ᠲᠠᠯᠡᠭᠡᠢ᠎ᠲᠠᠢ ᠭᠠᠷ ᠬᠤᠯᠪᠤᠨ ᠬᠠᠮᠳᠤ᠎ᠪᠠᠷ ᠠᠱᠢᠬ ᠭᠦᠷᠳᠠᠨ᠎ᠠ
2021-04-14 08:58:42
ᠵᠣᠬᠢᠶᠠᠭ᠍ᠴᠢ᠄
ᠸᠠᠩ ᠯᠢᠶᠠᠡ ᠶᠢᠩ ᠮᠤ᠌ ᠺᠠᠢ ᠶᠠᠨ ᠬᠠᠨ ᠵᠶ᠋ᠢ ᠸᠠᠩ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠤᠯ ᠪᠣᠯᠤᠨ ᠣᠷᠣᠰ᠂ ᠮᠣᠩᠭᠤᠯ ᠤᠯᠤᠰ᠎ᠤᠨ ᠬᠢᠯᠢ᠎ᠶ᠋ᠢᠨ ᠱᠤᠭᠤᠮ 4200 ᠭᠠᠷᠤᠶ ᠺᠢᠯᠣᠮᠧᠲᠷ ᠣᠷᠳᠣ ᠪᠠᠢᠵᠤ᠂ ᠥᠪᠡᠷᠮᠢᠴᠡ ᠭᠠᠳᠠᠭᠠᠳᠤ ᠨᠡᠭᠡᠭᠡᠯᠲᠡ ᠭᠢᠵᠤ ᠬᠠᠮᠵᠢᠯᠴᠠᠬᠤ ᠳᠠᠪᠠᠭᠤᠯᠢᠭ᠎ᠲᠠᠢ ᠶᠤᠮ᠃

ᠪᠠᠢᠷᠢᠱᠢᠯ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠥᠪᠥᠷ ᠮᠣᠩᠭᠤᠯ ᠭᠠᠳᠠᠭᠠᠳᠤ ᠨᠡᠭᠡᠭᠡᠯᠳᠡ᠎ᠶ᠋ᠢᠨ ᠬᠦᠴᠦᠯᠡᠴᠡ᠎ᠪᠠᠨ ᠦᠷᠬᠦᠯᠵᠢᠯᠡᠨ ᠴᠢᠩᠭᠠᠷᠠᠭᠤᠯᠵᠤ᠂ 《ᠨᠢᠭᠡ ᠪᠦᠰᠡ ᠨᠢᠭᠡ ᠵᠠᠮ》 ᠎ᠤᠨ ᠪᠦᠳᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ ᠢᠯᠡᠷᠬᠡᠢ ᠦᠷ᠎ᠡ ᠪᠦᠳᠦᠮᠵᠢ ᠣᠯᠵᠠᠢ᠃

《ᠠᠷᠪᠠᠨ ᠲᠦᠷᠪᠡᠳᠤᠭᠡᠷ ᠳᠠᠪᠤᠨ ᠵᠢᠯ》 ᠎ᠤᠨ ᠬᠤᠭᠤᠴᠠᠭᠠᠨ᠎ᠳᠤ᠂ ᠦᠪᠦᠷ ᠮᠤᠩᠭᠤᠯ 《ᠨᠢᠭᠡ ᠪᠦᠰᠡ ᠨᠢᠭᠡ ᠵᠠᠮ》 ᠎ᠤᠨ ᠬᠠᠮᠳᠤ᠎ᠶ᠋ᠢᠨ ᠪᠦᠳᠦᠭᠡᠨ ᠪᠠᠢᠭᠤᠯᠤᠯᠳᠠ᠎ᠳᠤ ᠬᠦᠨᠵᠡᠬᠡᠢ ᠠᠭᠤᠰᠤᠯᠴᠠᠵᠤ᠂ ᠳᠤᠮᠳᠠᠳᠤ ᠮᠤᠩᠭᠤᠯ ᠤᠷᠤᠰ᠎ᠤᠨ ᠠᠵᠤ ᠠᠬᠤᠢ᠎ᠶ᠋ᠢᠨ ᠬᠤᠨᠭ᠌ᠬᠢᠯ᠎ᠤᠨ ᠪᠦᠳᠦᠭᠡᠨ ᠪᠠᠢᠭᠤᠯᠤᠯᠳᠠ᠎ᠳᠤ ᠪᠦᠬᠦ᠌ ᠳᠠᠯ᠎ᠠ᠎ᠪᠠᠷ ᠤᠷᠤᠯᠴᠠᠵᠤ᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠥᠨᠳᠥᠷ ᠲᠦᠪᠱᠢᠨ ᠪᠥᠬᠦᠶ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠤᠳᠠᠳᠠᠢ ᠠᠵᠢᠯᠯᠠᠭ᠎ᠠ ᠳᠡᠭᠡᠷ᠎ᠡ᠎ᠪᠠᠨ ᠨᠠᠢᠳᠠᠪᠤᠷᠢᠵᠢᠭᠤᠯᠤᠨ᠎ᠠ᠃ 


QQ截图20210414084454.jpg

 

《2013 ᠣᠨ᠎ᠠᠴᠠ 2020 ᠣᠨ᠎ᠤ ᠬᠤᠭᠤᠷᠣᠨᠳᠣ᠂ ᠥᠪᠥᠷ ᠮᠣᠩᠭᠤᠯ ᠬᠢᠭᠡᠳ 〈ᠨᠢᠭᠡ ᠪᠦᠰᠡ ᠨᠢᠭᠡ ᠵᠠᠮ〉 ᠳᠠᠭᠠᠤ ᠤᠯᠤᠰ᠎ᠤᠨ ᠬᠢᠯᠢ ᠠᠯᠤᠰᠯᠠᠭ᠍ᠰᠠᠨ ᠠᠷᠠᠳ᠎ᠤᠨ ᠵᠣᠭᠤᠰ᠎ᠤᠨ ᠣᠷᠣᠯᠭ᠎ᠠ ᠵᠠᠷᠤᠯᠭ᠎ᠠ 2501.44 ᠳ᠋ᠦᠩᠱᠢᠭᠤᠷ ᠲᠥᠭᠦᠷᠢᠭ᠎ᠲᠤ ᠬᠦᠷᠴᠦ᠍᠂ ᠪᠥᠬᠦ᠌ ᠣᠷᠣᠨ᠎ᠤ ᠬᠢᠯᠢ ᠠᠯᠤᠰᠯᠠᠭ᠍ᠰᠠᠨ ᠣᠷᠣᠯᠭ᠎ᠠ ᠵᠠᠷᠤᠯᠭ᠎ᠠ᠎ᠶ᠋ᠢᠨ ᠶᠡᠷᠦᠩᠬᠡᠶ ᠲᠣᠭᠠᠨ᠎ᠤ 29.51% ᠎ᠶ᠋ᠢ ᠡᠵᠡᠯᠡᠪᠡ᠃》

《ᠪᠥᠬᠦ᠌ ᠣᠷᠣᠨ᠎ᠤ ᠠᠵᠤ ᠠᠬᠤᠢᠯᠠᠯ᠎ᠤᠳ ᠧᠦ᠋ᠷᠣᠫᠠ ᠲᠢᠪ᠂ ᠠᠹᠷᠢᠺᠠ ᠲᠢᠪ᠂ ᠠᠽᠢᠶ᠎ᠠ ᠲᠢᠪ ᠪᠣᠯᠤᠨ ᠶᠡᠭᠡ ᠲᠡᠯᠡᠶ᠎ᠶ᠋ᠢᠨ ᠲᠢᠪ᠎ᠤᠨ 25 〈ᠨᠢᠭᠡ ᠪᠦᠰᠡ ᠨᠢᠭᠡ ᠵᠠᠮ〉 ᠳᠠᠭᠠᠤ ᠤᠯᠤᠰ᠎ᠲᠤ 330 ᠬᠢᠯᠢ᠎ᠶ᠋ᠢᠨ ᠭᠠᠳᠠᠨ᠎ᠠ ᠪᠠᠯᠠ ᠣᠷᠣᠭᠤᠯᠤᠭ᠍ᠰᠠᠨ ᠠᠵᠤ ᠠᠬᠤᠢᠯᠠᠯ ᠪᠠᠢᠭᠤᠯᠵᠤ᠂ ᠪᠥᠬᠦ᠌ ᠣᠷᠣᠨ᠎ᠤ ᠬᠢᠯᠢ᠎ᠶ᠋ᠢᠨ ᠭᠠᠳᠠᠨ᠎ᠠ ᠪᠠᠯᠠ ᠣᠷᠣᠭᠤᠯᠤᠭ᠍ᠰᠠᠨ ᠠᠵᠤ ᠠᠬᠤᠢᠯᠠᠯ᠎ᠤᠨ 69.77% ᠎ᠶ᠋ᠢ ᠡᠵᠡᠯᠡᠪᠡ᠃》

ᠠᠷᠠᠳ᠎ᠤᠨ ᠪᠠᠩᠬᠢ᠎ᠶ᠋ᠢᠨ ᠬᠥᠬᠡᠬᠤᠲᠠ᠎ᠳᠠᠬᠢ ᠲᠥᠪ ᠰᠠᠯᠪᠤᠷᠢ ᠪᠠᠩᠬᠢ᠎ᠶ᠋ᠢᠨ ᠬᠤᠯᠪᠣᠭ᠍ᠳᠠᠯ ᠪᠥᠬᠦᠶ ᠲᠤᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠠᠷ᠄ 《ᠨᠢᠭᠡ ᠪᠦᠰᠡ ᠨᠢᠭᠡ ᠵᠠᠮ》 ᠳᠡᠭᠡᠷᠡᠬᠢ ᠥᠪᠥᠷ ᠮᠣᠩᠭᠤᠯ ᠶᠠᠭ ᠳᠡᠯᠡᠬᠡᠶ ᠳ᠋ᠠᠬᠢᠨ᠎ᠲᠠᠢ ᠭᠠᠷ ᠬᠤᠯᠪᠣᠨ ᠬᠦᠰᠡᠯ ᠵᠡᠭᠦᠳᠦ᠎ᠪᠠᠨ ᠬᠥᠭᠡᠭᠡᠴᠡᠯᠳᠦᠨ ᠬᠠᠮᠲᠤ᠎ᠪᠠᠷ ᠠᠱᠢᠭ ᠭᠥᠷᠳᠡᠵᠦ᠍ ᠪᠠᠢᠨ᠎ᠠ᠃

ᠤᠢ᠍ᠢᠷ᠎ᠠ᠎ᠶ᠋ᠢᠨ ᠵᠢᠯ᠎ᠳᠤ᠂ ᠥᠪᠥᠷ ᠮᠣᠩᠭᠤᠯ ᠤᠷᠢᠳ ᠡᠮᠦᠨ᠎ᠡ ᠭᠠᠷᠤᠭᠠᠳᠤᠢ ᠭᠠᠳᠠᠭᠠᠳᠤ ᠨᠡᠭᠡᠭᠡᠯᠳᠡ᠎ᠶ᠋ᠢᠨ ᠲᠦᠷᠢ ᠪᠠᠢᠳᠠᠯ᠎ᠢᠶᠠᠷ᠂ 《ᠨᠢᠭᠡ ᠪᠦᠰᠡ ᠨᠢᠭᠡ ᠵᠠᠮ》 ᠎ᠤᠨ ᠪᠦᠳᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ ᠢᠯᠡᠷᠬᠡᠢ ᠦᠷ᠎ᠡ ᠪᠦᠳᠦᠮᠵᠢ ᠣᠯᠵᠠᠢ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠮᠠᠨ᠎ᠤ ᠣᠷᠣᠨ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ᠎ᠢ ᠲᠦᠷᠭᠡᠳᠭᠡᠨ ᠪᠠᠢᠭᠤᠯᠵᠤ᠂ ᠪᠥᠬᠦ᠌ ᠣᠷᠣᠨ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠶ ᠥᠷᠳᠡᠭ ᠵᠢᠯ ᠪᠦᠷᠢ ᠳᠤᠮᠳᠠᠴᠢ᠎ᠪᠠᠷ 8.5% ᠎ᠪᠠᠷ ᠨᠡᠮᠡᠭ᠌ᠳᠡᠵᠤ᠂ ᠦᠢᠯᠡᠴᠢᠯᠡᠭ᠌ᠰᠡᠨ ᠬᠢᠯᠢ᠎ᠪᠠᠷ ᠥᠩᠭᠡᠷᠡᠬᠦ᠌ ᠳᠤᠮᠳᠠᠳᠤ ᠧᠦ᠋ᠷᠣᠫᠠ᠎ᠶ᠋ᠢᠨ ᠵᠢᠱᠢᠶᠡᠨ᠎ᠤ ᠭᠠᠯᠲᠤ ᠲᠡᠷᠭᠡᠨ᠎ᠤ ᠳᠤᠭ᠎ᠠ᠎ᠨᠢ ᠪᠥᠬᠦ᠌ ᠤᠯᠤᠰ᠎ᠤᠨ 50% ᠱᠢᠬᠠᠮ᠎ᠢ ᠡᠵᠡᠯᠡᠵᠦ᠍᠂ ᠮᠠᠨᠵᠤᠤᠷ ᠪᠠ ᠡᠷᠢᠶᠡᠨ ᠬᠤᠲᠠ᠎ᠶ᠋ᠢᠨ ᠤᠯᠤᠰ᠎ᠤᠨ ᠭᠤᠤᠯᠳᠠᠯᠭ᠎ᠠ᠎ᠲᠠᠢ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ᠂ ᠬᠥᠯᠥᠨ ᠪᠤᠢᠷ᠎ᠤᠨ ᠳᠤᠮᠳᠠᠳᠤ ᠣᠷᠣᠰ ᠮᠣᠩᠭᠤᠯ᠎ᠤᠨ ᠬᠠᠮᠲᠤᠷᠠᠯᠴᠠᠭᠠᠨ᠎ᠤ ᠬᠤᠱᠢᠭᠤᠴᠢ ᠣᠷᠣᠨ ᠵᠡᠷᠭᠡ ᠲᠠᠪᠴᠠᠩ᠎ᠤᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢᠨ ᠦᠢᠯᠡᠳᠦᠯ᠎ᠢ ᠴᠢᠨᠠᠭ᠍ᠰᠢᠳᠠ ᠪᠠᠳᠠᠷᠠᠭᠤᠯᠪᠠ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠡᠬᠢᠯᠡᠯᠲᠡ᠎ᠶ᠋ᠢᠨ ᠵᠢᠯ᠎ᠳᠤ᠂ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ ᠵᠣᠭ᠍ᠰᠣᠵᠤ᠂ ᠥᠪᠥᠷ ᠮᠣᠩᠭᠤᠯ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠣᠷᠣᠯᠴᠠᠵᠤ ᠳᠠᠬᠢᠨᠲᠠ ᠱᠢᠨ᠎ᠡ ᠠᠶᠠᠨ᠎ᠢᠶᠠᠨ ᠡᠬᠢᠯᠡᠭᠦᠯᠪᠡ᠃

《ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠦᠨ᠂ 〈ᠨᠢᠭᠡ ᠪᠦᠰᠡ ᠨᠢᠭᠡ ᠵᠠᠮ〉 ᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠢᠳᠡᠪᠬᠢᠲᠡᠶ ᠣᠷᠣᠯᠴᠠᠵᠤ᠂ ᠥᠨᠳᠥᠷ ᠲᠦᠪᠱᠢᠨ ᠪᠥᠬᠦᠶ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃》

ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠨᠠᠨᠳᠢᠨ ᠬᠦᠰᠡᠯ ᠨᠠᠢᠳᠠᠯᠭ᠎ᠠ᠎ᠨᠢ ᠥᠪᠥᠷ ᠮᠣᠩᠭᠤᠯ᠎ᠤᠨ 《ᠨᠢᠭᠡ ᠪᠦᠰᠡ ᠨᠢᠭᠡ ᠵᠠᠮ》 ᠎ᠤᠨ ᠪᠦᠳᠦᠭᠡᠨ ᠪᠠᠢᠭᠤᠯᠤᠯᠲᠠ᠎ᠳᠤ ᠭᠦᠨᠵᠡᠭᠡᠢ ᠠᠭᠤᠰᠤᠯᠴᠠᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠬᠠᠩᠭᠠᠵᠠᠢ᠃

ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠷᠡᠮᠡᠬᠡᠢᠯᠡᠨ ᠤᠷᠤᠭ᠍ᠰᠢᠯᠠᠨ᠎ᠠ᠃ ᠥᠪᠥᠷ ᠮᠣᠩᠭᠤᠯ 《ᠥᠭᠡᠷᠡᠴᠢᠯᠡᠯᠲᠡ᠎ᠶ᠋ᠢ ᠨᠠᠩ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠠᠴᠠ᠎ᠪᠠᠨ ᠭᠦᠨᠵᠡᠭᠡᠢᠷᠡᠭᠦᠯᠵᠦ᠍᠂ ᠨᠡᠭᠡᠭᠡᠯᠲᠡ᠎ᠶ᠋ᠢ ᠥᠷᠭᠡᠳᠭᠡᠨ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠳᠠᠢᠯᠠᠯᠳᠤᠭᠠᠨ᠎ᠢ ᠡᠷᠴᠢᠮᠳᠠᠢ ᠰᠠᠢᠲᠤᠷ ᠬᠢᠵᠦ᠍᠂ ᠳᠠᠪᠠᠭᠤᠯᠢᠭ᠎ᠢᠶᠠᠨ ᠪᠠᠳᠠᠷᠠᠭᠤᠯᠤᠨ ᠬᠦᠷᠦᠯᠴᠡᠬᠦ᠌ ᠥᠬᠡᠶ ᠲᠠᠯ᠎ᠠ᠎ᠪᠠᠨ ᠲᠡᠪᠴᠢᠵᠦ᠍᠂ ᠱᠢᠯᠢᠳᠡᠭ᠎ᠢ ᠬᠥᠮᠦᠵᠢᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠨᠠᠩ ᠰᠠᠢᠲᠤᠷ ᠦᠶᠯᠡᠴᠢᠯᠡᠬᠦ᠌ ᠪᠠ ᠠᠭᠤᠰᠤᠯᠴᠠᠬᠤ᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠳᠠᠢ᠃》

ᠱᠢᠨ᠎ᠡ ᠠᠶᠠᠨ ᠵᠠᠮ᠎ᠢ ᠡᠬᠢᠯᠡᠭᠦᠯᠬᠦ᠌᠎ᠳᠤ ᠡᠴᠦᠰ᠎ᠲᠡᠭᠡᠨ ᠪᠣᠳᠠᠲᠠᠢ ᠠᠵᠢᠯᠯᠠᠭ᠎ᠠ᠎ᠳᠤ ᠲᠦᠱᠢᠭ᠌ᠯᠡᠨ᠎ᠡ᠃

ᠦᠵᠡᠭ᠌ᠳᠡᠯ ᠨᠢᠭᠡ

ᠭᠠᠳᠠᠭᠠᠳᠤ ᠨᠡᠭᠡᠭᠡᠯᠲᠡ᠎ᠶ᠋ᠢᠨ ᠶᠡᠭᠡ ᠤᠷᠤᠰᠭᠠᠯ

ᠡᠨᠡ ᠬᠤᠶᠠᠷ ᠡᠳᠦᠷ᠂ ᠥᠪᠥᠷ ᠮᠣᠩᠭᠤᠯ᠎ᠤᠨ ᠾᠸᠡᠭ ᠱᠢᠨ ᠲᠦᠩ ᠾᠦᠢ ᠠᠵᠤ  ᠦᠢᠯᠡᠳᠪᠦᠷᠢ ᠠᠷᠠᠯᠵᠢᠶᠠᠨ᠎ᠤ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ  ᠦᠢᠯᠡᠳᠪᠦᠷᠢᠯᠡᠯ᠎ᠤᠨ ᠲᠠᠰᠤᠭ᠎ᠲᠤ᠌᠂ ᠠᠦ᠋ᠲ᠋ᠣᠴᠢᠯᠠᠭ᠍ᠰᠠᠨ ᠮᠠᠱᠢᠨ ᠬᠦᠷᠴᠢᠬᠢᠨᠡᠨ᠂ ᠠᠵᠢᠯᠴᠢᠳ ᠡᠭᠡᠯᠵᠢ ᠬᠤᠪᠢᠶᠠᠨ ᠠᠵᠢᠯᠯᠠᠵᠤ᠂ ᠨᠡᠷᠡᠨ ᠬᠤᠸᠠᠷ᠎ᠤᠨ ᠦᠷ᠎ᠡ᠎ᠶ᠋ᠢ ᠤᠭᠤᠳᠠ ᠤᠭᠤᠳᠠ᠎ᠪᠠᠷ ᠰᠠᠪᠠᠯᠠᠨ ᠵᠢᠭ᠍ᠰᠠᠭᠠᠵᠤ᠂ ᠭᠠᠳᠠᠭ᠍ᠰᠢ ᠠᠴᠢᠶᠠᠯᠠᠨ ᠭᠠᠷᠭᠠᠬᠤ᠎ᠶ᠋ᠢ ᠬᠦᠯᠢᠶᠡᠵᠦ᠍ ᠪᠠᠢᠨ᠎ᠠ᠃

《ᠡᠨᠡ ᠪᠦᠯᠦᠭ 2000 ᠲᠣᠨ ᠨᠡᠷᠡᠨ ᠬᠤᠸᠠᠷ᠎ᠤᠨ ᠦᠷ᠎ᠡ᠎ᠶ᠋ᠢ ᠲᠦᠷᠺ᠎ᠲᠤ ᠭᠠᠷᠭᠠᠨ᠎ᠠ᠃ ᠭᠠᠳᠠᠭᠠᠳᠤ᠎ᠳᠤ ᠭᠠᠷᠭᠠᠬᠤ ᠶᠠᠪᠤᠴᠠ᠎ᠳᠤ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠪᠢᠳᠡᠨ᠎ᠳᠤ ᠮᠠᠰᠢ ᠱᠢᠯᠢᠳᠡᠭ  ᠦᠢᠯᠡᠴᠢᠯᠡᠭᠡ ᠬᠠᠩᠭᠠᠪᠠ᠃》 ᠬᠡᠵᠤ ᠦᠢᠯᠡᠳᠪᠦᠷᠢ᠎ᠶ᠋ᠢᠨ ᠲᠠᠰᠤᠭ᠎ᠤᠨ ᠬᠠᠷᠢᠭᠤᠴᠠᠯᠭᠠᠲᠠᠨ ᠸᠠᠩ ᠯᠢ ᠪᠢᠩ ᠲᠠᠨᠢᠯᠴᠠᠭᠤᠯᠪᠠ᠃

ᠤᠷᠠᠳ᠎ᠤᠨ ᠪᠣᠭᠤᠮᠲᠠ᠎ᠶ᠋ᠢᠨ ᠪᠦᠷᠢᠳᠭᠡᠯ᠎ᠢ ᠦᠨᠳᠦᠰᠦᠯᠡᠪᠡᠯ᠂ ᠡᠨᠡ ᠵᠢᠯ᠎ᠤᠨ 1 — 2 ᠰᠠᠷ᠎ᠠ᠎ᠳᠤ᠂ ᠪᠠᠶᠠᠨᠨᠠᠭᠤᠷ ᠬᠤᠲᠠ᠎ᠶ᠋ᠢᠨ ᠴᠢᠨᠠᠷ ᠰᠠᠢᠲᠠᠶ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠠᠳᠠᠭᠠᠳᠤ ᠭᠠᠷᠭᠠᠯᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 8.77 ᠲᠦᠮᠡᠨ ᠲᠣᠨ᠎ᠳᠤ ᠬᠦᠷᠴᠦ᠍᠂ ᠠᠷᠠᠯᠵᠢᠶᠠᠨ᠎ᠤ ᠥᠷᠲᠡᠭ 7.56 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 44% ᠪᠠ 36% ᠎ᠪᠠᠷ ᠨᠡᠮᠡᠭ᠌ᠳᠡᠪᠡ᠃

ᠣᠢᠷ᠎ᠠ᠎ᠶ᠋ᠢᠨ ᠵᠢᠯ᠎ᠤᠳ᠎ᠲᠤ᠌᠂ ᠪᠠᠶᠠᠨᠨᠠᠭᠤᠷ ᠬᠤᠲᠠ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠥᠲᠥᠭᠡᠨ ᠪᠠᠢᠭᠤᠯᠬᠤ ᠠᠵᠠ ᠲᠣᠬᠢᠶᠠᠯ᠎ᠢ ᠴᠢᠩᠭ᠎ᠠ ᠠᠳᠭᠤᠵᠤ᠂ ᠬᠢᠯᠢ᠎ᠶ᠋ᠢᠨ ᠪᠣᠭᠤᠮᠲᠠ᠂ ᠭᠠᠢᠯᠢ ᠦᠭᠡᠢ ᠡᠳ᠋ ᠪᠠᠷᠠᠭᠠᠨ᠎ᠤ ᠭᠦᠶᠯᠭᠡᠭᠡᠨ᠎ᠤ ᠲᠥᠪ (B ᠬᠡᠯᠪᠡᠷᠢ)᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠤ ᠪᠦᠳᠦᠭᠡᠨ ᠪᠠᠢᠭᠤᠯᠤᠯᠳᠠ᠎ᠶ᠋ᠢ ᠲᠦᠷᠭᠡᠳᠭᠡᠵᠤ᠂ ᠪᠥᠬᠦ᠌ ᠲᠠᠯ᠎ᠠ᠎ᠶ᠋ᠢᠨ ᠨᠡᠭᠡᠭᠡᠯᠲᠡᠲᠦ ᠱᠢᠨ᠎ᠡ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠭᠠᠳᠠᠭᠠᠳᠤ ᠨᠡᠭᠡᠭᠡᠯᠳᠡᠳᠤ ᠬᠡᠯᠪᠡᠷᠢ᠎ᠶ᠋ᠢᠨ ᠲᠠᠷᠢᠶᠠᠯᠠᠩ᠎ᠢ ᠬᠥᠭ᠌ᠵᠢᠭᠦᠯᠬᠦ᠌᠎ᠳᠤ ᠪᠠᠲᠤ ᠪᠠᠬᠢ ᠰᠠᠭᠤᠷᠢ ᠳᠠᠯᠪᠢᠪᠠ᠃

ᠣᠲᠣ᠂ ᠪᠠᠶᠠᠨᠨᠠᠭᠤᠷ ᠬᠤᠲᠠ ᠨᠢᠭᠡᠨᠲᠡ ᠪᠥᠬᠦ᠌ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭᠠᠳᠤ᠎ᠳᠤ ᠭᠠᠷᠭᠠᠬᠤ ᠴᠢᠬᠤᠯᠠ ᠰᠠᠭᠤᠷᠢᠨ ᠭᠠᠵᠠᠷ ᠪᠣᠯᠵᠣ᠂ ᠲᠠᠪᠤᠨ ᠶᠡᠭᠡ ᠲᠢᠪ᠎ᠤᠨ 93 ᠤᠯᠤᠰ ᠪᠠ ᠭᠠᠵᠠᠷ ᠣᠷᠣᠨ᠎ᠢ ᠪᠤᠢᠵᠢᠭᠤᠯᠤᠨ ᠪᠦᠷᠢᠯᠳᠦᠭᠦᠯᠪᠡ᠃ ᠬᠠᠮᠲᠤ᠎ᠳᠤᠨᠢ᠂ ᠭᠠᠭ᠍ᠴᠠᠮᠤᠳᠤ ᠬᠢᠯᠢ᠎ᠶ᠋ᠢᠨ ᠪᠣᠭᠤᠮᠲᠠ᠎ᠨᠢ ᠪᠦᠬᠦ᠌ ᠤᠯᠤᠰ᠎ᠤᠨ ᠪᠠᠷᠠᠭ᠎ᠠ ᠳᠠᠮᠵᠢᠭᠤᠯᠬᠤ ᠬᠡᠮᠵᠢᠶ᠎ᠡ᠎ᠪᠠᠷ ᠬᠠᠮᠤᠭ᠎ᠤᠨ ᠶᠡᠭᠡ ᠵᠠᠰᠠᠮᠠᠯ ᠵᠠᠮ᠎ᠤᠨ ᠬᠢᠯᠢ᠎ᠶ᠋ᠢᠨ ᠪᠣᠭᠤᠮᠲᠠ ᠪᠠ 《ᠬᠠᠷ᠎ᠠ ᠠᠯᠳᠠ》 ᠎ᠶ᠋ᠢᠨ ᠤᠯᠠᠨ ᠤᠯᠤᠰ᠎ᠤᠨ ᠡᠨᠧᠷᠭᠢ᠎ᠶ᠋ᠢᠨ ᠳᠤᠮᠤ ᠵᠠᠮ ᠬᠤᠭᠤᠯᠠᠢ ᠪᠣᠯᠪᠠ᠃

ᠦᠵᠡᠭ᠌ᠳᠡᠯ ᠬᠤᠶᠠᠷ

ᠣᠯᠠᠨ 《ᠤᠷᠤᠨ》 ᠎ᠢ ᠪᠠᠢᠭᠤᠯᠤᠨ ᠬᠦᠭ᠌ᠵᠢᠬᠦᠯᠤᠨ᠎ᠠ

2019 ᠣᠨ᠎ᠤ 6 ᠰᠠᠷ᠎ᠠ᠎ᠳᠤ᠂ ᠳᠤᠮᠳᠠᠳᠤ ᠮᠣᠩᠭᠤᠯ ᠬᠤᠶᠠᠷ ᠤᠯᠤᠰ᠎ᠤᠨ ᠵᠠᠰᠠᠭ᠎ᠤᠨ ᠣᠷᠳᠣᠨ ᠡᠷᠢᠶᠡᠨ ᠬᠤᠲᠠ — ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠢ ᠪᠥᠲᠥᠭᠡᠨ ᠪᠠᠢᠭᠤᠯᠬᠤ ᠬᠡᠯᠡᠯᠴᠡᠭᠡᠷ᠎ᠲᠤ ᠵᠢᠩᠬᠢᠨᠢ᠎ᠪᠠᠷ ᠭᠠᠷ᠎ᠤᠨ ᠥᠰᠥᠭ ᠵᠢᠷᠤᠪᠠ᠂ ᠡᠨᠡ᠎ᠨᠢ ᠳᠤᠮᠳᠠᠳᠤ ᠮᠣᠩᠭᠤᠯ᠎ᠤᠨ ᠠᠩᠬᠠᠳᠠᠭ᠍ᠴᠢ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ ᠪᠣᠯᠤᠨ᠎ᠠ᠂ ᠪᠠᠰᠠ ᠴᠤ᠌ ᠳᠤᠮᠳᠠᠳᠤ ᠤᠯᠤᠰ᠎ᠤᠨ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠥᠲᠥᠭᠡᠨ ᠪᠠᠢᠭᠤᠯᠬᠤ ᠬᠢᠭᠡᠳ ᠮᠣᠩᠭᠤᠯ ᠤᠯᠤᠰ᠎ᠤᠨ 《ᠬᠥᠭ᠌ᠵᠢᠯᠲᠡ᠎ᠶ᠋ᠢᠨ ᠵᠠᠮ》 ᠎ᠤᠨ ᠪᠠᠢᠯᠳᠤᠬᠤ ᠪᠣᠳᠣᠯᠭ᠎ᠠ᠎ᠶ᠋ᠢᠨ ᠵᠣᠯᠭᠠᠯᠴᠠᠭ᠎ᠠ᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃

ᠳᠤᠮᠳᠠᠳᠤ ᠮᠣᠩᠭᠤᠯ᠎ᠤᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠲᠥᠯᠥᠪᠵᠢᠭᠦᠯᠭᠡ᠎ᠶ᠋ᠢᠨ ᠲᠠᠯᠠᠪᠠᠶ᠎ᠨᠢ 18.03 ᠲᠡᠭ᠌ᠰᠢ ᠳᠥᠷᠪᠡᠯᠵᠢᠨ ᠺᠢᠯᠣᠮᠧᠲᠷ ᠪᠠᠢᠵᠤ᠂ ᠡᠭᠦᠨ᠎ᠳᠤ ᠳᠤᠮᠳᠠᠳᠤ᠎ᠶ᠋ᠢᠨ ᠲᠠᠯ᠎ᠠ᠎ᠶ᠋ᠢᠨ᠎ᠬᠢᠨ 9.03 ᠲᠡᠭ᠌ᠰᠢ ᠳᠥᠷᠪᠡᠯᠵᠢᠨ ᠺᠢᠯᠣᠮᠧᠲᠷ ᠪᠠᠢᠵᠤ᠂ ᠣᠯᠠᠨ ᠤᠯᠤᠰ᠎ᠤᠨ ᠠᠷᠠᠯᠵᠢᠶ᠎ᠠ᠂ ᠡᠳ᠋ ᠪᠠᠷᠠᠭᠠᠨ᠎ᠤ  ᠭᠦᠢᠯᠭᠡᠭᠡ᠎ᠶ᠋ᠢᠨ ᠬᠥᠮᠥᠷᠭᠡ᠂ ᠡᠯᠧᠺᠲᠷᠣᠨ ᠬᠤᠳᠠᠯᠳᠤᠭ᠎ᠠ᠂ ᠵᠢᠭᠤᠯᠴᠢᠯᠠᠯ ᠵᠢᠴᠢ ᠮᠥᠩᠭᠦᠨ ᠭᠦᠶᠯᠭᠡᠭᠡᠨ᠎ᠤ ᠦᠢᠯᠡᠴᠢᠯᠡᠭᠡ ᠵᠡᠷᠭᠡ ᠣᠯᠠᠨ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠨ ᠨᠡᠭᠡᠭᠡᠨ ᠬᠥᠭ᠌ᠵᠢᠭᠦᠯᠬᠦ᠌ ᠲᠠᠪᠴᠠᠩ᠎ᠢ ᠪᠠᠢᠭᠤᠯᠤᠨ᠂ ᠳᠤᠮᠳᠠᠳᠤ ᠮᠣᠩᠭᠤᠯ ᠬᠤᠶᠠᠷ ᠲᠠᠯ᠎ᠠ᠎ᠶ᠋ᠢᠨ 《ᠨᠢᠭᠡ ᠪᠦᠰᠡ ᠨᠢᠭᠡ ᠵᠠᠮ》 ᠎ᠤᠨ ᠠᠵᠤ ᠠᠬᠤᠶ᠎ᠶ᠋ᠢᠨ ᠪᠦᠰᠡ᠎ᠶ᠋ᠢᠨ ᠬᠥᠭ᠌ᠵᠢᠯᠲᠡ᠎ᠶ᠋ᠢ ᠳᠤᠰᠠᠯᠠᠨ ᠠᠬᠢᠭᠤᠯᠬᠤ ᠵᠠᠭ᠍ᠪᠤᠷ᠎ᠢ ᠪᠣᠶ ᠪᠣᠯᠭᠠᠨ᠎ᠠ᠃

ᠦᠵᠡᠭ᠌ᠳᠡᠯ ᠭᠤᠷᠪᠠ

ᠦᠨᠡᠮᠯᠡᠯ ᠬᠦᠢᠴᠡᠳᠭᠡᠬᠦ᠌᠎ᠶ᠋ᠢ ᠨᠢᠭᠡᠯᠡ ᠤᠳᠠᠭ᠎ᠠ᠎ᠳᠤ ᠪᠡᠶᠠᠯᠡᠭᠦᠯᠦᠨ᠎ᠠ

《ᠮᠠᠨ᠎ᠤ ᠺᠣᠮᠫᠠᠨᠢ ᠡᠵᠡᠩᠨᠡᠯᠲᠡ᠎ᠶ᠋ᠢᠨ ᠦᠨᠡᠮᠯᠡᠯ᠎ᠢᠶᠠᠨ ᠬᠦᠢᠴᠡᠳᠭᠡᠵᠤ ᠪᠠᠢᠨ᠎ᠡ᠂ ᠡᠮᠦᠨ᠎ᠡ ᠬᠡᠳᠦᠨ ᠡᠳᠦᠷ ᠪᠢ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠲᠣᠪᠴᠢᠶᠠᠨ᠎ᠳᠤ ᠨᠢᠭᠡ ᠤᠳᠠᠭ᠎ᠠ ᠭᠤᠶᠤᠴᠢᠯᠠᠭ᠍ᠰᠠᠨ᠂ ᠥᠨᠥᠳᠦᠷ ᠬᠠᠷᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠲᠣᠪᠴᠢᠶᠠᠨ᠎ᠤ ᠠᠵᠢᠯᠲᠠᠨ ᠰᠠᠨᠠᠭᠠᠴᠢᠯᠠᠭ᠎ᠠ᠎ᠠᠴᠠ᠎ᠪᠠᠨ ᠮᠠᠨ᠎ᠤ ᠦᠢᠯᠡᠳᠪᠦᠷᠢ᠎ᠶ᠋ᠢᠨ ᠲᠠᠰᠤᠭ᠎ᠲᠤ ᠬᠦᠷᠴᠦ᠍ ᠲᠤᠬᠠᠶ᠎ᠶ᠋ᠢᠨ ᠲᠠᠯᠠᠪᠠᠶ᠎ᠳᠤ ᠬᠠᠢᠨ ᠪᠠᠢᠴᠠᠭᠠᠯᠲᠠ ᠬᠢᠵᠡᠢ᠂ ᠤᠳᠠᠯ ᠥᠬᠡᠶ ᠦᠨᠡᠮᠯᠡᠯ᠎ᠢᠶᠠᠨ ᠣᠯᠴᠢᠬᠠᠨ᠎ᠠ᠃》 ᠭᠡᠵᠤ ᠯᠦᠩ ᠳ᠋ᠠ ᠮᠣᠳᠣᠨ ᠮᠠᠲ᠋ᠧᠷᠢᠶᠠᠯ᠎ᠤᠨ  ᠦᠢᠯᠡᠰ᠎ᠤᠨ ᠣᠷᠣᠰ᠎ᠤᠨ ᠮᠣᠳᠣᠨ ᠮᠠᠲ᠋ᠧᠷᠢᠶᠠᠯ ᠭᠠᠳᠠᠭᠠᠳᠤ᠎ᠠᠴᠠ ᠣᠷᠣᠭᠤᠯᠵᠤ ᠡᠳ᠋ᠱᠢᠬᠦᠯᠤᠨ ᠪᠣᠯᠪᠠᠰᠤᠷᠠᠭᠤᠯᠬᠤ ᠠᠷᠠᠯᠵᠢᠶ᠎ᠠ ᠬᠢᠵᠦ᠍ ᠪᠠᠢᠭ᠎ᠠ ᠬᠤᠳᠠᠯᠳᠤᠭᠠᠴᠢᠨ ᠸᠠᠩ ᠯᠸᠢ ᠬᠡᠯᠡᠪᠡ᠃

ᠣᠢᠷ᠎ᠠ᠎ᠶ᠋ᠢᠨ ᠵᠢᠯ᠎ᠤᠳ᠎ᠲᠤ᠌᠂ ᠮᠠᠨᠵᠤᠤᠷ ᠬᠤᠲᠠ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠶ᠋ᠢ ᠢᠮᠠᠭ᠍ᠲᠠ ᠲᠣᠪᠤᠢᠮ᠎ᠠ ᠪᠠᠢᠷᠢᠨ᠎ᠳᠤ ᠲᠠᠯᠪᠢᠵᠤ᠂ ᠡᠯ᠎ᠡ  ᠵᠦᠢᠯ᠎ᠤᠨ ᠠᠵᠢᠯ᠎ᠤᠨ ᠶᠠᠪᠤᠴᠠ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠠᠵᠢᠯ ᠶᠠᠪᠤᠳᠠᠯ ᠭᠦᠢᠴᠡᠳᠭᠡᠬᠦ᠌ ᠲᠠᠰ ᠳᠠᠷᠠᠭᠠᠯᠠᠯ᠎ᠢ ᠴᠣᠮᠬᠠᠳᠭᠠᠪᠠ᠃

ᠲᠣᠰ ᠬᠤᠲᠠ᠎ᠨᠢ ᠬᠢᠯᠢ᠎ᠶ᠋ᠢᠨ ᠪᠣᠭᠤᠮᠲᠠ᠎ᠶ᠋ᠢᠨ ᠦᠢᠯᠡᠴᠢᠯᠡᠭᠡᠨ᠎ᠤ ᠴᠢᠳᠠᠮᠵᠢ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠣᠯᠠᠨ ᠤᠯᠤᠰ᠎ᠤᠨ ᠠᠷᠠᠯᠵᠢᠶᠠᠨ᠎ᠤ 《ᠭᠠᠭ᠍ᠴᠠ ᠴᠣᠩᠬᠤᠪᠴᠢ》 ᠎ᠶ᠋ᠢᠨ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠦᠨ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ 《ᠰᠠᠭᠠᠳ ᠥᠬᠡᠶ ᠨᠡᠪᠲᠡᠷᠡᠬᠦ᠌ ᠵᠠᠮ》 ᠎ᠢ ᠨᠡᠭᠡᠭᠡᠵᠦ᠍᠂ ᠴᠢᠩᠭᠡᠯᠢᠭ᠎ᠤᠨ ᠣᠢᠷ᠎ᠠ ᠵᠠᠮ᠎ᠤᠨ ᠲᠡᠮᠦᠷ ᠵᠠᠮ᠎ᠤᠨ ᠲᠡᠭᠡᠭᠡᠪᠦᠷᠢ᠎ᠶ᠋ᠢᠨ ᠲᠤᠬᠠᠢᠯᠠᠭ᠍ᠰᠠᠨ ᠠᠵᠢᠯ᠎ᠢ ᠡᠬᠢᠯᠡᠬᠦᠯᠵᠤ᠂ ᠪᠣᠭᠤᠮᠲᠠ᠎ᠶ᠋ᠢᠨ  ᠬᠦᠢᠰᠦ᠎ᠶ᠋ᠢᠨ ᠴᠢᠳᠠᠮᠵᠢ᠎ᠶ᠋ᠢ ᠴᠢᠨᠠᠭ᠍ᠰᠢᠳᠠ ᠴᠢᠩᠭᠠᠷᠠᠭᠤᠯᠪᠠ᠃ 2020 ᠣᠨ᠎ᠳᠤ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠵᠠᠮ ᠱᠤᠭᠤᠮ 57 ᠵᠤᠷᠪᠤᠰ᠎ᠲᠤ ᠬᠦᠷᠴᠦ᠍᠂ ᠬᠢᠯᠢ᠎ᠪᠠᠷ ᠨᠡᠪᠳᠡᠷᠡᠭ᠌ᠰᠡᠨ ᠵᠢᠱᠢᠶᠠᠨ᠎ᠤ ᠭᠠᠯᠲᠤ ᠲᠡᠷᠭᠡ 3500 ᠴᠤᠪᠤᠭ᠎ᠠ᠎ᠶ᠋ᠢ ᠱᠢᠪᠳᠤᠯᠪᠠ᠃

ᠮᠠᠨ᠎ᠤ ᠤᠯᠤᠰ᠎ᠤᠨ 《ᠤᠯᠤᠰ᠎ᠤᠨ ᠳᠣᠲᠣᠭᠠᠳᠤᠬᠢ ᠶᠡᠭᠡ ᠣᠷᠴᠢᠯ᠎ᠢᠶᠠᠷ ᠭᠤᠤᠯ ᠴᠣᠭ᠍ᠴᠠ ᠪᠣᠯᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠣᠰ ᠣᠷᠴᠢᠯ᠎ᠢ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ》 ᠎ᠳᠤ ᠰᠠᠭᠤᠷᠢᠯᠠᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠤᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ》 ᠎ᠳᠤ ᠮᠠᠨ᠎ᠤ ᠣᠷᠣᠨ᠎ᠤ 《ᠨᠢᠭᠡ ᠪᠦᠰᠡ ᠨᠢᠭᠡ ᠵᠠᠮ》 ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠳᠤ᠎ᠪᠠᠷ ᠪᠥᠲᠥᠭᠡᠨ ᠪᠠᠢᠭᠤᠯᠵᠤ ᠱᠢᠨ᠎ᠡ ᠵᠢᠷᠤᠭ ᠲᠥᠰᠦᠪ᠎ᠢ ᠵᠢᠷᠤᠭ᠍ᠯᠠᠪᠠ᠄

— ᠰᠠᠭᠤᠷᠢ ᠲᠥᠬᠦᠭᠡᠷᠦᠮᠵᠢ᠎ᠶ᠋ᠢᠨ ᠬᠤᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠤᠨ᠎ᠠ᠃

— ᠰᠣᠶᠣᠯ ᠢᠷᠭᠡᠨᠱᠢᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠨ᠎ᠠ᠃

— ᠣᠷᠣᠰ ᠮᠣᠩᠭᠤᠯ᠎ᠯᠤᠭ᠎ᠠ᠎ᠶ᠋ᠢᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠭᠦᠨᠵᠡᠭᠡᠢᠷᠡᠭᠦᠯᠦᠨ᠎ᠡ᠃

— ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃

— ᠨᠡᠭᠡᠭᠡᠯᠲᠡ ᠬᠢᠬᠦ᠌ ᠲᠠᠪᠴᠠᠩ᠎ᠤᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ᠎ᠡ᠃

ᠵᠤᠷᠪᠤᠰ ᠵᠤᠷᠪᠤᠰ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠶᠡᠷᠦᠩᠬᠡᠶ ᠬᠠᠷᠠᠯᠲᠠ ᠪᠣᠯᠤᠨ ᠪᠣᠳᠠᠲᠠᠶ ᠬᠠᠷᠠᠯᠲᠠ᠎ᠨᠢ ᠥᠪᠥᠷ ᠮᠣᠩᠭᠤᠯ᠎ᠤᠨ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠣᠷᠣᠯᠴᠠᠵᠤ᠂ ᠥᠨᠳᠥᠷ ᠲᠦᠪᠱᠢᠨ ᠪᠥᠬᠦᠶ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠠᠮ ᠳᠡᠭᠡᠷ᠎ᠡ ᠵᠢᠯᠣᠭᠤ ᠰᠤᠩᠭᠠᠵᠤ᠂ ᠡᠷᠡᠯᠬᠡᠭ᠌ᠯᠡᠨ ᠤᠷᠤᠭ᠍ᠰᠢᠯᠠᠬᠤ᠎ᠶ᠋ᠢ ᠬᠥᠲᠥᠯᠥᠨ ᠵᠢᠯᠣᠭᠤᠳᠴᠤ᠌ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号