ᠳ᠋ᠧᠯᠴᠢᠷ᠎ᠤᠨ ᠬᠦᠮᠦᠰ ᠭᠠᠯᠠᠭᠤ ᠳᠡᠵᠢᠬᠡᠵᠤ ᠪᠡᠶᠡᠵᠢᠯ᠎ᠤᠨ ᠵᠠᠮ᠎ᠢᠶᠠᠨ ᠡᠯᠬᠦᠯ᠎ᠠ
2021-04-13 09:16:03
ᠵᠣᠬᠢᠶᠠᠭ᠍ᠴᠢ᠄
ᠦ᠋ ᠴᠢᠩ ᠯᠠᠨ
ᠣᠩᠱᠢᠭ᠍ᠰᠠᠨ ᠣᠳᠠᠭ᠎ᠠ᠄
★★★☆☆

ᠲᠩᠷᠢ ᠭᠡᠭᠡᠷᠡᠮᠡᠭ᠌ᠴᠡ ᠭᠠᠯᠠᠭᠤ᠎ᠶ᠋ᠢᠨ 《ᠭᠠ ᠭᠠ》 ᠭᠡᠬᠦ᠌ ᠭᠠᠭᠠᠭ᠍ᠯᠠᠬᠤ ᠳᠠᠭᠤᠨ ᠬᠥᠳᠡᠭᠡ ᠲᠣᠰᠭᠤᠨ᠎ᠤ ᠨᠠᠮ ᠵᠢᠮ ᠪᠠᠢᠳᠠᠯ᠎ᠢ ᠡᠪᠳᠡᠨ᠎ᠡ᠃ 《ᠬᠤᠭᠤᠯᠠ᠎ᠪᠠᠨ ᠢᠳᠡ》 ᠭᠡᠵᠦ᠍ ᠬᠤᠶᠠᠷ ᠠᠵᠢᠯᠴᠢᠨ ᠱᠢᠭᠤᠳ ᠭᠠᠯᠠᠭᠤ᠎ᠶ᠋ᠢᠨ ᠰᠠᠷᠠᠪᠴᠢ᠎ᠶ᠋ᠢ ᠴᠢᠭ᠌ᠯᠡᠨ ᠬᠦᠷᠴᠦ᠍᠂ ᠬᠤᠭᠤᠯᠠᠨ ᠰᠠᠪᠡ᠎ᠶ᠋ᠢ ᠳᠦᠭᠦᠷᠭᠡᠬᠦ᠌᠎ᠳᠤ ᠭᠠᠯᠠᠭᠤ᠎ᠨᠤᠭᠤᠳ ᠪᠤᠯᠢᠶᠡᠯᠳᠤᠨ ᠢᠳᠡᠵᠡᠭᠡᠨ᠎ᠡ᠃ ᠭᠠᠯᠠᠭᠤ᠎ᠶ᠋ᠢᠨ ᠪᠦᠬᠦ᠌ ᠪᠠᠶ᠎ᠠ᠎ᠨᠢ ᠡᠷᠳᠡᠨᠢ ᠶᠤᠮ᠃ ᠥᠷᠭᠡᠨ ᠠᠭᠤᠳᠠᠮ ᠬᠥᠳᠡᠭᠡ ᠲᠣᠰᠭᠤᠨ᠎ᠳᠤ ᠭᠠᠯᠠᠭᠤ ᠲᠡᠵᠢᠭᠡᠬᠦ᠌᠎ᠨᠢ ᠨᠠᠩ ᠰᠠᠢᠨ ᠰᠠᠢᠬᠠᠨ ᠬᠥᠭ᠌ᠵᠢᠯᠲᠡ᠎ᠶ᠋ᠢᠨ ᠢᠷᠡᠭᠡᠳᠦᠶ᠎ᠲᠠᠢ ᠠᠵᠢ᠃

ᠣᠢᠷ᠎ᠠ᠎ᠶ᠋ᠢᠨ ᠵᠢᠯ᠎ᠠᠴᠠ ᠨᠠᠭᠠᠰᠢ᠂ ᠠᠷᠤᠨ ᠬᠤᠱᠢᠭᠤᠨ᠎ᠤ ᠳ᠋ᠧᠯᠴᠢᠷ ᠡᠸᠡᠩᠬᠢ ᠦᠨᠳᠦᠰᠦᠲᠡᠨ᠎ᠤ ᠱᠢᠶᠠᠩ ᠨᠠᠮ᠎ᠤᠨ ᠪᠠᠢᠭᠤᠯᠤᠯᠲᠠ᠎ᠪᠠᠷ ᠠᠵᠤ ᠦᠢᠯᠡᠰ᠎ᠤᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠵᠠᠭ᠍ᠪᠤᠷ᠎ᠢ ᠲᠠᠰᠤᠷᠠᠯᠲᠠ ᠥᠬᠡᠶ ᠰᠦᠪᠡᠭ᠌ᠴᠢᠯᠡᠵᠦ᠍᠂ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠨ ᠭᠠᠯᠠᠭᠤ ᠲᠡᠵᠢᠭᠡᠬᠦ᠌ ᠠᠵᠤ ᠦᠢᠯᠡᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠲᠣᠭ᠍ᠲᠠᠭᠠᠪᠠ᠃ ᠠᠵᠢᠯ᠎ᠤᠨ ᠳᠤᠮᠳᠠ᠂ 《ᠨᠠᠮ᠎ᠤᠨ ᠡᠭᠦᠷ + ᠬᠤᠷᠱᠢᠶ᠎ᠠ + ᠲᠣᠰᠭᠤᠨ᠎ᠤ ᠠᠷᠠᠳ + ᠵᠠᠬ᠎ᠠ ᠳᠡᠯᠭᠡᠭᠦᠷ》 ᠎ᠤᠨ ᠵᠠᠭ᠍ᠪᠤᠷ᠎ᠢ ᠭᠦᠢᠴᠡᠳ ᠪᠠᠳᠠᠷᠠᠭᠤᠯᠵᠤ᠂ 《ᠵᠠᠰᠠᠭ᠎ᠤᠨ ᠣᠷᠳᠣᠨ ᠲᠡᠳᠬᠦᠨ ᠳᠡᠮᠵᠢᠵᠦ᠍ ᠬᠥᠲᠥᠯᠥᠨ ᠵᠢᠯᠣᠭᠤᠳᠴᠤ᠌᠂ ᠨᠠᠮ᠎ᠤᠨ ᠭᠡᠱᠢᠭᠦᠨ ᠵᠢᠱ᠌ᠢᠶ᠎ᠡ ᠦᠵᠡᠭᠦᠯᠦᠨ ᠤᠷᠢᠳ᠎ᠢᠶᠠᠷ ᠬᠡᠷᠡᠭ᠌ᠵᠢᠭᠦᠯᠤᠨ᠂ ᠣᠯᠠᠨ ᠲᠦᠮᠡᠨ ᠨᠡᠢᠳᠡᠮ ᠣᠷᠣᠯᠴᠠᠵᠤ᠂ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠳᠠᠢᠴᠢᠯᠠᠬᠤ》 ᠵᠡᠷᠭᠡ ᠠᠷᠭ᠎ᠠ᠎ᠪᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ᠌ 6 ᠰᠠᠭᠤᠷᠢᠨ᠎ᠢ ᠲᠥᠪᠯᠡᠷᠡᠭᠦᠯᠦᠨ ᠪᠠᠢᠭᠤᠯᠵᠤ᠂ ᠭᠠᠯᠠᠭᠤ ᠲᠡᠵᠢᠭᠡᠬᠦ᠌ ᠠᠵᠤ ᠦᠢᠯᠡᠰ᠎ᠢ ᠪᠦᠬᠦᠯᠢ ᠴᠣᠭ᠍ᠴᠠ᠎ᠪᠠᠷ᠎ᠨᠢ ᠠᠬᠢᠭᠤᠯᠤᠨ᠂ ᠲᠣᠰᠭᠤᠨ᠎ᠤ ᠠᠷᠠᠳ᠎ᠢ ᠬᠥᠲᠥᠯᠥᠨ ᠲᠠᠭᠠᠭᠤᠯᠵᠤ ᠮᠢᠬᠠᠨ᠎ᠤ ᠭᠠᠯᠠᠭᠤ᠎ᠶ᠋ᠢᠨ ᠠᠵᠤ ᠦᠢᠯᠡᠰ᠎ᠢ ᠬᠥᠭ᠌ᠵᠢᠭᠦᠯᠪᠡ᠃

ᠳ᠋ᠧᠯᠴᠢᠷ ᠡᠸᠡᠩᠬᠢ ᠦᠨᠳᠦᠰᠦᠲᠡᠨ᠎ᠤ ᠱᠢᠶᠠᠩ᠎ᠤᠨ ᠨᠠᠮ᠎ᠤᠨ ᠬᠤᠷᠢᠶᠠᠨ᠎ᠤ ᠤᠳᠤᠷᠢᠳᠤᠯᠭ᠎ᠠ ᠳᠣᠣᠷ᠎ᠠ᠂ ᠡᠯ᠎ᠡ ᠲᠣᠰᠭᠤᠨ᠎ᠳᠤ ᠭᠠᠯᠠᠭᠤ ᠲᠡᠵᠢᠭᠡᠨ ᠦᠷᠡᠵᠢᠭᠦᠯᠬᠦ᠌ ᠲᠤᠰᠭᠠᠢ ᠬᠤᠷᠱᠢᠶ᠎ᠠ ᠪᠡ ᠨᠠᠮ᠎ᠤᠨ ᠡᠭᠦᠷ ᠪᠠᠢᠭᠤᠯᠤᠭ᠍ᠰᠠᠨ ᠪᠥᠭᠡᠳ 9 ᠲᠣᠰᠭᠤᠨ᠎ᠤ ᠲᠡᠰ᠎ᠤᠨ ᠲᠤᠰᠭᠠᠢ ᠬᠤᠷᠱᠢᠶ᠎ᠠ᠎ᠶ᠋ᠢᠨ ᠰᠠᠭᠤᠷᠢᠨ ᠳᠡᠭᠡᠷ᠎ᠡ ᠬᠤᠯᠪᠣᠭᠠᠲᠤ ᠲᠤᠰᠭᠠᠢ ᠬᠤᠷᠱᠢᠶ᠎ᠠ ᠪᠡ ᠬᠤᠯᠪᠣᠭᠠᠲᠤ ᠨᠠᠮ᠎ᠤᠨ ᠶᠡᠷᠦᠩᠬᠡᠢ ᠡᠭᠦᠷ ᠪᠠᠢᠭᠤᠯᠪᠠ᠃ ᠨᠢᠭᠡᠳᠦᠯᠲᠡᠶ ᠪᠣᠯᠪᠠᠰᠤᠷᠠᠭᠤᠯᠬᠤ᠂ ᠨᠢᠭᠡᠳᠦᠯᠲᠡᠶ ᠪᠥᠲᠥᠭᠡᠨ ᠪᠠᠢᠭᠤᠯᠬᠤ᠂ ᠨᠢᠭᠡᠳᠦᠯᠲᠡᠶ ᠬᠢᠵᠢᠭ ᠰᠡᠷᠭᠡᠢᠯᠡᠬᠦ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠳᠠᠭᠠᠤᠡᠬᠠᠯ᠎ᠳᠤ ᠤᠷᠤᠭᠤᠯᠬᠤ᠂ ᠨᠢᠭᠡᠳᠦᠯᠲᠡᠶ ᠵᠠᠬ᠎ᠠ ᠳᠡᠯᠭᠡᠭᠦᠷ᠎ᠲᠤ ᠭᠠᠷᠭᠠᠬᠤ 《ᠵᠢᠷᠭᠤᠭᠠᠨ ᠨᠢᠭᠡᠳᠤᠯᠲᠡᠢ》 ᠲᠡᠵᠢᠭᠡᠨ ᠦᠷᠡᠵᠢᠭᠦᠯᠬᠦ᠌ ᠵᠠᠭ᠍ᠪᠤᠷ᠎ᠢ ᠬᠡᠷᠡᠭ᠌ᠵᠢᠭᠦᠯᠵᠦ᠍᠂ ᠭᠠᠯᠠᠭᠤ ᠲᠡᠵᠢᠭᠡᠬᠦ᠌ ᠦᠢᠯᠡᠰ ᠡᠷᠴᠢᠮᠵᠢᠭ᠌ᠰᠡᠨ᠂ ᠬᠡᠪᠴᠢᠶᠡᠵᠢᠭ᠌ᠰᠡᠨ᠂ ᠱᠢᠨᠵᠢᠯᠡᠬᠦ᠌ ᠤᠬᠠᠭᠠᠨᠴᠢᠯᠠᠭ᠍ᠰᠠᠨ ᠵᠠᠮ᠎ᠢᠶᠠᠷ ᠵᠠᠮᠨᠠᠪᠡ᠃

ᠠᠵᠤ ᠦᠢᠯᠡᠰ᠎ᠤᠨ ᠬᠥᠭ᠌ᠵᠢᠯᠲᠡ ᠳᠤᠮᠳᠠ 《ᠵᠠᠰᠠᠭ᠎ᠤᠨ ᠣᠷᠳᠣᠨ ᠲᠡᠳᠬᠦᠨ ᠳᠡᠮᠵᠢᠵᠦ᠍ ᠬᠥᠲᠥᠯᠥᠨ ᠵᠢᠯᠣᠭᠤᠤᠡᠴᠤ᠌᠂ ᠨᠠᠮ᠎ᠤᠨ ᠭᠡᠱᠢᠭᠦᠨ ᠵᠢᠱ᠌ᠢᠶ᠎ᠡ ᠦᠵᠡᠭᠦᠯᠦᠨ ᠤᠷᠢᠳ᠎ᠢᠶᠠᠷ ᠭᠡᠷᠡᠭ᠌ᠵᠢᠬᠦᠯᠤᠨ᠂ ᠣᠯᠠᠨ ᠲᠦᠮᠡᠨ ᠨᠡᠢᠳᠡᠮ ᠣᠷᠣᠯᠴᠠᠵᠤ᠂ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠳᠠᠢᠴᠢᠯᠠᠬᠤ》 ᠵᠡᠷᠭᠡ ᠠᠷᠭ᠎ᠠ᠎ᠪᠠᠷ ᠳᠠᠮᠵᠢᠭᠤᠯᠤᠨ᠂ 《ᠨᠠᠮ᠎ᠤᠨ ᠡᠭᠦᠷ + ᠬᠤᠷᠱᠢᠶ᠎ᠠ + ᠲᠣᠰᠭᠤᠨ᠎ᠤ ᠠᠷᠠᠳ + ᠵᠠᠬ᠎ᠠ ᠳᠡᠯᠭᠡᠭᠦᠷ》 ᠎ᠤᠨ ᠠᠵᠢᠯᠯᠠᠭᠠᠨ᠎ᠤ ᠵᠠᠭ᠍ᠪᠤᠷ᠎ᠢ ᠭᠦᠢᠴᠡᠳ ᠪᠠᠳᠠᠷᠠᠭᠤᠯᠵᠤ᠂ ᠲᠥᠷᠥᠯ ᠵᠦᠶᠯ᠎ᠤᠨ ᠪᠠᠯᠠ ᠮᠥᠩᠭᠦ᠎ᠶ᠋ᠢ ᠭᠤᠶᠤᠴᠢᠯᠡᠨ ᠤᠯᠬᠤ᠎ᠶ᠋ᠢᠨ ᠬᠠᠮᠲᠤ 200 ᠭᠠᠷᠤᠶ ᠨᠠᠮ᠎ᠤᠨ ᠭᠡᠱᠢᠭᠦᠨ᠂ ᠣᠯᠠᠨ ᠲᠦᠮᠡᠨ᠎ᠢ ᠵᠣᠬᠢᠶᠠᠨ ᠪᠠᠢᠭᠤᠯᠵᠤ᠂ ᠪᠠᠯᠠ ᠮᠥᠩᠭᠦ᠎ᠪᠠᠷ ᠬᠤᠪᠢ ᠣᠷᠣᠵᠤ᠂ ᠲᠣᠰᠭᠤᠨ᠎ᠤ ᠱᠦᠵᠢ ᠲᠣᠰᠭᠤᠨ᠎ᠤ ᠺᠠᠳ᠋ᠷ᠂ ᠨᠠᠮ᠎ᠤᠨ ᠭᠡᠱᠢᠭᠦᠨ ᠪᠣᠯᠤᠨ ᠣᠯᠠᠨ ᠲᠦᠮᠡᠨ᠎ᠢ ᠳᠠᠭᠠᠭᠤᠯᠤᠨ ᠭᠠᠯᠠᠭᠤ ᠲᠡᠵᠢᠭᠡᠪᠡ᠃

ᠯᠦᠩ ᠳᠧᠦ ᠱᠠᠨ ᠲᠣᠰᠭᠤᠨ᠎ᠤ ᠨᠠᠮ᠎ᠤᠨ ᠡᠭᠦᠷ᠎ᠤᠨ ᠱᠦᠵᠢ ᠰᠦᠨ ᠴᠠᠩ ᠯᠢᠩ ᠡᠨᠡ ᠵᠢᠯ 60 ᠨᠠᠰᠤᠲᠠᠢ᠂ ᠱᠢᠶᠠᠩ᠎ᠤᠨ ᠨᠠᠮ᠎ᠤᠨ ᠬᠤᠷᠢᠶᠠᠨ᠎ᠤ ᠤᠷᠢᠶᠠᠯᠠᠭ᠎ᠠ ᠳᠣᠣᠷ᠎ᠠ᠂ ᠡᠷᠡᠰ ᠱᠢᠭᠤᠷᠬᠠᠢ᠎ᠪᠠᠷ ᠣᠷᠣ ᠳᠡᠪᠢᠰᠭᠡᠷ᠎ᠢᠶᠠᠨ ᠡᠭᠦᠷᠴᠦ᠍᠂ ᠬᠥᠭ᠌ᠰᠢᠨ᠎ᠲᠠᠢ᠎ᠪᠠᠨ ᠬᠤᠶᠠᠭᠤᠯᠠ ᠭᠠᠯᠠᠭᠤᠨ ᠫᠸᠡᠭ᠎ᠳᠤ ᠨᠡᠬᠦᠨ ᠢᠷᠡᠵᠤ ᠰᠠᠷ᠎ᠠ ᠭᠠᠷᠤᠢ ᠰᠠᠭᠤᠵᠡᠢ᠃ 《ᠱᠢᠶᠠᠩ᠎ᠤᠨ ᠨᠠᠮ᠎ᠤᠨ ᠬᠤᠷᠢ᠊ ᠡᠶ᠎ᠡ ᠮᠠᠨ᠎ᠳᠤ ᠡᠢᠮᠦ᠍ ᠰᠠᠢᠨ ᠲᠦᠷᠦᠯ ᠵᠦᠢᠯ᠎ᠢ ᠤᠯᠵᠤ ᠥᠭ᠌ᠭᠦᠭ᠌ᠰᠡᠨ ᠪᠣᠯᠬᠤᠷ ᠪᠢᠳᠡ ᠡᠷᠬᠡᠪᠰᠢ ᠰᠠᠢᠨ ᠬᠢᠬᠦ᠌ ᠭᠡᠷᠡᠭ᠌ᠳᠡᠢ᠂ ᠠᠷᠠᠳ ᠲᠦᠮᠡᠨ᠎ᠤ ᠬᠦᠰᠡᠯ᠎ᠢ ᠬᠥᠰᠡᠷᠳᠡᠭᠦᠯᠵᠦ᠍ ᠪᠣᠯᠬᠤ ᠦᠭᠡᠢ᠂ ᠪᠢᠳᠡ ᠳᠠᠭᠠᠭᠤᠯᠬᠤ ᠦᠢᠯᠡᠳᠦᠯ ᠦᠵᠡᠭᠦᠯᠵᠦ᠍᠂ ᠲᠣᠰᠭᠤᠨ᠎ᠤ ᠠᠷᠠᠳ᠎ᠤᠨ ᠪᠡᠶᠡᠵᠢᠨ ᠴᠢᠨᠡᠭᠡᠯᠢᠭ᠌ᠵᠢᠬᠦ᠌ ᠢᠲᠡᠭᠡᠯ ᠵᠣᠷᠢᠭ᠎ᠢ ᠬᠥᠪᠴᠢᠯᠡᠬᠦ᠌ ᠬᠡᠷᠡᠭ᠌ᠲᠡᠢ》 ᠭᠡᠵᠤ ᠰᠦᠨ ᠴᠠᠩ ᠯᠢᠩ ᠭᠡᠯᠡᠨ᠎ᠠ᠃

ᠳ᠋ᠧᠯᠴᠢᠷ ᠱᠢᠶᠠᠩ᠎ᠤᠨ ᠨᠠᠮ᠎ᠤᠨ ᠬᠤᠷᠢᠶᠠᠨ᠎ᠤ ᠱᠦᠵᠢ ᠵᠠᠩ ᠹᠦ᠋ ᠱᠠᠨ᠄ 《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠨᠠᠮ᠎ᠤᠨ ᠪᠠᠢᠭᠤᠯᠤᠯᠲᠠ᠎ᠶ᠋ᠢᠨ ᠠᠵᠢᠯ ᠡᠷᠬᠡᠪᠰᠢ ᠡᠮᠦᠨ᠎ᠡ ᠡᠩᠨᠡᠭᠡᠨ᠎ᠳᠤ ᠶᠠᠪᠤᠬᠤ ᠬᠡᠷᠡᠭ᠌ᠲᠡᠶ᠂ ᠪᠢᠳᠡ ᠵᠣᠬᠢᠶᠠᠨ ᠪᠠᠢᠭᠤᠯᠤᠯᠲᠠ᠎ᠶ᠋ᠢᠨ ᠬᠦᠴᠦᠨ᠎ᠢ ᠠᠱᠢᠬ᠍ᠯᠠᠨ᠂ ᠡᠯ᠎ᠡ ᠲᠠᠯ᠎ᠠ᠎ᠶ᠋ᠢ ᠨᠢᠭᠡ ᠴᠣᠭ᠍ᠴᠠᠵᠢᠭᠤᠯᠤᠨ ᠭᠠᠯᠠᠭᠤ ᠲᠡᠵᠢᠭᠡᠬᠦ᠌ ᠠᠵᠤ ᠦᠢᠯᠡᠰ᠎ᠢ ᠬᠥᠭ᠌ᠵᠢᠭᠦᠯᠵᠦ᠍᠂ ᠡᠨᠡ ᠵᠢᠯ ᠬᠤᠶᠠᠷ ᠪᠦᠯᠦᠭ ᠬᠤᠪᠢᠶᠠᠨ 20 ᠲᠦᠮᠡᠨ ᠴᠠᠭᠠᠨ ᠭᠠᠯᠠᠭᠤ ᠲᠡᠵᠢᠭᠡᠵᠡᠢ᠂ ᠡᠭᠦᠨ᠎ᠤ ᠳᠡᠭᠡᠷ᠎ᠡ ᠲᠠᠷᠢᠶᠠᠴᠢᠨ ᠡᠷᠦᠬᠡ 10 ᠲᠦᠮᠡᠨ ᠭᠠᠯᠠᠭᠤ ᠲᠡᠵᠢᠭᠡᠨ ᠦᠷᠡᠵᠢᠭᠦᠯᠵᠦ᠍᠂ ᠪᠥᠬᠦ᠌ ᠵᠢᠯ᠎ᠳᠤ 30 ᠲᠦᠮᠡᠨ ᠭᠠᠯᠠᠭᠤ ᠲᠡᠵᠢᠭᠡᠨ ᠦᠷᠡᠵᠢᠭᠦᠯᠵᠦ᠍᠂ 3 ᠵᠢᠯ᠎ᠤᠨ ᠳᠣᠲᠣᠷ᠎ᠠ ᠪᠥᠬᠦ᠌ ᠱᠢᠶᠠᠩ᠎ᠳᠤ 100 ᠲᠦᠮᠡᠨ ᠭᠠᠯᠠᠭᠤ ᠲᠡᠵᠢᠭᠡᠨ ᠦᠷᠡᠵᠢᠭᠦᠯᠬᠦ᠌᠎ᠪᠠᠷ ᠲᠥᠯᠥᠪᠯᠡᠵᠦ᠍᠂ 〈ᠭᠠᠯᠠᠭᠤ᠎ᠶ᠋ᠢᠨ ᠨᠤᠲᠤᠭ〉 ᠎ᠢ ᠬᠦᠴᠦᠯᠡᠨ ᠪᠠᠢᠭᠤᠯᠤᠨ᠎ᠠ》 ᠭᠡᠵᠦ᠍ ᠲᠠᠨᠢᠯᠴᠠᠭᠤᠯᠪᠠ᠃

ᠠᠵᠤ ᠦᠢᠯᠡᠰ ᠬᠥᠭ᠌ᠵᠢᠪᠡᠯ ᠠᠷᠠᠳ ᠢᠷᠭᠡᠳ ᠪᠠᠶᠠᠵᠢᠨ᠎ᠠ᠃ ᠳ᠋ᠧᠯᠴᠢᠷ ᠱᠢᠶᠠᠩ ᠭᠠᠯᠠᠭᠤ ᠲᠡᠵᠢᠭᠡᠬᠦ᠌ ᠠᠵᠤ ᠦᠢᠯᠡᠰ᠎ᠢ ᠬᠥᠭ᠌ᠵᠢᠭᠦᠯᠬᠦ᠌᠎ᠶ᠋ᠢᠨ ᠬᠠᠮᠲᠤ ᠪᠠᠰᠠ ᠬᠦᠴᠢᠷᠳᠡᠯᠲᠡᠢ ᠤᠯᠠᠨ ᠲᠦᠮᠡᠨ᠎ᠳᠤ ᠠᠵᠢᠯ᠎ᠤᠨ ᠪᠠᠢᠷᠢ ᠬᠠᠩᠭᠠᠵᠤ᠂ ᠲᠡᠳᠡᠨ᠎ᠢ ᠬᠦᠳᠦᠯᠦᠨ ᠵᠢᠯᠣᠭᠤᠳᠴᠤ᠌ ᠭᠠᠯᠠᠭᠤ ᠲᠡᠵᠢᠭᠡᠬᠦ᠌ ᠦᠢᠯᠡᠰ᠎ᠢ ᠬᠥᠭ᠌ᠵᠢᠭᠦᠯᠵᠦ᠍ ᠣᠷᠣᠯᠭ᠎ᠠ᠎ᠶ᠋ᠢ᠎ᠨᠢ ᠨᠡᠮᠡᠭ᠌ᠳᠡᠭᠦᠯᠪᠡ᠃

ᠳ᠋ᠧᠯᠴᠢᠷ ᠲᠣᠰᠭᠤᠨ᠎ᠤ ᠠᠷᠠᠳ ᠯᠢᠦ ᠯᠢ᠄ 《ᠮᠠᠨ᠎ᠳᠤ ᠲᠠᠷᠢᠶ᠎ᠠ ᠦᠭᠡᠢ᠂ ᠬᠥᠮᠦᠨ ᠠᠮᠠ ᠣᠯᠠᠨ᠂ ᠡᠬᠡᠨᠡᠷ᠎ᠤᠨ ᠪᠡᠶ᠎ᠡ᠎ᠨᠢ ᠪᠠᠰᠠ ᠮᠠᠭᠤ᠂ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠬᠦ᠌᠎ᠶ᠋ᠢᠨ ᠠᠷᠭ᠎ᠠ ᠦᠭᠡᠢ᠃ ᠨᠢᠳᠤᠨᠤᠨ᠎ᠤ 4 ᠰᠠᠷ᠎ᠠ᠎ᠠᠴᠠ ᠡᠬᠢᠯᠡᠨ ᠲᠤᠰᠭᠠᠢ ᠬᠤᠷᠱᠢᠶ᠎ᠠ᠎ᠳᠤ ᠬᠥᠯᠥᠰᠥᠨ ᠠᠵᠢᠯ ᠬᠢᠵᠦ᠍᠂ 3 ᠰᠠᠷ᠎ᠠ᠎ᠶ᠋ᠢᠨ ᠬᠤᠭᠤᠴᠠᠭᠠᠨ᠎ᠳᠤ ᠲᠦᠮᠡ ᠭᠠᠷᠤᠢ ᠲᠥᠭᠦᠷᠢᠭ ᠣᠯᠵᠤ᠂ ᠭᠡᠷ᠎ᠤᠨ᠎ᠢᠶᠠᠨ ᠡᠭᠦᠳᠡᠨ᠎ᠳᠤ ᠬᠥᠯᠥᠰᠥᠨ ᠠᠵᠢᠯ ᠬᠢᠭᠡᠳ ᠪᠠᠰᠠ ᠭᠡᠷ᠎ᠢᠶᠠᠨ ᠬᠠᠷᠠᠭᠠᠯᠵᠠᠴᠢᠬᠠᠨ᠎ᠡ᠂ ᠦᠨᠡᠬᠡᠷ ᠰᠠᠢᠨ》 ᠭᠡᠵᠦ᠍ ᠪᠠᠶᠠᠷᠲᠠᠢ ᠬᠡᠯᠡᠨ᠎ᠡ᠃

ᠬᠦᠩ ᠱᠢᠤᠸᠠᠢ ᠵᠦ᠍ ᠵᠡᠮᠳᠡᠭ ᠪᠣᠯᠬᠤᠷ ᠤᠤᠯ᠎ᠨᠢ ᠲᠤᠰ ᠲᠣᠰᠭᠤᠨ᠎ᠤ ᠲᠠᠩᠰᠠᠯᠠᠵᠦ᠍ ᠺᠠᠷᠲᠯᠠᠭ᠍ᠰᠠᠨ ᠶᠠᠳᠠᠭᠤ ᠬᠦᠴᠢᠷᠳᠡᠯᠲᠡᠢ ᠡᠷᠦᠬᠡ ᠪᠠᠢᠵᠠᠢ᠂ ᠤᠳᠤ ᠲᠡᠷᠡ ᠡᠬᠡᠨᠡᠷ᠎ᠲᠠᠢ᠎ᠪᠠᠨ ᠲᠤᠰᠭᠠᠢ ᠬᠤᠷᠱᠢᠶ᠎ᠠ᠎ᠳᠤ ᠬᠦᠯᠤᠰᠤᠨ ᠠᠵᠢᠯ ᠬᠢᠵᠤ ᠪᠤᠢ᠂ ᠬᠤᠶᠠᠭᠤᠯᠠ᠎ᠪᠠᠨ ᠰᠠᠷ᠎ᠠ᠎ᠳᠤ 7000 — 8000 ᠲᠥᠭᠦᠷᠢᠭ᠎ᠤᠨ ᠣᠷᠣᠯᠭ᠎ᠠ ᠤᠯᠵᠤ᠂ ᠲᠣᠭ᠍ᠲᠠᠭᠤᠨ᠎ᠢᠶᠠᠷ ᠶᠠᠳᠠᠭᠤ᠎ᠠᠴᠠ ᠠᠩᠭᠢᠵᠢᠷᠠᠪᠠ᠃ ᠲᠣᠰᠭᠤᠨ᠎ᠤ ᠠᠷᠠᠳ ᠡᠤ ᠳ᠋ᠢᠶᠠᠨ ᠴᠧᠨ᠎ᠤ᠎ᠬᠢᠨ ᠭᠠᠵᠠᠷ ᠳᠠᠷᠢᠶ᠎ᠠ ᠪᠠᠭ᠎ᠠ᠂ ᠡᠬᠡᠨᠡᠷ᠎ᠨᠢ ᠵᠡᠮᠳᠡᠭ ᠪᠣᠯᠬᠤᠷ ᠭᠠᠯᠠᠭᠤ ᠲᠡᠵᠢᠭᠡᠬᠦ᠌ ᠰᠠᠭᠤᠷᠢᠨ᠎ᠤ ᠳᠠᠭᠠᠭᠤᠯᠭ᠎ᠠ᠎ᠪᠠᠷ ᠡᠨᠡ ᠵᠢᠯ 500 ᠭᠠᠯᠠᠭᠤ ᠲᠡᠵᠢᠭᠡᠵᠦ᠍᠂ ᠵᠢᠱ᠌ᠢᠯᠲᠡ᠎ᠪᠠᠷ ᠲᠦᠮᠡᠨ ᠲᠥᠭᠦᠷᠢᠭ᠎ᠤᠨ ᠣᠷᠣᠯᠭ᠎ᠠ ᠡᠭᠦᠳᠬᠦ᠌ ᠪᠣᠯᠤᠨ᠎ᠠ᠃

ᠭᠠᠯᠠᠭᠤ ᠲᠡᠵᠢᠭᠡᠬᠦ᠌ ᠠᠵᠤ ᠦᠢᠯᠡᠰ᠎ᠢ ᠦᠷᠭᠦᠯᠵᠢᠯᠡᠨ ᠠᠬᠢᠭᠤᠯᠵᠤ᠂ ᠠᠵᠤ ᠠᠬᠤᠢ᠎ᠶ᠋ᠢᠨ ᠦᠷ᠎ᠡ ᠠᠱᠢᠭ᠎ᠢ ᠦᠨᠡᠨ ᠬᠦ᠌ ᠨᠡᠮᠡᠭ᠌ᠳᠡᠭᠦᠯᠬᠦ᠌᠎ᠶ᠋ᠢᠨ ᠲᠥᠯᠥᠭᠡ᠂ ᠳ᠋ᠧᠯᠴᠢᠷ ᠱᠢᠶᠠᠩ ᠭᠠᠯᠠᠭᠤ᠎ᠶ᠋ᠢᠨ ᠠᠵᠤ ᠦᠢᠯᠡᠰ᠎ᠤᠨ ᠬᠡᠯᠬᠢ᠊ ᠡᠶ᠎ᠡ᠎ᠶ᠋ᠢ ᠢᠳᠡᠪᠬᠢᠲᠡᠢ ᠤᠷᠲᠤᠤᠡᠬᠠᠵᠤ᠂ ᠤᠷᠢᠳ ᠬᠤᠵᠢᠳ ᠪᠠᠷᠢᠮᠵᠢᠶᠠᠵᠢᠭ᠍ᠰᠠᠨ ᠨᠡᠪᠴᠢᠭᠦᠯᠬᠦ᠌ ᠲᠠᠰᠤᠭ᠂ ᠪᠠᠷᠢᠮᠵᠢᠶᠠᠵᠢᠭ᠍ᠰᠠᠨ ᠴᠤᠷᠪᠠᠭ᠎ᠠ ᠪᠤᠢᠵᠢᠭᠤᠯᠬᠤ ᠲᠠᠰᠤᠭ᠂ ᠬᠦᠢᠳᠡᠨ ᠬᠥᠮᠥᠷᠭᠡ᠂ ᠱᠢᠷᠠᠭ᠍ᠰᠠᠨ ᠭᠠᠯᠠᠭᠤ᠎ᠶ᠋ᠢᠨ ᠦᠢᠯᠡᠳᠪᠦᠷᠢ ᠵᠡᠷᠭᠡ ᠰᠠᠭᠤᠷᠢ ᠲᠥᠬᠦᠭᠡᠷᠦᠮᠵᠢ ᠪᠠᠢᠭᠤᠯᠵᠤ᠂ ᠭᠠᠯᠠᠭᠤ᠎ᠶ᠋ᠢᠨ ᠪᠦ᠍ᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠵᠦ᠍᠂ ᠪᠦᠲᠦᠭᠡᠭ᠌ᠳᠡᠬᠦᠨ᠎ᠤ ᠨᠡᠮᠡᠯᠲᠡ ᠦᠷᠳᠡᠭ᠎ᠢ ᠨᠡᠮᠡᠭ᠌ᠳᠡᠭᠦᠯᠪᠡ᠃ ᠡᠭᠦᠨ᠎ᠤ ᠬᠠᠮᠲᠤ᠌᠂ ᠨᠠᠩ ᠣᠯᠠᠨ ᠠᠵᠢᠯ᠎ᠤᠨ ᠪᠠᠢᠷᠢ ᠬᠠᠩᠭᠠᠵᠤ᠂ ᠨᠠᠩ ᠣᠯᠠᠨ ᠲᠠᠷᠢᠶᠠᠴᠢᠨ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠵᠦ᠍᠂ ᠬᠠᠮᠲᠤ᠎ᠶ᠋ᠢᠨ ᠣᠷᠣᠯᠭ᠎ᠠ ᠪᠡ ᠲᠠᠷᠢᠶᠡᠴᠢᠨ᠎ᠤ ᠤᠷᠤᠯᠭ᠎ᠠ᠎ᠶ᠋ᠢ ᠵᠡᠷᠭᠡ᠎ᠪᠠᠷ ᠨᠡᠮᠡᠭ᠌ᠳᠡᠬᠦᠯᠵᠤ ᠪᠠᠢᠨ᠎ᠠ᠃ ᠳ᠋ᠧᠯᠴᠢᠷ ᠱᠢᠶᠠᠩ ᠭᠠᠯᠠᠭᠤ᠎ᠶ᠋ᠢᠨ ᠱᠢᠷᠢᠰ ᠪᠦᠳᠦᠭᠡᠭ᠌ᠳᠡᠬᠦᠨ᠎ᠢᠶᠠᠨ ᠱᠢᠭᠤᠳ ᠡᠵᠡᠩᠨᠡᠬᠦ᠌ ᠳᠡᠯᠭᠡᠭᠦᠷ᠂  ᠴᠤᠤᠷᠢᠶ᠎ᠠ᠂ ᠲᠤᠤ ᠪᠦᠦ ᠲᠠᠪᠴᠠᠩ ᠵᠡᠷᠭᠡ ᠤᠯᠠᠨ ᠵᠦᠢᠯ᠎ᠤᠨ ᠠᠷᠭ᠎ᠠ ᠵᠠᠮ᠎ᠢᠶᠠᠷ ᠪᠣᠷᠣᠯᠠᠭᠤᠯᠵᠤ᠂ ᠵᠥᠪᠬᠡᠨ ᠱᠢᠷᠠᠭ᠍ᠰᠠᠨ ᠭᠠᠯᠠᠭᠤ᠎ᠶ᠋ᠢᠨ ᠦᠢᠯᠡᠳᠪᠦᠷᠢ᠎ᠶ᠋ᠢᠨ ᠲᠤᠬᠠᠢ᠎ᠶ᠋ᠢᠨ ᠡᠳᠦᠷ᠎ᠤᠨ ᠳᠡᠯᠭᠡᠨ ᠪᠣᠷᠣᠯᠠᠭᠤᠯᠬᠤ ᠠᠵᠢᠯᠯᠠᠭ᠎ᠠ᠎ᠳᠤ 2000 ᠱᠢᠷᠠᠭ᠍ᠰᠠᠨ ᠭᠠᠯᠠᠭᠤ ᠪᠣᠷᠣᠯᠠᠭᠤᠯᠵᠤ᠂ ᠲᠤᠬᠠᠢ᠎ᠶ᠋ᠢᠨ ᠲᠠᠯᠠᠪᠠᠢ᠎ᠳᠤ 2.3 ᠲᠦᠮᠡᠨ ᠱᠢᠷᠠᠭ᠍ᠰᠠᠨ ᠭᠠᠯᠠᠭᠤ ᠵᠠᠬᠢᠶᠠᠯᠠᠨ ᠭᠠᠷᠭᠠᠵᠤ᠂ ᠭᠠᠯᠠᠭᠤ ᠨᠡᠪᠴᠢᠭᠦᠯᠬᠦ᠂ ᠪᠤᠢᠵᠢᠭᠤᠯᠬᠤ᠂ ᠲᠡᠵᠢᠭᠡᠨ ᠦᠷᠡᠵᠢᠭᠦᠯᠬᠦ᠂ ᠨᠢᠲᠤᠯᠬᠤ᠂ ᠬᠥᠯᠳᠡᠭᠡᠬᠦ᠂ ᠪᠤᠷᠤᠯᠠᠭᠤᠯᠬᠤ᠎ᠶ᠋ᠢ ᠨᠢᠭᠡ ᠴᠤᠡᠡᠴᠠᠵᠢᠭᠤᠯᠤᠡᠡᠰᠡᠨ ᠠᠵᠤ ᠦᠢᠯᠡᠰ᠎ᠢ ᠪᠦᠷᠢᠯᠳᠤᠬᠦᠯᠪᠡ᠃

《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠡᠭᠦᠷᠭᠡ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠳᠦᠷᠰᠦ ᠪᠠᠢᠳᠠᠯ ᠠᠩᠬ᠎ᠠ ᠠᠯᠬᠤᠮ ᠢᠯᠡᠷᠡᠪᠡ᠂ ᠵᠠᠯᠭᠠᠭᠠᠳ ᠪᠢᠳᠡ ᠬᠥᠳᠡᠭᠡ ᠲᠣᠰᠭᠤᠨ᠎ᠤ ᠲᠥᠯᠥᠪᠵᠢᠭᠦᠯᠭᠡ᠎ᠶ᠋ᠢ ᠦᠷᠭᠦᠯᠵᠢᠯᠡᠨ ᠰᠠᠢᠲᠤᠷ ᠬᠢᠵᠦ᠍᠂ ᠤᠤᠯ᠎ᠤᠨ ᠰᠠᠭᠤᠷᠢᠨ ᠳᠡᠭᠡᠷ᠎ᠡ᠎ᠪᠠᠨ ᠠᠢᠯ ᠲᠣᠰᠭᠤᠨ᠎ᠢ ᠨᠠᠩ ᠭᠤᠶᠤᠵᠢᠭᠤᠯᠵᠤ᠂ ᠠᠷᠠᠳ ᠣᠯᠠᠨ᠎ᠳᠤ ᠱᠢᠨ᠎ᠡ ᠬᠥᠳᠡᠭᠡ ᠲᠣᠰᠭᠤᠨ᠎ᠤ ᠪᠥᠲᠥᠭᠡᠨ ᠪᠠᠢᠭᠤᠯᠤᠯᠲᠠ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠤᠨ ᠠᠱᠢᠭ ᠲᠤᠰᠠ᠎ᠶ᠋ᠢ ᠦᠨᠡᠨ ᠬᠦ᠌ ᠬᠦᠷᠳᠡᠭᠡᠨ᠎ᠠ》 ᠭᠡᠵᠦ᠍ ᠳ᠋ᠧᠯᠴᠢᠷ ᠲᠣᠰᠭᠤᠨ᠂ ᠳ᠋ᠦ᠋ ᠳ᠋ᠠᠢ ᠭᠸᠤ ᠲᠣᠰᠭᠤᠨ᠎ᠤ ᠬᠠᠮᠲᠤᠷᠠᠭ᠍ᠰᠠᠨ ᠨᠠᠮ᠎ᠤᠨ ᠡᠭᠦᠷ᠎ᠤᠨ ᠱᠦᠵᠢ᠂ ᠭᠠᠯᠠᠭᠤ ᠲᠡᠵᠢᠭᠡᠨ ᠦᠷᠡᠵᠢᠭᠦᠯᠬᠦ᠌ ᠬᠤᠯᠪᠣᠭᠠᠲᠤ ᠲᠤᠰᠭᠠᠢ ᠬᠤᠷᠱᠢᠶ᠎ᠠ᠎ᠶ᠋ᠢᠨ ᠨᠠᠮ᠎ᠤᠨ ᠶᠡᠷᠦᠩᠬᠡᠢ ᠡᠭᠦᠷ᠎ᠤᠨ ᠱᠦᠵᠢ ᠸᠠᠩ ᠭᠦᠸᠧ ᠴᠢᠶᠠᠩ ᠬᠡᠯᠡᠪᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号