᠤᠨ ᠬᠡᠯᠬᠢᠶ᠎ᠡ᠎ᠶ᠋ᠢ ᠪᠦᠷᠢᠯᠳᠦᠭᠦᠯᠦᠨ᠂ 160 ᠭᠠᠷᠤᠶ ᠵᠦᠢᠯ᠎ᠤᠨ ᠦᠢᠯᠡᠳᠬᠦᠨ᠎ᠢ ᠨᠠᠷᠢᠯᠢᠭ ᠪᠣᠯᠪᠠᠰᠤᠷᠠᠭᠤᠯᠵᠤ᠂ ᠵᠢᠯ᠎ᠳᠤ 250 ᠲᠦᠮᠡᠨ ᠲᠣᠨ ᠡᠷᠳᠡᠨᠢ ᠱᠢᠰᠢ᠎ᠶ᠋ᠢ ᠬᠤᠪᠢᠷᠠᠭᠤᠯᠵᠤ ᠪᠠᠢᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠰᠡᠭᠦᠯᠴᠢ ᠪᠣᠯᠳᠠᠯ᠎ᠠ᠂ ᠪᠥᠬᠦ᠌ ᠱᠢᠶᠠᠨ᠎ᠤ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠤ ᠠᠬᠤᠢᠯᠠᠯ᠎ᠢ 40 ᠪᠣᠯᠭᠠᠨ᠂ ᠨᠠᠷᠢᠯᠢᠭ ᠡᠳ᠋ᠱᠢᠭᠦᠯᠦᠭ᠌ᠰᠡᠨ ᠦᠢᠯᠡᠳᠬᠦᠨ᠎ᠢ 350 ᠠᠴᠠ ᠳᠡᠭᠡᠭ᠌ᠰᠢ᠎ᠳᠤ ᠬᠦᠷᠭᠡᠵᠦ᠍᠂ ᠦᠢᠯᠡᠳᠬᠦᠨ᠎ᠤ ᠥᠷᠲᠡᠭ᠎ᠢ 300 ᠳ᠋ᠦᠩᠱᠢᠭᠤᠷ ᠲᠥᠭᠦᠷᠢᠭ ᠪᠡᠶᠡᠯᠡᠭᠦᠯᠦᠨ᠂ ᠳᠤᠮᠳᠠᠳᠤ ᠤᠯᠤᠰ᠎ᠤᠨ ᠬᠠᠮᠤᠭ᠎ᠤᠨ ᠶᠡᠭᠡ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠢᠰᠭᠡᠯᠲᠡ᠎ᠶ᠋ᠢᠨ ᠰᠠᠭᠤᠷᠢᠨ᠂ ᠤᠯᠤᠰ᠎ᠤᠨ ᠲᠠᠰ᠎ᠤᠨ ᠲᠦᠭᠦᠬᠡᠶ ᠮᠠᠲ᠋ᠧᠷᠢᠶᠠᠯ᠎ᠤᠨ ᠡᠮ᠎ᠤᠨ ᠰᠠᠭᠤᠷᠢᠨ ᠪᠣᠯᠤᠨ ᠤᠯᠤᠰ᠎ᠤᠨ ᠲᠠᠰ᠎ᠤᠨ ᠲᠣᠮᠣ ᠡᠷᠡᠭᠦᠯ ᠮᠡᠨᠳᠦ᠎ᠶ᠋ᠢᠨ ᠠᠵᠤ ᠦᠢᠯᠡᠰ᠎ᠤᠨ ᠰᠠᠭᠤᠷᠢᠨ᠎ᠢ ᠪᠥᠲᠥᠭᠡᠨ ᠪᠠᠢᠭᠤᠯᠬᠤ᠎ᠪᠠᠷ ᠲᠥᠯᠥᠪᠯᠡᠵᠦ᠍ ᠪᠣᠶ᠃
ᠦᠵᠡᠭ᠌ᠳᠡᠯ 3
《5G + ᠢᠨᠲ᠋ᠧᠷ ᠰᠦᠯᠵᠢᠶ᠎ᠡ》 ᠶ᠋ᠢᠨ ᠬᠡᠷᠡᠭ᠌ᠯᠡᠭᠡ ᠶᠠᠪᠤᠬᠤ ᠲᠤᠲᠤᠮ ᠥᠷᠭᠡᠵᠢᠵᠦ᠍ ᠪᠤᠢ
ᠨᠡᠭᠦᠷᠡᠰᠦᠨ ᠠᠭᠤᠷᠬᠠᠶ᠎ᠶ᠋ᠢᠨ ᠠᠵᠢᠯᠴᠢᠳ᠎ᠤᠨ ᠰᠥᠨᠢ᠎ᠶ᠋ᠢᠨ ᠡᠭᠡᠯᠵᠢ ᠬᠢᠬᠦ᠌ ᠦᠭᠡᠶ ᠭᠡᠰᠡᠨ ᠬᠦᠰᠡᠯ᠎ᠨᠢ ᠣᠷᠳᠣᠰ᠎ᠤᠨ ᠮᠠ ᠳ᠋ᠢ ᠯᠢᠶᠠᠩ ᠨᠡᠭᠦᠷᠡᠰᠦᠨ ᠠᠭᠤᠷᠬᠠᠶ᠎ᠳᠤ ᠪᠡᠶᠡᠯᠡᠭ᠌ᠳᠡᠵᠡᠶ᠃
2020 ᠣᠨ᠎ᠤ 12 ᠰᠠᠷ᠎ᠠ᠎ᠳᠤ᠂ ᠤᠯᠤᠰ᠎ᠤᠨ ᠡᠨᠧᠷᠭᠢ᠎ᠶ᠋ᠢᠨ ᠲᠣᠪᠴᠢᠶ᠎ᠠ ᠪᠣᠯᠤᠨ ᠨᠡᠭᠦᠷᠡᠰᠦᠨ᠎ᠤ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠮᠠ ᠳ᠋ᠢ ᠯᠢᠶᠠᠩ ᠨᠡᠭᠦᠷᠡᠰᠦᠨ ᠠᠭᠤᠷᠬᠠᠶ᠎ᠶ᠋ᠢ ᠲᠦᠷᠦᠭᠦᠦ ᠪᠦᠯᠦᠭ᠎ᠤᠨ ᠤᠶᠤᠨᠲᠤ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠨᠡᠷᠡᠰ᠎ᠲᠤ ᠣᠷᠣᠭᠤᠯᠵᠤ᠂ ᠪᠥᠬᠦ᠌ ᠠᠭᠤᠷᠬᠠᠶ᠎ᠶ᠋ᠢᠨ ᠣᠷᠣᠨ᠎ᠤ ᠭᠠᠵᠠᠷ ᠳᠡᠭᠡᠷᠡᠬᠢ ᠬᠤᠳᠳᠤᠭ᠎ᠲᠤ 5G ᠴᠢᠮᠡᠭᠡ ᠬᠤᠯᠪᠣᠭ᠎ᠠ᠎ᠶ᠋ᠢ ᠪᠦᠬᠦᠨ᠎ᠢ ᠪᠦᠷᠬᠦᠭᠦᠯᠪᠡ᠃ ᠤᠶᠤᠨᠲᠤ ᠡᠵᠡᠮᠳᠡᠯ᠎ᠤᠨ ᠲᠠᠪᠴᠠᠩ᠂ 5G ᠲᠣᠭᠤᠷᠢᠨ ᠪᠠᠢᠴᠠᠭᠠᠬᠤ ᠮᠠᠱᠢᠨ ᠬᠥᠮᠦᠨ᠂ 5G ᠵᠢᠯᠣᠭᠤᠴᠢ ᠥᠬᠡᠶ ᠮᠠᠱᠢᠨ ᠵᠡᠷᠭᠡ ᠭᠤᠷᠪᠠᠨ ᠵᠦᠢᠯ᠎ᠤᠨ 5G ᠬᠡᠷᠡᠭ᠌ᠯᠡᠯᠲᠡ᠎ᠪᠠᠷ ᠳᠡᠮᠵᠢᠨ ᠮᠠ ᠳ᠋ᠢ ᠯᠢᠶᠠᠩ ᠨᠡᠭᠦᠷᠡᠰᠦᠨ ᠠᠭᠤᠷᠬᠠᠶ᠎ᠶ᠋ᠢᠨ ᠬᠤᠳᠳᠤᠭ᠎ᠲᠤ ᠵᠢᠯᠤᠭᠤᠴᠢ ᠬᠡᠷᠡᠭ᠌ᠰᠡᠬᠦ᠌ ᠦᠭᠡᠢ ᠭᠤᠮ ᠬᠦᠷᠳᠦᠲᠦ ᠲᠡᠷᠭᠡ ᠬᠡᠷᠡᠭ᠌ᠯᠡᠬᠦ᠌᠎ᠶ᠋ᠢ ᠪᠡᠶᠡᠯᠡᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠬᠤᠭᠤᠰᠣᠨ᠎ᠢ ᠨᠥᠬᠦᠪᠥᠷᠢᠯᠡᠪᠡ᠃ ᠲᠤᠰ ᠮᠡᠷᠭᠡᠵᠢᠯ᠎ᠤᠨ ᠬᠡᠷᠡᠭ᠌ᠯᠡᠯᠲᠡ᠎ᠨᠢ ᠬᠦᠮᠦᠨ᠎ᠠᠴᠠ ᠪᠤᠯᠤᠭ᠍ᠰᠠᠨ ᠠᠳᠡᠭᠦᠦ ᠠᠵᠢᠯᠯᠠᠭ᠎ᠠ᠂ ᠶᠠᠳᠠᠷᠠᠬ᠍ᠰᠡᠨ ᠪᠠᠢᠳᠡᠯ᠎ᠢᠶᠠᠷ ᠮᠠᠱᠢᠨ ᠵᠢᠯᠣᠭᠤᠳᠭᠤ᠂ ᠳᠦᠷᠢᠮ᠎ᠠᠴᠠ ᠵᠥᠷᠢᠴᠡᠨ ᠠᠵᠢᠯᠯᠠᠬᠤ ᠵᠡᠷᠭᠡ᠎ᠠᠴᠠ ᠪᠣᠯᠤᠭ᠍ᠰᠠᠨ ᠲᠡᠭᠡᠭᠡᠪᠦᠷᠢ᠎ᠶ᠋ᠢᠨ ᠠᠳᠡᠯ᠎ᠠᠴᠠ ᠪᠦᠲᠦᠮᠵᠢᠲᠡᠶ ᠵᠠᠢᠯᠠᠰᠭᠢᠵᠦ᠍ ᠴᠢᠳᠠᠪᠠ᠃
ᠠᠶᠠᠨ ᠵᠠᠮ ᠤᠷᠲᠤ ᠤᠳᠠᠭᠠᠨ ᠤᠴᠢᠷ᠎ᠠᠴᠠ ᠵᠦᠪᠬᠡᠨ ᠲᠡᠮᠡᠴᠡᠬᠦ᠌ ᠯᠡ ᠬᠡᠷᠡᠭ᠌ᠳᠡᠢ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠶ᠋ᠢᠨ ᠲᠤᠰᠠᠲᠠ ᠥᠪᠥᠷ ᠮᠣᠩᠭᠤᠯ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠶᠯᠡᠴᠢᠯᠡᠬᠦ᠌ ᠪᠠ ᠠᠭᠤᠰᠤᠯᠴᠠᠨ᠂ ᠠᠵᠤ ᠦᠢᠯᠡᠰ᠎ᠤᠨ ᠪᠠᠢᠷᠢ ᠲᠣᠭ᠍ᠲᠠᠭᠠᠯᠲᠠ ᠪᠣᠯᠤᠨ ᠭᠤᠤᠯ ᠱᠢᠪᠲᠤᠯᠤᠯᠲᠠ᠎ᠶ᠋ᠢᠨ ᠴᠢᠭ᠌ᠯᠡᠯ᠎ᠢ ᠣᠨᠣᠪᠴᠢᠲᠠᠶ ᠡᠷᠢᠵᠦ᠍᠂ ᠪᠦᠲᠦᠴᠡ᠎ᠶ᠋ᠢ ᠲᠣᠬᠢᠷᠠᠭᠤᠯᠬᠤ᠂ ᠠᠷᠭ᠎ᠠ ᠬᠡᠯᠪᠡᠷᠢ᠎ᠶ᠋ᠢ ᠬᠤᠪᠢᠷᠠᠭᠤᠯᠬᠤ᠂ ᠬᠥᠳᠡᠯᠭᠡᠬᠦ᠌ ᠡᠨᠧᠷᠭᠢ᠎ᠶ᠋ᠢ ᠰᠣᠯᠢᠬᠤ᠎ᠳᠤ ᠬᠦᠴᠦ᠍ ᠣᠷᠣᠭᠤᠯᠵᠤ᠂ ᠱᠢᠨ᠎ᠡ᠎ᠶ᠋ᠢ ᠡᠭᠦᠳᠬᠦ᠂ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯ᠎ᠢ ᠭᠦᠢᠴᠡᠳ ᠬᠢᠵᠦ᠍᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ᠂ ᠥᠪᠥᠷ ᠮᠣᠩᠭᠤᠯ᠎ᠤᠨ ᠣᠨᠴᠠᠯᠢᠭ᠎ᠢ ᠢᠯᠡᠷᠡᠭᠦᠯᠦᠭ᠌ᠰᠡᠨ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠭ᠍ᠰᠠᠨ᠂ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠴᠢᠷᠮᠠᠢᠨ ᠵᠠᠮᠨᠠᠨ᠎ᠠ᠃
— ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠢ ᠪᠤᠢᠵᠢᠭᠤᠯᠤᠨ᠎ᠠ᠃ ᠠᠵᠤ ᠦᠢᠯᠡᠰ᠎ᠤᠨ ᠡᠬᠢ ᠪᠠᠶᠠᠯᠢᠭ᠂ ᠬᠡᠪᠴᠢᠶ᠎ᠡ᠂ ᠢᠵᠢ ᠪᠦᠷᠢᠳᠦᠭ᠌ᠰᠡᠨ ᠳᠠᠪᠠᠭᠤᠯᠢᠭ ᠪᠣᠯᠤᠨ ᠬᠡᠰᠡᠭ ᠬᠦᠷᠢᠶᠡᠨ᠎ᠳᠤ ᠤᠷᠢᠳ᠎ᠢᠶᠠᠷ ᠬᠥᠭ᠌ᠵᠢᠭ᠌ᠰᠡᠨ ᠳᠠᠪᠠᠭᠤᠯᠢᠭ᠎ᠲᠠᠭᠠᠨ ᠰᠠᠭᠤᠷᠢᠯᠠᠨ᠂ ᠣᠳᠣ ᠦᠶ᠎ᠡ᠎ᠶ᠋ᠢᠨ ᠲᠣᠨᠤᠭ ᠲᠥᠬᠦᠭᠡᠷᠦᠮᠵᠢ ᠦᠢᠯᠡᠳᠬᠦ᠌ ᠦᠢᠯᠡᠰ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠡᠨᠧᠷᠭᠢ ᠠᠷᠪᠢᠯᠠᠨ ᠣᠷᠴᠢᠨ ᠲᠣᠭᠤᠷᠢᠨ᠎ᠢ ᠬᠠᠮᠠᠭᠠᠯᠠᠬᠤ᠂ ᠨᠡᠢᠳᠡᠮ ᠬᠡᠷᠡᠭ᠌ᠯᠡᠭᠡᠨ᠎ᠤ ᠠᠭᠠᠷ᠎ᠤᠨ ᠲᠡᠭᠡᠭᠡᠪᠦᠷᠢ ᠵᠡᠷᠭᠡ ᠠᠵᠤ ᠦᠢᠯᠡᠰ᠎ᠢ ᠶᠡᠬᠡᠪᠡᠷ ᠬᠥᠭ᠌ᠵᠢᠭᠦᠯᠵᠦ᠍᠂ ᠲᠦᠷᠦᠯ ᠲᠡᠮᠳᠡᠭ ᠪᠦᠬᠦᠢ ᠦᠢᠯᠡᠳᠬᠦᠨ ᠪᠣᠯᠤᠨ ᠲᠠᠭᠠᠭᠤᠯᠤᠬ᠍ᠴᠢ ᠠᠵᠤ ᠠᠬᠤᠢᠯᠠᠯ᠎ᠢ ᠢᠳᠡᠪᠬᠢᠲᠡᠶ᠎ᠪᠠᠷ ᠪᠤᠢᠵᠢᠭᠤᠯᠤᠨ᠎ᠠ᠃
— ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠦᠨ᠎ᠡ᠃ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ᠂ ᠳᠡᠭᠡᠳᠦ ᠱᠢᠨ᠎ᠡ ᠮᠡᠷᠭᠡᠵᠢᠯ ᠪᠠ ᠲᠡᠷᠢᠭᠦᠨ᠎ᠤ ᠬᠡᠷᠡᠭ᠌ᠯᠡᠭᠡᠨ᠎ᠤ ᠮᠡᠷᠭᠡᠵᠢᠯ᠎ᠢᠶᠠᠷ ᠤᠯᠠᠮᠵᠢᠯᠠᠯᠲᠤ ᠠᠵᠤ ᠦᠢᠯᠡᠰ ᠪᠠ ᠤᠯᠠᠮᠵᠢᠯᠠᠯᠲᠤ ᠠᠵᠤ ᠠᠬᠤᠢᠯᠠᠯ᠎ᠢ ᠥᠭᠡᠷᠡᠴᠢᠯᠡᠬᠦ᠌᠎ᠶ᠋ᠢ ᠲᠦᠷᠭᠡᠳᠭᠡᠵᠦ᠍᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠦᠪᠥᠷᠢᠯᠡᠵᠦ᠍ ᠬᠡᠯᠬᠢᠶ᠎ᠡ᠎ᠶ᠋ᠢ ᠥᠷᠭᠡᠳᠭᠡᠬᠦ᠌᠎ᠶ᠋ᠢ ᠲᠦᠯᠬᠢᠨ ᠠᠬᠢᠭᠤᠯᠤᠨ᠂ ᠤᠯᠠᠮᠵᠢᠯᠠᠯᠲᠤ ᠠᠵᠤ ᠦᠢᠯᠡᠰ᠎ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ᠎ᠶ᠋ᠢ ᠲᠦᠯᠬᠢᠨ ᠠᠬᠢᠭᠤᠯᠤᠨ᠎ᠠ᠃
— ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠲᠠᠪᠠᠭᠤᠯᠢᠭ᠎ᠢᠶᠠᠨ ᠪᠠᠳᠠᠷᠠᠭᠤᠯᠵᠤ᠂ ᠳᠤᠲᠠᠭᠤᠳᠠᠯ᠎ᠢᠶᠠᠨ ᠨᠥᠬᠦᠪᠥᠷᠢᠯᠡᠬᠦ᠌ ᠱᠠᠭᠠᠷᠳᠠᠯᠭ᠎ᠠ ᠶᠣᠰᠣᠭᠠᠷ᠂ ᠠᠮᠤᠷ ᠲᠦᠪᠱᠢᠨ ᠨᠠᠢᠳᠠᠪᠤᠷᠢᠲᠠᠢ ᠤᠶᠠᠨ ᠬᠠᠳᠠᠨ ᠴᠢᠨᠠᠷᠲᠠᠢ᠂ ᠬᠥᠳᠡᠯᠦᠩᠭᠦᠢ ᠲᠡᠩᠴᠡᠭᠦᠷᠢᠲᠡᠢ ᠠᠮᠢᠵᠢᠷᠠᠯ᠎ᠤᠨ ᠬᠦᠴᠦᠨ᠎ᠲᠠᠢ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠱᠢᠰᠲ᠋ᠧᠮ᠎ᠢ ᠪᠠᠢᠭᠤᠯᠤᠨ᠎ᠠ᠃
— ᠲᠣᠭᠠᠴᠢᠯᠠᠭ᠍ᠰᠠᠨ ᠠᠵᠤ ᠠᠬᠤᠶ᠎ᠶ᠋ᠢ ᠪᠤᠢᠵᠢᠭᠤᠯᠤᠨ ᠪᠤᠵᠠᠭᠠᠢᠷᠠᠭᠤᠯᠤᠨ᠎ᠠ᠃ ᠤᠯᠤᠰ᠎ᠤᠨ ᠲᠠᠰ᠎ᠤᠨ ᠲᠣᠭᠠᠴᠢᠯᠠᠭ᠍ᠰᠠᠨ ᠠᠵᠤ ᠠᠬᠤᠶ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠲᠣᠭᠠᠴᠢᠯᠠᠭ᠍ᠰᠠᠨ ᠰᠠᠭᠤᠷᠢ ᠪᠡᠯᠡᠳᠭᠡᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠲᠤᠭ᠎ᠠ ᠪᠠᠷᠢᠮᠲᠠ᠎ᠶ᠋ᠢᠨ ᠡᠬᠢ ᠪᠠᠶᠠᠯᠢᠭ᠎ᠤᠨ ᠱᠢᠰᠲ᠋ᠧᠮᠵᠢ᠎ᠶ᠋ᠢ ᠲᠡᠭᠦᠯᠳᠡᠷᠵᠢᠭᠦᠯᠵᠦ᠍᠂ ᠲᠣᠭᠠᠴᠢᠯᠠᠯᠲᠠ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠤᠨ᠂ ᠲᠣᠭᠠᠴᠢᠯᠠᠭ᠍ᠰᠠᠨ ᠦᠢᠯᠡᠳᠪᠦᠷᠢᠯᠡᠯ᠎ᠤᠨ ᠬᠦᠴᠦᠨ᠎ᠢ ᠳᠡᠭᠡᠭ᠌ᠰᠢᠯᠡᠭᠦᠯᠦᠨ᠎ᠡ᠃
ᠬᠦᠭ᠌ᠵᠢᠯᠲᠡ᠎ᠶ᠋ᠢᠨ ᠱᠢᠨ᠎ᠡ ᠭᠠᠷᠤᠭᠠᠨ ᠳᠡᠭᠡᠷᠡᠬᠢ ᠥᠪᠥᠷ ᠮᠣᠩᠭᠤᠯ ᠬᠠᠷᠠᠯᠲᠠ ᠲᠣᠳᠣ᠂ ᠵᠠᠮ ᠲᠣᠳᠣᠷᠬᠠᠶ᠂ ᠠᠷᠭ᠎ᠠ ᠬᠡᠮᠵᠢᠶ᠎ᠡ ᠬᠦᠴᠦᠲᠡᠶ᠂ ᠡᠷᠴᠢ ᠵᠣᠷᠢᠭ ᠲᠡᠭᠦᠯᠳᠡᠷ ᠪᠠᠢᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃