ᠵᠠᠩᠬᠢᠯᠠᠭ᠎ᠠ᠎ᠶ᠋ᠢᠨ ᠭᠤᠭ᠍ᠴᠤᠭ᠎ᠠ᠎ᠶ᠋ᠢ ᠡᠵᠡᠮᠳᠡᠵᠦ᠍ ᠪᠡᠶ᠎ᠠ᠎ᠪᠠᠨ ᠳᠠᠭᠠᠭᠠᠭ᠍ᠰᠠᠨ ᠠᠵᠢᠯᠯᠠᠭ᠎ᠠ᠎ᠶ᠋ᠢᠨ ᠱᠢᠨ᠎ᠠ᠎ᠶ᠋ᠢ ᠡᠬᠦᠳᠦᠨ ᠡᠯ᠎ᠠ ᠠᠢᠮᠠᠬ ᠬᠤᠳᠠ ᠬᠦᠮᠦᠵᠢᠯ ᠴᠡᠭ᠌ᠴᠡᠯᠡᠯᠳᠠ᠎ᠶ᠋ᠢᠨ ᠠᠵᠢᠯ᠎ᠢ ᠪᠤᠳᠠᠳᠠᠢ ᠨᠠᠢᠳᠠᠪᠤᠷᠢᠵᠢᠭᠤᠯᠤᠨ ᠦᠷ᠎ᠠ ᠪᠦᠳᠦᠮᠵᠢ ᠭᠠᠷᠭᠠᠬᠤ᠎ᠶ᠋ᠢ ᠠᠬᠢᠭᠤᠯᠵᠦ᠍ ᠪᠤᠢ
2021-04-13 09:17:10
ᠵᠣᠬᠢᠶᠠᠭ᠍ᠴᠢ᠄
ᠵᠶ᠋ᠢ ᠴᠢᠩ ᠯᠢᠩ
ᠣᠩᠱᠢᠭ᠍ᠰᠠᠨ ᠣᠳᠠᠭ᠎ᠠ᠄
★★★☆☆

ᠪᠤᠯᠤᠩ ᠨᠡᠬᠡᠬᠡᠬᠦ᠌ ᠦᠭᠡ᠄

ᠨᠠᠮ᠎ᠤᠨ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠠ᠎ᠶ᠋ᠢ ᠦᠷᠨᠢᠬᠦᠯᠬᠦ᠌ ᠲᠤᠬᠠᠢ ᠪᠠᠢᠷᠢᠯᠠᠭᠤᠯᠤᠯᠳᠠ ᠱᠠᠭᠠᠷᠳᠠᠯᠭ᠎ᠠ᠎ᠶ᠋ᠢ ᠬᠦᠨᠵᠡᠭᠡᠢ ᠲᠤᠭᠤᠱᠢᠯᠠᠭᠤᠯᠬᠤ᠎ᠶ᠋ᠢᠨ ᠲᠦᠯᠦᠭᠡ᠂ ᠲᠤᠰ ᠰᠦᠯᠵᠢᠶ᠎ᠡ ᠡᠨᠡ ᠡᠳᠦᠷ᠎ᠠᠴᠠ ᠡᠬᠢᠯᠡᠨ 《ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠦ᠍ ᠱᠢᠨ᠎ᠠ ᠴᠠᠭ ᠦᠶ᠎ᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠳᠤ ᠡᠩᠨᠡᠭᠡ᠎ᠶ᠋ᠢ ᠪᠠᠢᠭᠤᠯᠤᠶ᠎ᠠ》 ᠭᠡᠬᠦ᠌ ᠪᠤᠯᠤᠩ ᠨᠡᠭᠡᠭᠡᠵᠦ᠍᠂ ᠡᠯ᠎ᠠ ᠭᠠᠵᠠᠷ᠎ᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠨᠢᠭᠡᠴᠢ᠎ᠶ᠋ᠢᠨ ᠪᠤᠳᠠᠳᠠᠢ ᠠᠵᠢᠯᠯᠠᠭ᠎ᠠ᠎ᠶ᠋ᠢ ᠴᠠᠬ ᠲᠤᠬᠠᠢ᠎ᠳᠤᠨᠢ ᠲᠤᠰᠭᠠᠨ᠂ 《ᠵᠢᠷᠭᠤᠭᠠᠨ ᠶᠡᠭᠡ ᠭᠡᠮ ᠠᠷᠬᠠᠬ》 ᠎ᠢ ᠴᠡᠭ᠌ᠴᠡᠯᠡᠨ ᠵᠠᠰᠠᠬᠤ ᠵᠡᠷᠭᠡ ᠭᠤᠤᠯᠳᠠᠯᠭ᠎ᠠ᠎ᠲᠠᠢ ᠠᠵᠢᠯ᠎ᠤᠨ ᠠᠬᠢᠴᠠ ᠦᠷ᠎ᠠ ᠪᠦᠳᠦᠮᠵᠢ᠎ᠶ᠋ᠢ ᠲᠤᠰᠭᠠᠵᠦ᠍᠂ ᠡᠯ᠎ᠠ ᠭᠠᠵᠠᠷ᠎ᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠨᠢᠭᠡᠴᠢ᠎ᠶ᠋ᠢᠨ ᠨᠠᠮ᠎ᠤᠨ ᠲᠡᠦᠭᠡ᠎ᠶ᠋ᠢᠨ ᠰᠤᠷᠤᠯᠴᠠᠯᠭ᠎ᠠ ᠬᠦᠮᠦᠵᠢᠯ᠂ 《ᠭᠤᠷᠪᠡᠨ ᠵᠦᠢᠯ᠎ᠤᠨ ᠬᠦᠮᠦᠵᠢᠯ》 《ᠪᠢ ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠦ᠍ ᠦᠭ᠌ᠬᠦ》 ᠦᠢᠯᠡᠳᠦᠯᠭᠡ᠎ᠶ᠋ᠢᠨ ᠠᠵᠢᠯᠯᠠᠭᠠᠨ᠎ᠤ ᠪᠠᠢᠳᠠᠯ᠎ᠢ ᠵᠠᠯᠭᠠᠭ᠎ᠠ᠎ᠪᠠᠷ ᠮᠡᠳᠡᠭᠡᠯᠡᠵᠦ᠍᠂ ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ ᠴᠠᠬ᠍ᠳᠠᠭ᠎ᠠ᠎ᠶ᠋ᠢᠨ ᠲᠤᠱᠢᠶᠠᠯ᠎ᠢᠶᠠᠨ ᠦᠨᠡᠨᠴᠢ᠎ᠪᠠᠷ ᠬᠦᠢᠴᠡᠳᠭᠡᠬᠦ᠂ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠤᠯᠠᠮ ᠴᠢᠨᠠᠬ᠍ᠰᠢᠳᠠ ᠵᠤᠷᠢᠬ᠍ᠵᠢᠭᠤᠯᠤᠨ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠱᠢᠨ᠎ᠠ ᠲᠦᠷᠢ ᠪᠠᠢᠳᠠᠯ ᠪᠠ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠤᠨ ᠱᠢᠨ᠎ᠠ ᠠᠮᠵᠢᠯᠳᠠ ᠪᠦᠳᠦᠮᠵᠢ᠎ᠪᠠᠷ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠪᠤᠯᠤᠨ᠎ᠠ᠃ 

 

 

ᠪᠦᠬᠦ᠌ ᠤᠷᠤᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠠ᠎ᠶ᠋ᠢ ᠦᠷᠨᠢᠬᠦᠯᠦᠭ᠌ᠰᠡᠨ᠎ᠠᠴᠠ ᠨᠠᠭᠠᠰᠢ᠂ ᠡᠯ᠎ᠠ ᠠᠢᠮᠠᠬ ᠬᠤᠳᠠ ᠰᠠᠨᠠᠭᠠᠴᠢᠯᠠᠭ᠎ᠠ᠎ᠠᠴᠠ᠎ᠪᠠᠨ ᠲᠦᠰᠦᠪᠯᠡᠵᠦ᠍᠂ ᠨᠠᠷᠢᠨ ᠨᠢᠬ᠍ᠳᠠ ᠪᠠᠢᠷᠢᠯᠠᠭᠤᠯᠤᠨ᠂ ᠵᠠᠩᠬᠢᠯᠠᠭ᠎ᠠ᠎ᠶ᠋ᠢᠨ ᠭᠤᠭ᠍ᠴᠤᠭ᠎ᠠ᠎ᠶ᠋ᠢ ᠡᠵᠡᠮᠳᠡᠵᠦ᠍᠂ ᠪᠡᠶ᠎ᠠ᠎ᠪᠠᠨ ᠳᠠᠭᠠᠭᠠᠭ᠍ᠰᠠᠨ ᠠᠵᠢᠯᠯᠠᠭ᠎ᠠ᠎ᠶ᠋ᠢᠨ ᠱᠢᠨ᠎ᠠ᠎ᠶ᠋ᠢ ᠡᠬᠦᠳᠦᠨ᠂ ᠤᠯᠠᠨ ᠶᠠᠩᠵᠦ᠎ᠶ᠋ᠢᠨ ᠰᠤᠷᠤᠯᠴᠠᠯᠭ᠎ᠠ ᠬᠦᠮᠦᠵᠢᠯ᠎ᠤᠨ ᠠᠷᠭ᠎ᠠ ᠭᠡᠯᠪᠡᠷᠢ᠎ᠪᠠᠷ ᠬᠦᠮᠦᠵᠢᠯ ᠴᠡᠭ᠌ᠴᠡᠯᠡᠯᠳᠠ᠎ᠶ᠋ᠢ ᠪᠤᠳᠠᠳᠠᠢ ᠨᠠᠢᠳᠠᠪᠤᠷᠢᠵᠢᠭᠤᠯᠤᠨ ᠦᠷ᠎ᠠ ᠪᠦᠳᠦᠮᠵᠢ ᠭᠠᠷᠭᠠᠬᠤ᠎ᠶ᠋ᠢ ᠴᠢᠩᠭ᠎ᠠ ᠪᠤᠳᠠᠳᠠᠢ ᠠᠳᠭᠤᠵᠦ᠍ ᠪᠠᠢᠨ᠎ᠠ᠃

ᠤᠨᠤᠯ᠎ᠤᠨ ᠰᠤᠷᠤᠯᠴᠠᠯᠭ᠎ᠠ᠎ᠳᠤ ᠪᠦᠬᠦᠨ᠎ᠢᠶᠠᠷ᠎ᠢᠶᠠᠨ ᠤᠷᠤᠯᠴᠠᠪᠠ᠃ ᠬᠦᠬᠡᠬᠤᠳᠠ᠎ᠶ᠋ᠢᠨ᠎ᠬᠢᠨ ᠪᠦᠬᠦ᠌ ᠬᠤᠳᠠ᠎ᠶ᠋ᠢᠨ ᠤᠯᠤᠰ ᠲᠦᠷᠤ ᠬᠠᠤᠯᠢ ᠴᠠᠭᠠᠵᠠ᠎ᠶ᠋ᠢᠨ ᠺᠠᠳ᠋ᠷ ᠴᠠᠬ᠍ᠳᠠᠭ᠎ᠠ ᠵᠢᠴᠢ ᠭᠡᠷ ᠪᠦᠯᠢ᠎ᠶ᠋ᠢᠨ᠎ᠬᠢᠨ᠎ᠳᠤ ᠰᠠᠨᠠᠭᠠᠴᠢᠯᠠᠭ᠎ᠠ᠎ᠶ᠋ᠢᠨ ᠪᠢᠴᠢᠭ ᠶᠠᠪᠤᠭᠤᠯᠵᠤ᠂ ᠬᠦᠮᠤᠵᠢᠯ ᠴᠡᠭ᠌ᠴᠡᠯᠠᠯᠳᠠ᠎ᠶ᠋ᠢᠨ ᠡᠨᠡ ᠬᠦ᠌ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠢᠯᠠᠯᠳᠠ᠎ᠶ᠋ᠢ ᠤᠯᠬᠤ ᠢᠳᠡᠬᠡᠯ᠎ᠢ᠎ᠨᠢ ᠪᠠᠳᠤᠳᠭᠠᠪᠠ᠃ ᠦᠬᠠᠢ ᠬᠤᠳᠠ᠎ᠶ᠋ᠢᠨ᠎ᠬᠢᠨ 《ᠤᠯᠤᠰ ᠲᠦᠷᠤ ᠬᠠᠤᠯᠢ ᠴᠠᠭᠠᠵᠠ᠎ᠶ᠋ᠢᠨ ᠮᠡᠳᠡᠯᠬᠡ᠎ᠶ᠋ᠢᠨ ᠭᠠᠷᠠᠬ᠎ᠤᠨ ᠰᠡᠬᠦᠯᠴᠢ᠎ᠶ᠋ᠢᠨ ᠰᠤᠷᠤᠯᠴᠠᠬᠤ ᠠᠩᠬᠢ》 ᠡᠷᠬᠢᠯᠡᠵᠦ᠍᠂ ᠤᠯᠤᠰ ᠲᠦᠷᠤ ᠬᠠᠤᠯᠢ ᠴᠠᠭᠠᠵᠠ᠎ᠶ᠋ᠢᠨ ᠺᠠᠳ᠋ᠷ ᠴᠠᠭ᠍ᠳᠠᠭ᠎ᠠ᠎ᠶ᠋ᠢ ᠶᠠᠰᠤ ᠴᠢᠨᠠᠷ᠎ᠢ ᠪᠠᠳᠤᠯᠠᠵᠤ ᠲᠤᠭ᠎ᠠ ᠬᠡᠮᠵᠢᠶ᠎ᠠ᠎ᠶ᠋ᠢ ᠪᠠᠳᠤᠯᠠᠨ ᠰᠤᠷᠤᠯᠴᠠᠯᠭ᠎ᠠ᠎ᠳᠤ ᠤᠷᠤᠯᠴᠠᠭᠤᠯᠵᠤ᠂ ᠦᠪᠡᠷ᠎ᠢ᠎ᠪᠠᠨ ᠲᠡᠭᠡᠭ᠌ᠰᠢᠯᠡᠬᠦᠯᠵᠤ᠂ ᠰᠤᠷᠤᠯᠴᠠᠯᠭ᠎ᠠ ᠬᠦᠮᠤᠵᠢᠯ ᠪᠤᠯᠤᠨ ᠠᠵᠢᠯ᠎ᠢᠶᠠᠨ ᠦᠷᠨᠢᠬᠦᠯᠬᠦ᠌᠎ᠶ᠋ᠢ ᠨᠢᠬᠡᠳᠤᠯᠳᠠᠢ ᠲᠦᠯᠤᠪᠵᠢᠬᠦᠯᠤᠨ ᠬᠠᠷᠢᠯᠴᠠᠨ ᠠᠬᠢᠭᠤᠯᠬᠤ᠎ᠶ᠋ᠢ ᠪᠡᠶᠡᠯᠡᠬᠦᠯᠪᠠ᠃ ᠪᠤᠭᠤᠳᠤ ᠬᠤᠳᠠ᠎ᠶ᠋ᠢᠨ᠎ᠬᠢᠨ 《ᠪᠢᠴᠢᠯ ᠪᠦᠷᠬᠡ ᠵᠢᠷᠬᠢᠶ᠎ᠠ ᠬᠤᠶᠠᠷ ᠰᠦᠯᠵᠢᠶ᠎ᠠ ᠲᠠᠪᠤᠨ ᠲᠠᠪᠴᠠᠩ》 ᠎ᠤᠨ ᠤᠬᠠᠭᠤᠯᠭ᠎ᠠ᠎ᠶ᠋ᠢᠨ ᠵᠢᠬ᠍ᠰᠠᠭᠠᠯ᠎ᠢ ᠠᠱᠢᠬ᠍ᠯᠠᠨ᠂ ᠲᠤᠰᠭᠠᠢ ᠪᠤᠯᠤᠩ ᠭᠠᠷᠭᠠᠬᠤ᠂ ᠲᠤᠰᠭᠠᠢ ᠰᠡᠳᠤᠪ ᠲᠦᠰᠤᠪᠯᠠᠨ ᠤᠬᠠᠭᠠᠯᠠᠬᠤ ᠵᠡᠷᠬᠡ ᠠᠷᠭ᠎ᠠ᠎ᠪᠠᠷ ᠲᠠᠮᠵᠢᠭᠤᠯᠵᠤ᠂ ᠬᠦᠮᠤᠵᠢᠯ ᠴᠡᠭ᠌ᠴᠡᠯᠠᠯᠳᠠ᠎ᠶ᠋ᠢᠨ ᠠᠵᠢᠯ᠎ᠤᠨ ᠠᠮᠵᠢᠯᠳᠠ ᠪᠦᠳᠤᠮᠵᠢ᠎ᠶ᠋ᠢ ᠲᠦᠪᠯᠡᠷᠡᠬᠦᠯᠤᠨ ᠲᠡᠯᠬᠡᠵᠤ ᠦᠵᠡᠬᠦᠯᠪᠠ᠃ ᠤᠯᠠᠭᠠᠨᠴᠠᠪ ᠬᠤᠳᠠ᠎ᠶ᠋ᠢᠨ᠎ᠬᠢᠨ ᠰᠤᠷᠤᠯᠴᠠᠯᠭ᠎ᠠ ᠬᠦᠮᠤᠵᠢᠯ᠎ᠤᠨ ᠦᠷ᠎ᠠ ᠪᠦᠳᠤᠮᠵᠢ᠎ᠶ᠋ᠢᠨ ᠦᠪᠡᠷ᠎ᠢᠶᠠᠨ ᠦᠨᠡᠯᠡᠬᠦ᠌ ᠬᠠᠷᠢᠯᠴᠠᠨ ᠦᠨᠡᠯᠡᠬᠦ᠌ ᠬᠦᠰᠦᠨᠦᠭ᠌ᠳᠤ ᠲᠠᠷᠤᠮᠠᠯᠯᠠᠵᠤ᠂ 《ᠭᠤᠷᠪᠠ᠎ᠶ᠋ᠢ ᠦᠵᠡᠬᠦ᠌》 ᠎ᠪᠠᠷ ᠠᠷᠭ᠎ᠠ ᠪᠠᠷᠢᠯ ᠪᠤᠯᠭᠠᠵᠤ᠂ 《ᠲᠦᠷᠪᠡᠨ ᠵᠦᠢᠯ᠎ᠤᠨ ᠬᠦᠮᠤᠵᠢᠯ》 ᠎ᠢᠶᠠᠷ ᠭᠤᠤᠯ ᠠᠭᠤᠯᠭ᠎ᠠ ᠪᠤᠯᠭᠠᠵᠤ᠂ ᠨᠠᠮ᠎ᠤᠨ ᠡᠬᠦᠷ᠎ᠢᠶᠠᠷ ᠨᠢᠬᠡᠴᠢ ᠪᠤᠯᠭᠠᠵᠤ᠂ ᠦᠪᠡᠷ᠎ᠢᠶᠠᠨ ᠦᠨᠡᠯᠡᠬᠦ᠌ ᠬᠠᠷᠢᠯᠴᠠᠨ ᠦᠨᠡᠯᠡᠬᠦ᠌ ᠠᠵᠢᠯᠯᠠᠭ᠎ᠠ᠎ᠶ᠋ᠢ ᠵᠤᠬᠢᠶᠠᠨ ᠪᠠᠢᠭᠤᠯᠵᠤ᠂ ᠰᠤᠷᠤᠯᠴᠠᠯᠭ᠎ᠠ ᠬᠦᠮᠤᠵᠢᠯ᠎ᠤᠨ ᠱᠠᠳᠤᠨ᠎ᠤ ᠠᠭᠤᠯᠭ᠎ᠠ᠂ ᠴᠠᠬ᠂ ᠦᠷ᠎ᠠ ᠪᠦᠳᠤᠮᠵᠢ ᠭᠤᠷᠪᠠ᠎ᠶ᠋ᠢᠨ ᠨᠠᠢᠳᠠᠪᠤᠷᠢᠵᠢᠭᠤᠯᠤᠯᠳᠠ᠎ᠶ᠋ᠢ ᠪᠠᠳᠤᠯᠠᠪᠠ᠃ ᠲᠦᠩᠯᠢᠶᠤᠤ ᠬᠤᠳᠠ᠎ᠶ᠋ᠢᠨ᠎ᠬᠢᠨ ᠤᠯᠤᠰ ᠲᠦᠷᠤ ᠬᠠᠤᠯᠢ ᠴᠠᠭᠠᠵᠠ᠎ᠶ᠋ᠢᠨ ᠡᠩᠨᠡᠬᠡᠨ᠎ᠤ ᠬᠦᠮᠤᠵᠢᠯ ᠴᠡᠭ᠌ᠴᠡᠯᠡᠯᠳᠠ᠎ᠶ᠋ᠢᠨ ᠮᠡᠳᠡᠵᠤ ᠤᠢ᠍ᠢᠯᠠᠭᠠᠪᠠᠯ ᠵᠤᠬᠢᠬᠤ ᠰᠦᠯᠵᠢᠶᠠᠨ ᠲᠡᠭᠡᠷᠡᠬᠢ ᠮᠡᠳᠡᠯᠬᠡ᠎ᠶ᠋ᠢᠨ ᠤᠷᠤᠯᠳᠤᠭᠠᠨ ᠦᠷᠨᠢᠬᠦᠯᠵᠤ᠂ ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠬᠤ᠂ ᠰᠤᠷᠤᠯᠴᠠᠯᠭ᠎ᠠ᠎ᠪᠠᠷ ᠠᠵᠢᠯᠯᠠᠭ᠎ᠠ᠎ᠶ᠋ᠢ ᠠᠬᠢᠭᠤᠯᠵᠤ᠂ ᠰᠤᠷᠤᠯᠴᠠᠯᠭ᠎ᠠ ᠬᠦᠮᠤᠵᠢᠯ᠎ᠤᠨ ᠠᠷᠭ᠎ᠠ ᠬᠡᠯᠪᠡᠷᠢ᠎ᠪᠠᠨ ᠪᠠᠶᠠᠯᠢᠬ᠍ᠵᠢᠭᠤᠯᠪᠠ᠃ ᠬᠢᠨᠭ᠌ᠭᠠᠨ ᠠᠢᠮᠠᠭ᠎ᠤᠨ᠎ᠬᠢᠨ ᠬᠠᠮᠳᠤ᠎ᠶ᠋ᠢᠨ ᠰᠤᠷᠤᠯᠴᠠᠯᠭ᠎ᠠ᠎ᠶ᠋ᠢᠨ ᠶᠡᠭᠡ ᠬᠢᠴᠢᠶᠠᠯ᠎ᠤᠨ ᠲᠠᠩᠭᠢᠮ + ᠨᠠᠮ᠎ᠤᠨ ᠡᠬᠦᠷ᠎ᠤᠨ ᠤᠷᠤᠢ᠎ᠶ᠋ᠢᠨ ᠰᠤᠷᠭᠠᠭᠤᠯᠢ᠎ᠶ᠋ᠢᠨ ᠪᠢᠴᠢᠯ ᠬᠢᠴᠢᠶᠠᠯ᠎ᠤᠨ ᠲᠠᠩᠭᠢᠮ + ᠱᠢᠨ᠎ᠡ ᠵᠠᠭᠤᠴᠢᠯᠠᠭᠤᠷ᠎ᠤᠨ ᠲᠠᠪᠴᠠᠩ᠎ᠤᠨ 《ᠵᠢᠷᠬᠢᠶ᠎ᠡ᠎ᠶ᠋ᠢᠨ ᠬᠢᠴᠢᠶᠠᠯ᠎ᠤᠨ ᠲᠠᠩᠭᠢᠮ》 ᠎ᠤᠨ 《3 +》 ᠰᠤᠷᠤᠯᠴᠠᠬᠤ ᠵᠠᠬ᠍ᠪᠤᠷ᠎ᠢ ᠦᠷᠨᠢᠬᠦᠯᠵᠤ᠂ ᠰᠤᠷᠤᠯᠴᠠᠯᠭ᠎ᠠ ᠬᠦᠮᠦᠵᠢᠯ᠎ᠢ ᠤᠯᠠᠨ ᠲᠠᠰ ᠲᠠᠪᠬᠤᠷᠭᠠᠵᠢᠭᠤᠯᠵᠤ᠂ ᠤᠯᠠᠨ ᠡᠱᠢᠵᠢᠬᠦᠯᠤᠨ ᠦᠷᠨᠢᠬᠦᠯᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ ᠴᠠᠬ᠍ᠳᠠᠭ᠎ᠠ᠎ᠶ᠋ᠢᠨ ᠰᠤᠷᠤᠯᠴᠠᠨ ᠰᠡᠳᠭᠢᠵᠤ ᠦᠢᠯᠡᠳᠤᠯᠭᠡᠵᠢᠬᠦᠯᠤᠨ ᠤᠢ᠍ᠢᠯᠠᠭᠠᠬᠤ᠂ ᠮᠡᠳᠡᠬᠦ᠌ ᠬᠢᠬᠦ᠌᠎ᠶ᠋ᠢ ᠨᠢᠭᠡᠳᠭᠡᠬᠦ᠌᠎ᠶ᠋ᠢ ᠬᠦᠮᠦᠵᠢᠬᠦᠯᠤᠨ ᠬᠦᠳᠤᠯᠤᠨ ᠵᠢᠯᠤᠭᠤᠳᠪᠠ᠃ ᠤᠯᠠᠭᠠᠨᠬᠠᠳᠠ ᠬᠤᠳᠠ᠎ᠶ᠋ᠢᠨ᠎ᠬᠢᠨ ᠬᠦᠮᠦᠵᠢᠯ ᠴᠡᠭ᠌ᠴᠡᠯᠠᠯᠳᠠ᠎ᠶ᠋ᠢᠨ ᠬᠠᠤᠯᠢᠵᠢᠯ᠎ᠤᠨ ᠨᠤᠮ᠎ᠤᠨ ᠦᠷᠦᠭᠡ᠎ᠶ᠋ᠢ ᠪᠡᠯᠡᠳᠭᠡᠨ ᠪᠠᠢᠭᠤᠯᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ ᠴᠠᠬ᠍ᠳᠠᠭ᠎ᠠ᠎ᠶ᠋ᠢᠨ ᠰᠤᠷᠤᠯᠴᠠᠬᠤ᠎ᠳᠤ ᠲᠦᠬᠦᠮ ᠨᠦᠬᠦᠴᠡᠯ ᠬᠠᠨᠭ᠌ᠭᠠᠵᠤ᠂ ᠺᠠᠳ᠋ᠷ ᠴᠠᠬ᠍ᠳᠠᠭ᠎ᠠ᠎ᠶ᠋ᠢᠨ ᠬᠠᠤᠯᠢᠵᠢᠯ᠎ᠤᠨ ᠬᠡᠪ ᠪᠤᠯᠪᠠᠰᠤᠷᠠᠯ᠎ᠢ ᠲᠡᠭᠡᠭ᠌ᠰᠢᠯᠡᠬᠦᠯᠵᠦ᠍ ᠪᠠᠢᠨ᠎ᠠ᠃

ᠦᠨᠡᠨᠴᠢ ᠱᠢᠳᠤᠷᠭᠤ᠎ᠶ᠋ᠢᠨ ᠬᠦᠮᠦᠵᠢᠯ᠎ᠢᠶᠠᠷ ᠦᠨᠳᠤᠰᠤ ᠰᠠᠭᠤᠷᠢ᠎ᠶ᠋ᠢ ᠪᠠᠬᠢᠵᠢᠬᠦᠯᠪᠠ᠃ ᠠᠯᠠᠱᠠ ᠠᠢᠮᠠᠭ᠎ᠤᠨ᠎ᠬᠢᠨ ᠪᠠᠭᠠᠳᠤᠷ ᠵᠢᠱ᠌ᠢᠶᠠᠴᠢ᠎ᠶ᠋ᠢᠨ ᠦᠢᠯᠡ ᠶᠠᠪᠤᠳᠠᠯ᠎ᠤᠨ ᠮᠡᠳᠡᠬᠦᠯᠦᠯᠳᠠ᠎ᠶ᠋ᠢᠨ ᠬᠤᠷᠠᠯ᠎ᠢ ᠦᠷᠨᠢᠬᠦᠯᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠠᠴᠠ ᠴᠤᠯᠭᠤᠷᠠᠬ᠍ᠰᠡᠨ ᠲᠡᠷᠢᠬᠦᠨ᠎ᠤ ᠬᠠᠮᠳᠤ ᠪᠠ ᠬᠤᠪᠢ ᠬᠦᠮᠦᠨ᠎ᠢ ᠶᠡᠭᠡ᠎ᠪᠠᠷ ᠤᠬᠠᠭᠤᠯᠵᠤ᠂ ᠦᠯᠢᠭᠡᠷ ᠲᠠᠭᠤᠷᠢᠶᠠᠯ᠎ᠤᠨ ᠬᠦᠳᠤᠯᠤᠨ ᠵᠢᠯᠤᠭᠤᠳᠭᠤ ᠬᠦᠴᠤᠨ᠎ᠢ ᠴᠢᠩᠭᠠᠳᠭᠠᠪᠠ᠃ ᠪᠠᠶᠠᠨᠨᠠᠭᠤᠷ ᠬᠤᠳᠠ᠎ᠶ᠋ᠢᠨ᠎ᠬᠢᠨ 《ᠬᠤᠪᠢᠰᠭᠠᠯ᠎ᠤᠨ ᠺᠢᠨᠣ᠋᠎ᠶ᠋ᠢᠨ ᠤᠷᠳᠤᠨ》 ᠎ᠢ ᠨᠡᠭᠡᠭᠡᠵᠤ᠂ ᠨᠠᠮ᠎ᠤᠨ ᠲᠡᠮᠡᠴᠡᠯ᠎ᠤᠨ ᠲᠡᠤᠭᠡ᠎ᠶ᠋ᠢᠨ ᠶᠠᠪᠤᠴᠠ᠎ᠶ᠋ᠢ ᠲᠤᠰᠭᠠᠬ᠍ᠰᠡᠨ ᠪᠠ ᠭᠤᠤᠯ ᠬᠦᠭ ᠠᠶᠠᠰ᠎ᠢ ᠴᠢᠪᠬᠠᠳᠠᠬ᠍ᠰᠡᠨ 《ᠬᠤᠪᠢᠰᠭᠠᠯ᠎ᠤᠨ ᠺᠢᠨᠣ᠋》 ᠎ᠶ᠋ᠢ ᠨᠡᠪᠳᠡᠷᠡᠬᠦᠯᠵᠤ᠂ ᠨᠠᠮ᠎ᠤᠨ ᠲᠡᠤᠭᠡ᠂ ᠤᠯᠤᠰ᠎ᠤᠨ ᠲᠡᠤᠭᠡ ᠪᠠ ᠨᠠᠮ᠎ᠤᠨ ᠢᠷᠠᠭᠤ ᠠᠯᠳᠠᠷᠳᠤ ᠤᠯᠠᠮᠵᠢᠯᠠᠯ᠎ᠤᠨ ᠬᠦᠮᠦᠵᠢᠯ ᠬᠢᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ ᠴᠬᠠᠳᠠᠭ᠎ᠠ᠎ᠶ᠋ᠢᠨ ᠡᠭᠡ ᠤᠯᠤᠰ᠎ᠢᠶᠠᠨ ᠬᠠᠢᠷᠠᠯᠠᠬᠤ᠂ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠤᠨᠤᠰᠭᠤ᠂ ᠨᠠᠮ᠎ᠢᠶᠠᠨ ᠲᠠᠭᠠᠬᠤ ᠬᠦᠮᠦᠵᠢᠯ ᠬᠢᠪᠠ᠃ ᠤᠷᠳᠤᠰ ᠬᠤᠳᠠ᠎ᠶ᠋ᠢᠨ᠎ᠬᠢᠨ ᠲᠤᠬᠠᠢ᠎ᠶ᠋ᠢᠨ ᠲᠠᠯᠠᠪᠠᠢ᠎ᠳᠤ ᠰᠤᠷᠤᠯᠴᠠᠬᠤ᠂ ᠱᠢᠬᠦᠯᠳᠠ᠎ᠶ᠋ᠢ ᠰᠤᠯᠠ ᠰᠤᠨᠤᠰᠭᠤ᠂ ᠴᠢᠭᠡᠴᠢ ᠵᠠᠰᠠᠭ᠎ᠤᠨ ᠬᠦᠮᠦᠵᠢᠯ᠎ᠤᠨ ᠰᠠᠭᠤᠷᠢᠨ᠎ᠢᠶᠠᠷ ᠲᠤᠭᠤᠷᠢᠨ ᠦᠵᠡᠬᠦ᠌ ᠵᠡᠷᠭᠡ ᠠᠭᠤᠰᠤᠯᠴᠠᠬᠤ ᠮᠠᠢᠭ᠎ᠤᠨ ᠰᠤᠷᠤᠯᠴᠠᠬᠤ ᠬᠡᠯᠪᠡᠷᠢ᠎ᠪᠠᠷ ᠲᠠᠮᠵᠢᠭᠤᠯᠵᠤ᠂ ᠰᠤᠷᠤᠯᠴᠠᠬᠤ ᠠᠷᠭ᠎ᠠ ᠬᠡᠯᠪᠡᠷᠢ᠎ᠶ᠋ᠢ ᠰᠠᠢᠳᠤᠷ ᠬᠡᠷᠡᠭ᠌ᠯᠡᠨ ᠠᠮᠢᠳᠤᠯᠢᠭ ᠭᠡᠷᠡᠭ᠌ᠯᠡᠬᠦ᠌᠎ᠶ᠋ᠢ ᠡᠷᠬᠢᠮᠯᠡᠵᠤ᠂ ᠰᠤᠷᠤᠯᠴᠠᠯᠭ᠎ᠠ᠎ᠶ᠋ᠢᠨ ᠠᠮᠢᠵᠢᠷᠠᠯ᠎ᠤᠨ ᠬᠦᠴᠤᠨ᠎ᠢ ᠬᠦᠭ᠌ᠵᠢᠭᠡᠪᠠ᠃ ᠱᠢᠯᠢ᠎ᠶ᠋ᠢᠨ ᠭᠤᠤᠯ ᠠᠢᠮᠠᠭ᠎ᠤᠨ᠎ᠬᠢᠨ 《ᠠᠷᠪᠡᠨ 〈ᠨᠢᠭᠡ〉》 ᠰᠤᠷᠤᠯᠴᠠᠯᠭ᠎ᠠ ᠬᠦᠮᠦᠵᠢᠯ᠎ᠤᠨ ᠠᠵᠢᠯᠯᠠᠭ᠎ᠠ᠎ᠶ᠋ᠢ ᠱᠢᠨ᠎ᠡ᠎ᠶ᠋ᠢ ᠡᠬᠦᠳᠤᠨ ᠦᠷᠨᠢᠬᠦᠯᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ ᠴᠠᠬ᠍ᠳᠠᠭ᠎ᠠ᠎ᠶ᠋ᠢᠨ ᠦᠵᠡᠯ ᠰᠠᠨᠠᠭᠠᠨ᠎ᠤ ᠠᠤᠭ᠎ᠠ ᠬᠦᠴᠤᠨ᠎ᠢ ᠬᠦᠨᠵᠡᠭᠡᠢ ᠮᠡᠳᠡᠷᠡᠬᠦ᠌᠎ᠶ᠋ᠢ ᠬᠦᠮᠦᠵᠢᠬᠦᠯᠤᠨ ᠬᠦᠳᠤᠯᠤᠨ ᠵᠢᠯᠤᠭᠤᠳᠴᠤ᠌᠂ ᠤᠯᠤᠰ ᠲᠦᠷᠦ᠎ᠶ᠋ᠢᠨ ᠡᠬᠦᠷᠭᠡᠯᠡᠯ᠎ᠢ ᠴᠢᠩᠭᠠᠳᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠬᠦ᠌ ᠴᠢᠳᠠᠪᠤᠷᠢ᠎ᠶ᠋ᠢ ᠲᠡᠭᠡᠭ᠌ᠰᠢᠯᠡᠬᠦᠯᠪᠠ᠃ ᠬᠦᠯᠤᠨ ᠪᠤᠢᠷ ᠬᠤᠳᠠ᠎ᠶ᠋ᠢᠨ᠎ᠬᠢᠨ ᠬᠤᠪᠢᠰᠭᠠᠯ᠎ᠤᠨ ᠤᠯᠠᠮᠵᠢᠯᠠᠯ᠎ᠤᠨ ᠬᠦᠮᠦᠵᠢᠯ ᠪᠠ ᠢᠯᠵᠡᠷᠡᠯ᠎ᠢ ᠡᠰᠡᠷᠬᠦᠴᠡᠵᠤ ᠠᠷᠢᠭᠤᠠ ᠴᠢᠭᠡᠴᠢ᠎ᠶ᠋ᠢ ᠡᠷᠬᠢᠮᠯᠡᠬᠦ᠌ ᠬᠦᠮᠦᠵᠢᠯ᠎ᠢ ᠤᠶᠠᠯᠳᠤᠭᠤᠯᠵᠤ᠂ ᠰᠤᠷᠤᠯᠴᠠᠯᠭ᠎ᠠ ᠬᠦᠮᠦᠵᠢᠯ᠎ᠢ ᠬᠦᠨᠵᠡᠭᠡᠢᠷᠡᠬᠦᠯᠤᠨ ᠬᠦᠭ᠌ᠵᠢᠬᠦᠯᠬᠦ᠌᠎ᠶ᠋ᠢ ᠠᠬᠢᠭᠤᠯᠵᠦ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号