ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦᠷ᠎ᠢ ᠴᠣᠭ᠍ᠴᠠᠯᠠᠶ᠎ᠠ
2021-04-14 08:58:31
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

ᠬᠥᠭ᠌ᠵᠢᠯᠳᠡ ᠪᠣᠯ ᠬᠠᠲᠠᠭᠤ ᠶᠣᠰᠣ ᠮᠥᠨ᠂ ᠥᠪᠥᠷ ᠮᠣᠩᠭᠤᠯ᠎ᠤᠨ ᠪᠤᠢ ᠪᠦᠬᠦᠢ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠰᠠᠭᠤᠷᠢ ᠪᠤᠯᠤᠨ᠎ᠠ᠃ ᠬᠥᠭ᠌ᠵᠢᠯᠲᠡ ᠱᠢᠨ᠎ᠡ ᠠᠬᠤᠢ ᠪᠠᠢᠳᠠᠯ᠎ᠳᠤ ᠬᠦᠷᠬᠦ᠌᠎ᠳᠤ᠂ ᠴᠢᠨᠠᠭ᠍ᠰᠢᠳᠠ ᠲᠡᠰ ᠳᠡᠪᠱᠢᠭᠦᠯᠬᠦ᠌ ᠴᠢᠬᠤᠯᠠᠲᠠᠢ ᠪᠣᠯᠬᠤ᠎ᠳᠤ᠂ ᠥᠭᠡᠷᠡᠴᠢᠯᠡᠯᠲᠡ ᠨᠡᠭᠡᠭᠡᠯᠳᠡ᠎ᠶ᠋ᠢ ᠡᠴᠦᠰ᠎ᠲᠤᠨᠢ ᠲᠤᠯᠲᠠᠯ᠎ᠠ ᠬᠢᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠯᠳᠡ᠎ᠪᠠᠷ ᠵᠢᠯᠤᠭᠤᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢ ᠰᠦᠪᠡᠭ᠌ᠴᠢᠯᠡᠬᠦ᠌᠎ᠠᠴᠠ ᠪᠤᠰᠤᠳ ᠵᠠᠮ ᠪᠠᠢᠬᠤ ᠦᠭᠡᠢ ᠶᠤᠮ᠃

ᠬᠥᠭ᠌ᠵᠢᠯᠲᠡ᠎ᠪᠠᠷ ᠰᠡᠳᠦᠪᠯᠡᠨ᠂ ᠥᠭᠡᠷᠡᠴᠢᠯᠡᠯᠲᠡ᠎ᠪᠠᠷ ᠠᠷᠭ᠎ᠠ ᠤᠬᠠᠭᠠᠨ ᠭᠠᠷᠭᠠᠨ᠎ᠠ᠃ ᠴᠢᠨᠠᠷ ᠰᠠᠢᠲᠠᠢ ᠬᠥᠭ᠌ᠵᠢᠯᠲᠡ ᠲᠡᠢᠰᠢ ᠡᠷᠡᠮᠡᠭᠡᠢᠯᠡᠨ ᠤᠷᠤᠭ᠍ᠰᠢᠯᠠᠬᠤ᠎ᠶ᠋ᠢᠨ ᠵᠠᠩᠭᠢᠯᠠᠭ᠎ᠠ᠎ᠨᠢ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠬᠦ᠌ ᠲᠠᠯ᠎ᠠ᠎ᠪᠠᠷ ᠣᠨᠣᠪᠴᠢᠲᠠᠢ ᠤᠢ᠍ᠢᠯᠠᠭᠠᠨ ᠰᠠᠢᠲᠤᠷ ᠲᠤᠭᠤᠱᠢᠯᠠᠭᠤᠯᠵᠤ᠂ ᠥᠭᠡᠷᠡᠴᠢᠯᠡᠯᠲᠡ ᠨᠡᠭᠡᠭᠡᠯᠳᠡ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠳᠤ ᠪᠤᠢ᠃ ᠮᠠᠨ᠎ᠤ ᠣᠷᠣᠨ᠎ᠤ ᠬᠥᠭ᠌ᠵᠢᠯᠲᠡ᠎ᠶ᠋ᠢ ᠬᠦᠯᠢᠶᠡᠰᠦᠯᠡᠵᠤ ᠪᠠᠢᠭ᠎ᠠ ᠳᠤᠪᠤᠢᠮ᠎ᠠ ᠵᠥᠷᠢᠴᠡᠯ ᠪᠣᠯᠤᠨ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠣᠯᠤᠨ ᠠᠮᠢᠵᠢᠷᠠᠯ᠎ᠤᠨ ᠬᠦᠴᠦᠨ᠎ᠢ ᠳᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ; ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠪᠠᠷ ᠭᠤᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠤᠳᠤ ᠦᠶ᠎ᠡ᠎ᠶ᠋ᠢᠨ ᠠᠵᠤ ᠦᠢᠯᠡᠰ᠎ᠤᠨ ᠱᠢᠨ᠎ᠡ ᠱᠢᠰᠲ᠋ᠧᠮ᠎ᠢ ᠲᠦᠷᠭᠡᠨ ᠪᠠᠢᠭᠤᠯᠬᠤ ᠬᠡᠷᠡᠭ᠌ᠲᠡᠢ; ᠨᠡᠬᠡᠬᠡᠯᠳᠡ᠎ᠶ᠋ᠢ ᠴᠢᠨᠠᠭ᠍ᠰᠢᠳᠠ ᠥᠷᠭᠡᠳᠭᠡᠵᠦ᠍᠂ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ᠎ᠢ ᠴᠢᠯᠥᠭᠡᠲᠡᠢ ᠪᠣᠯᠭᠠᠨ᠂ 《ᠨᠢᠭᠡ ᠪᠦᠰᠡ ᠨᠢᠭᠡ ᠵᠠᠮ》 ᠎ᠤᠨ ᠪᠦᠳᠦᠬᠡᠨ ᠪᠠᠢᠭᠤᠯᠤᠯᠲᠠ᠎ᠳᠤ ᠢᠳᠡᠪᠬᠢᠲᠡᠢ ᠠᠭᠤᠰᠤᠯᠴᠠᠵᠤ᠂ ᠥᠨᠳᠥᠷ ᠲᠦᠪᠱᠢᠨ ᠪᠦ᠍ᠬᠦᠢ ᠨᠡᠬᠡᠬᠡᠯᠳᠡ᠎ᠶ᠋ᠢ ᠥᠷᠭᠡᠳᠭᠡᠬᠦ᠌᠎ᠪᠠᠷ ᠴᠢᠨᠠᠷ ᠰᠠᠢᠲᠠᠢ ᠬᠥᠭ᠌ᠵᠢᠯᠲᠡ᠎ᠳᠤ ᠱᠢᠨ᠎ᠡ ᠬᠥᠳᠡᠯᠭᠡᠭᠦᠷ᠎ᠢ ᠡᠭᠦᠳᠬᠦ᠌ ᠬᠡᠷᠡᠭ᠌ᠲᠡᠢ᠃

ᠬᠤᠳᠠᠯᠳᠤᠭ᠎ᠠ ᠡᠷᠬᠢᠯᠡᠭᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠪᠤᠯ ᠭᠦᠨ ᠳᠠᠪᠬᠤᠷᠭ᠎ᠠ᠎ᠶ᠋ᠢᠨ ᠥᠭᠡᠷᠡᠴᠢᠯᠡᠯᠲᠡ ᠨᠡᠭᠡᠭᠡᠯᠳᠡ ᠪᠤᠯᠤᠨ᠎ᠠ᠂ ᠬᠦᠯᠢᠶᠡᠵᠦ᠍ ᠪᠣᠯᠬᠤ ᠦᠭᠡᠢ ᠮᠥᠷᠲᠡᠭᠡᠨ ᠬᠦᠯᠢᠶᠡᠵᠦ᠍ ᠴᠦ᠍ ᠳᠡᠢᠯᠬᠦ᠌ ᠦᠭᠡᠢ ᠶᠤᠮ᠃ ᠰᠠᠨᠠᠭᠠᠴᠢᠯᠠᠭ᠎ᠠ᠎ᠠᠴᠠ᠎ᠪᠠᠨ ᠵᠥᠷᠢᠶ᠎ᠡ᠎ᠪᠠᠨ ᠡᠷᠢᠨ᠂ ᠬᠦᠷᠦᠯᠴᠡᠬᠦ᠌ ᠦᠭᠡᠢ ᠲᠠᠯ᠎ᠠ᠎ᠪᠠᠨ ᠡᠷᠢᠵᠦ᠍᠂ ᠵᠣᠷᠢᠭ ᠱᠢᠭᠤᠳᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ ᠲᠡᠷᠢᠭᠦᠨ᠎ᠤ ᠬᠤᠳᠠᠯᠳᠤᠭ᠎ᠠ ᠡᠷᠬᠢᠯᠡᠭᠦ᠌ ᠣᠷᠴᠢᠨ ᠨᠦᠭᠦᠴᠡᠯ᠎ᠢ ᠪᠤᠢ ᠪᠣᠯᠭᠠᠪᠠᠯ ᠰᠠᠶᠢ ᠰᠠᠨᠠᠭᠠᠴᠢᠯᠠᠭᠠᠲᠤ ᠪᠠᠢᠷᠢ᠎ᠶ᠋ᠢ ᠣᠯᠵᠤ᠂ ᠳᠠᠪᠠᠭᠤᠯᠢᠭ᠎ᠢ ᠪᠤᠢ ᠪᠤᠯᠭᠠᠵᠤ ᠴᠢᠳᠠᠨ᠎ᠠ᠃ ᠵᠣᠷᠢᠭ᠍ᠲᠠᠢ᠎ᠪᠠᠷ 《ᠪᠡᠷᠬᠡ ᠠᠰᠠᠭᠤᠳᠠᠯ》 ᠎ᠢ ᠱᠢᠢᠳᠪᠦᠷᠢᠯᠡᠨ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ 《ᠪᠣᠭᠤᠮᠲᠠ ᠱᠢᠪᠲᠤᠯᠬᠤ ᠤᠬᠠᠮᠰᠠᠷ》 ᠎ᠢ ᠪᠤᠢ ᠪᠣᠯᠭᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠤᠨ 《ᠱᠢᠨ᠎ᠡ ᠠᠭᠤᠷ ᠠᠮᠢᠰᠭᠤᠯ》 ᠎ᠢ ᠬᠠᠳᠠᠭᠠᠯᠠᠪᠠᠯ ᠰᠠᠶᠢ ᠵᠢᠩᠬᠢᠨᠢ ᠤᠳᠭ᠎ᠠ ᠠᠭᠤᠯᠭ᠎ᠠ ᠳᠡᠭᠡᠷᠡᠬᠢ ᠥᠨᠳᠥᠷ ᠲᠦᠪᠱᠢᠨ ᠪᠦᠬᠦᠢ ᠨᠡᠬᠡᠬᠡᠯᠳᠡ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠨ᠎ᠠ᠃

ᠥᠭᠡᠷᠡᠴᠢᠯᠡᠯᠲᠡ ᠦᠷᠭᠦᠯᠵᠢᠯᠡᠭ᠌ᠰᠡᠭᠡᠷ᠂ ᠬᠥᠭ᠌ᠵᠢᠯᠲᠡ᠎ᠳᠤ ᠲᠡᠭᠦᠰᠭᠡᠯ ᠭᠡᠵᠦ᠍ ᠪᠠᠢᠬᠤ ᠦᠭᠡᠢ ᠶᠤᠮ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠵᠢᠭᠠᠭ᠍ᠰᠠᠨ ᠴᠢᠭ᠌ᠯᠡᠯ᠎ᠢ ᠭᠤᠢᠪᠢᠰᠢ ᠦᠭᠡᠢ ᠪᠠᠷᠢᠮᠲᠠᠯᠠᠵᠤ᠂ ᠴᠠᠭ᠎ᠤᠨ ᠪᠠᠢᠳᠠᠯ᠎ᠢ᠎ᠲᠠᠭᠠᠨ ᠤᠷᠤᠭ᠍ᠰᠢᠯᠠᠨ᠂ ᠨᠡᠩ ᠶᠡᠭᠡ ᠡᠷᠴᠢᠮ᠎ᠢᠶᠠᠷ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠨᠡᠬᠡᠬᠡᠯᠳᠡ᠎ᠶ᠋ᠢ ᠥᠷᠭᠡᠳᠭᠡᠨ᠂ ᠨᠡᠩ ᠤᠯᠠᠨ ᠪᠣᠳᠠᠲᠠᠢ ᠠᠷᠭ᠎ᠠ  ᠬᠡᠮᠵᠢᠶ᠎ᠡ᠎ᠪᠠᠷ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠪᠡᠯ᠂ ᠮᠠᠨ᠎ᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠲᠠᠰᠤᠷᠠᠯᠲᠠ ᠦᠭᠡᠢ ᠱᠢᠨ᠎ᠡ ᠠᠬᠢᠴᠠ ᠱᠢᠨ᠎ᠡ ᠦᠷ᠎ᠡ ᠪᠦᠲᠦᠮᠵᠢ᠎ᠶ᠋ᠢ ᠤᠯᠵᠤ᠂ ᠨᠡᠩ ᠰᠠᠢᠨ ᠰᠠᠢᠬᠠᠨ ᠬᠥᠭ᠌ᠵᠢᠯᠲᠡ᠎ᠶ᠋ᠢᠨ ᠬᠠᠭᠤᠳᠠᠰᠤ᠎ᠶ᠋ᠢ ᠪᠢᠴᠢᠭ᠌ᠯᠡᠵᠦ᠍ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号