ᠲᠤᠮᠤ ᠬᠡᠯᠪᠡᠷᠢ᠎ᠶ᠋ᠢᠨ ᠲᠡᠷᠢᠶᠠᠯᠠᠩ᠎ᠤᠨ ᠮᠠᠱᠢᠨ ᠦᠨᠡᠬᠡᠷ ᠰᠠᠢᠨ
2021-04-13 09:20:51
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

ᠲᠦᠴᠢᠦᠸᠠᠨ ᠱᠢᠶᠠᠨ᠎ᠤ ᠬᠠᠷᠢᠶᠠᠨ᠎ᠳᠤ ᠰᠠᠭᠤᠷᠢᠱᠢᠭ᠎ᠠ ᠬᠢᠩᠭᠠᠨ ᠠᠳᠠᠷ ᠬᠠᠭᠠᠯᠪᠦᠷᠢᠯᠠᠯᠳᠠ᠎ᠶ᠋ᠢᠨ ᠲᠠᠯᠠᠪᠠᠢ᠎ᠶ᠋ᠢᠨ ᠲᠦᠷᠦᠯᠵᠢ ᠲᠠᠷᠢᠶᠠᠯᠠᠩ᠎ᠤᠨ ᠲᠠᠯᠠᠪᠠᠢ᠎ᠶ᠋ᠢᠨ ᠬᠤᠶᠠᠳᠤᠭᠠᠷ ᠪᠠᠷᠢᠭᠠᠳᠠ᠎ᠶ᠋ᠢᠨ ᠨᠡᠭᠡᠭᠡᠨ ᠬᠥᠭ᠌ᠵᠢᠭᠦᠯᠦᠯᠲᠡ᠎ᠶ᠋ᠢᠨ ᠣᠷᠣᠨ᠎ᠤ ᠲᠠᠯ᠎ᠠ᠎ᠶ᠋ᠢᠨ ᠲᠡᠷᠢᠶᠠᠠ᠎ᠳᠤ ᠲᠤᠮᠤ ᠲᠷᠠᠺᠲ᠋ᠣᠷ᠎ᠤᠨ ᠬᠦᠷᠴᠢᠭᠢᠨᠡᠨ ᠥᠩᠭᠡᠷᠡᠬᠦ᠌᠎ᠶ᠋ᠢ ᠲᠡᠭᠠᠯᠳᠤᠠ ᠭᠠᠵᠠᠷ ᠲᠡᠭ᠌ᠰᠢᠯᠡᠬᠦ᠂ ᠭᠤᠤᠷᠰᠤ ᠠᠷᠢᠯᠭᠠᠬᠤ᠂ ᠬᠦᠷᠦᠰᠦ ᠵᠦᠬᠡᠯᠡᠷᠡᠬᠦᠯᠬᠦ᠂ ᠳᠠᠯᠠᠩ ᠪᠤᠰᠭᠠᠬᠤ ᠵᠡᠷᠬᠡ ᠠᠵᠢᠯ᠎ᠤᠳ᠎ᠢ ᠨᠢᠬᠡ ᠯᠡ ᠲᠡᠬᠡᠷ᠎ᠠ ᠬᠦᠢᠴᠠᠳᠭᠡᠵᠥ᠍ ᠲᠠᠷᠢᠶ᠎ᠠ ᠲᠠᠷᠢᠬᠤ᠎ᠳᠤ ᠪᠡᠯᠡᠬᠡᠨ ᠪᠤᠯᠤᠭ᠍ᠰᠠᠨ ᠪᠠᠢᠨ᠎ᠠ᠃


QQ截图20210413085103.jpg


ᠲᠠᠷᠢᠶᠠᠨ ᠭᠠᠵᠠᠷ᠎ᠢ ᠲᠡᠭ᠌ᠰᠢᠯᠡᠭ᠌ᠰᠡᠡ ᠶᠠᠰᠤ ᠴᠢᠨᠠᠷ᠎ᠢ ᠪᠠᠢᠴᠠᠭᠠᠵᠤ ᠦᠵᠡᠬᠦ᠌᠎ᠪᠠᠷ ᠢᠷᠡᠭ᠌ᠰᠡᠨ ᠲᠤᠰ ᠪᠠᠷᠢᠭᠠᠳᠠ᠎ᠶ᠋ᠢᠨ ᠯᠢ ᠴᠠᠩ ᠹᠧᠩ᠄ 《ᠲᠣᠮᠣ ᠬᠡᠯᠪᠡᠷᠢ᠎ᠶ᠋ᠢᠨ ᠲᠠᠷᠢᠶᠠᠯᠠᠩ᠎ᠤᠨ ᠮᠠᠱᠢᠨ᠎ᠢᠶᠠᠷ ᠲᠠᠷᠢᠶᠠᠯᠠᠬᠤ ᠦᠨᠡᠬᠡᠷ ᠰᠠᠢᠨ᠂ ᠭᠤᠤᠷᠰᠤ᠎ᠶ᠋ᠢ ᠨᠢᠬᠡ ᠯᠡ ᠲᠡᠬᠡᠷ᠎ᠠ ᠴᠡᠪᠠᠷᠯᠡᠵᠥ᠍᠂ ᠳᠠᠯᠠᠩ᠎ᠢ ᠴᠦ᠍ ᠦᠨᠳᠤᠷ ᠪᠤᠰᠭᠠᠵᠡᠢ᠂ ᠳᠥᠷᠪᠡᠨ ᠬᠦᠷᠳᠦᠳᠤ ᠵᠢᠵᠢᠭ ᠲᠡᠷᠡᠺᠲ᠋ᠤᠷ᠎ᠢᠶᠠᠷ ᠠᠵᠢᠯᠯᠠᠬᠤ᠎ᠲᠠᠢ ᠬᠠᠷᠢᠴᠠᠭᠤᠯᠬᠤ᠎ᠶ᠋ᠢᠨ ᠠᠷᠭ᠎ᠠ ᠦᠬᠡᠢ》 ᠬᠡᠵᠥ᠍ ᠪᠠᠢᠯ᠎ᠠ᠃

ᠡᠨᠡ ᠪᠤᠯ ᠲᠤᠰ ᠪᠠᠷᠢᠭᠠᠳᠠ᠎ᠶ᠋ᠢᠨ ᠨᠠᠮ᠎ᠤᠨ ᠡᠭᠦᠷ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠎ᠢ ᠪᠠᠢᠭᠤᠯᠵᠤ᠂ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠴᠦ ᠪᠠᠢᠭ᠎ᠠ᠎ᠨᠢ ᠡᠨᠡ ᠠᠵᠢ᠃ ᠲᠠᠳᠠ ᠠᠵᠢᠯᠲᠠᠨ ᠠᠵᠢᠯᠴᠢᠨ᠎ᠤ ᠶᠡᠭᠡ ᠬᠤᠷᠠᠯ᠎ᠢᠶᠠᠷ ᠶᠠᠷᠢᠯᠴᠠᠵᠥ᠍ ᠪᠠᠲᠤᠯᠠᠭ᠍ᠰᠠᠨ᠎ᠤ ᠳᠠᠷᠠᠭ᠎ᠠ᠂ ᠲᠣᠮᠣ ᠬᠡᠯᠪᠡᠷᠢ᠎ᠶ᠋ᠢᠨ ᠲᠠᠷᠢᠶᠠᠯᠠᠩ᠎ᠤᠨ ᠮᠠᠱᠢᠨ᠎ᠤ ᠡᠵᠡᠨ᠎ᠲᠠᠢ ᠬᠠᠷᠢᠯᠴᠠᠵᠤ᠂ ᠠᠵᠢᠯᠲᠠᠨ ᠠᠵᠢᠯᠴᠢᠨ᠎ᠳᠤ ᠲᠠᠷᠢᠶᠠᠨ ᠭᠠᠵᠠᠷ᠎ᠢ ᠲᠡᠭ᠌ᠰᠢᠯᠡᠵᠦ᠍ ᠥᠭ᠌ᠬᠦ᠎ᠶ᠋ᠢᠨ ᠬᠠᠮᠲᠤ ᠠᠵᠢᠯᠲᠠᠨ ᠠᠵᠢᠯᠴᠢᠨ᠎ᠲᠠᠢ ᠬᠡᠷ᠎ᠠ ᠲᠣᠭ᠍ᠲᠠᠵᠤ᠂ ᠵᠢᠯ᠎ᠤᠨ ᠡᠴᠦᠰ᠎ᠲᠤ ᠡᠷᠳᠡᠨᠢ ᠱᠢᠰᠢ᠎ᠶ᠋ᠢᠨ ᠡᠰᠢ ᠰᠦᠷᠡᠯ᠎ᠢ ᠰᠦᠢᠳᠭᠡᠯ ᠠᠪᠬᠤ ᠦᠬᠡᠢ ᠬᠤᠷᠢᠶᠠᠵᠦ᠍ ᠭᠠᠵᠠᠷ ᠲᠡᠭ᠌ᠰᠢᠯᠡᠬᠦ᠌ ᠵᠠᠷᠤᠳᠠᠯ᠎ᠢ ᠤᠷᠤᠯᠠᠭᠤᠯᠵᠠᠢ᠃ ᠡᠨᠡ ᠵᠢᠯ ᠲᠤᠰ ᠪᠠᠷᠢᠭᠠᠳᠠ 3000 ᠮᠥ᠍ ᠲᠠᠷᠢᠶᠠᠨ ᠭᠠᠵᠠᠷ᠎ᠢ ᠨᠢᠭᠡᠳᠦᠯᠲᠡᠶ ᠲᠡᠭ᠌ᠰᠢᠯᠡᠨ᠎ᠡ᠂ ᠡᠨᠡ ᠬᠦ᠌ ᠠᠷᠭ᠎ᠠ᠎ᠨᠢ ᠠᠵᠢᠯᠲᠠᠨ ᠠᠵᠢᠯᠴᠢᠳ᠎ᠲᠤ 6 ᠲᠦᠮᠡᠨ ᠲᠥᠭᠦᠷᠢᠭ ᠠᠷᠪᠢᠯᠠᠵᠤ ᠥᠭ᠌ᠭᠦᠨ᠎ᠡ᠃

ᠯᠢ ᠴᠠᠩ ᠹᠧᠩ᠄ 《ᠪᠢ 130 ᠭᠠᠷᠤᠶ ᠮᠥ᠍ ᠲᠠᠷᠢᠶᠠᠨ ᠭᠠᠵᠠᠷ ᠳᠡᠭᠡᠷ᠎ᠠ ᠲᠤᠮᠤ ᠮᠠᠱᠢᠨ᠎ᠢᠶᠠᠷ ᠳᠠᠷᠢᠶᠠᠯᠠᠬᠤ᠎ᠪᠠᠷ ᠬᠡᠷ᠎ᠠ ᠲᠣᠭ᠍ᠲᠠᠵᠠᠶ᠂ ᠭᠠᠵᠠᠷ ᠲᠡᠭ᠌ᠰᠢᠯᠡᠬᠦ᠌ ᠶᠠᠰᠤ ᠴᠢᠨᠠᠷ᠎ᠨᠢ ᠰᠠᠢᠨ᠂ ᠨᠠᠮᠤᠷ᠎ᠤᠨ ᠰᠡᠭᠦᠯᠴᠢ᠎ᠪᠠᠷ ᠡᠰᠢ ᠰᠦᠷᠡᠯ᠎ᠢ  ᠱᠢᠢᠳᠪᠦᠷᠢᠯᠡᠬᠦ᠌ ᠭᠡᠵᠦ᠍ ᠰᠠᠨᠠᠭ᠎ᠠ ᠵᠣᠪᠠᠭ᠍ᠤ ᠬᠡᠷᠡᠭ ᠥᠬᠡᠶ ᠪᠤᠯᠤᠬ᠍ᠰᠠᠠ》 ᠬᠡᠵᠥ᠍ ᠶᠠᠷᠢᠵᠦ᠍ ᠪᠠᠢᠯ᠎ᠠ᠃

ᠪᠠᠷᠢᠭᠠᠳᠠ᠎ᠶ᠋ᠢᠨ ᠨᠠᠮ᠎ᠤᠨ ᠡᠭᠦᠷ᠎ᠤᠨ ᠱᠦᠵᠢ᠂ ᠪᠠᠷᠢᠭᠠᠳᠠ᠎ᠶ᠋ᠢᠨ ᠳᠠᠷᠤᠭ᠎ᠠ ᠱ᠌ᠢ ᠶᠦᠩ ᠱᠢᠤᠸᠠᠢ᠄ 《ᠡᠨᠡ ᠤᠳᠠᠭᠠᠨ᠎ᠤ ᠬᠠᠮᠲᠤᠷᠠᠨ ᠭᠠᠵᠠᠷ ᠲᠡᠭ᠌ᠰᠢᠯᠡᠬᠦ᠌᠎ᠪᠠᠷ ᠳᠠᠮᠵᠢᠨ᠂ ᠠᠵᠢᠯᠲᠠᠨ ᠠᠵᠢᠯᠴᠢᠨ᠎ᠳᠤ ᠲᠣᠮᠣ ᠬᠡᠯᠪᠡᠷᠢ᠎ᠶ᠋ᠢᠨ ᠲᠡᠷᠢᠶᠠᠯᠠᠩ᠎ᠤᠨ ᠮᠠᠱᠢᠠ᠎ᠤ ᠬᠠᠮᠲᠤᠷᠠᠨ ᠠᠵᠢᠯᠯᠠᠬᠤ ᠳᠠᠪᠠᠭᠤᠯᠢᠭ᠎ᠢ ᠲᠠᠨᠢᠭᠤᠯᠵᠤ᠂ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠴᠢᠯᠥᠭᠡᠯᠡᠵᠦ᠍᠂ ᠭᠠᠵᠠᠷ ᠱᠢᠷᠣᠶ᠎ᠶ᠋ᠢ ᠲᠠᠷᠢᠶ᠎ᠠ ᠳᠠᠷᠢᠬᠤ ᠲᠣᠮᠣ ᠡᠷᠦᠬᠡ᠎ᠳᠤ ᠱᠢᠯᠵᠢᠭᠦᠯᠵᠦ᠍᠂ ᠬᠡᠪᠴᠢᠶᠡᠵᠢᠭ᠌ᠰᠡᠨ᠂ ᠦᠢᠯᠡᠴᠢᠯᠡᠬᠦ᠌ ᠬᠡᠯᠪᠡᠷᠢ᠎ᠶ᠋ᠢᠨ ᠣᠲᠣ ᠦᠶ᠎ᠡ᠎ᠶ᠋ᠢᠨ ᠣᠶᠤᠨᠴᠢ ᠲᠠᠷᠢᠶᠠᠯᠠᠩ᠎ᠤᠨ ᠵᠠᠮ᠎ᠢᠶᠠᠷ ᠵᠠᠮᠨᠠᠭᠤᠯᠬᠤ᠎ᠪᠠᠷ ᠴᠢᠷᠮᠠᠢᠵᠥ᠍ ᠪᠠᠢᠨ᠎ᠠ》 ᠬᠡᠵᠥ᠍ ᠪᠠᠶᠠᠷᠳᠠᠢ ᠶᠠᠷᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号