ᠬᠥᠯᠥᠨ ᠪᠤᠢᠷ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ ᠡᠨᠡ ᠵᠢᠯ 577.43 ᠲᠦᠮᠡᠨ ᠮᠥ᠍ ᠳᠠᠷᠢᠬᠤ᠎ᠪᠠᠷ ᠲᠥᠯᠥᠪᠯᠡᠵᠦ᠍ ᠪᠠᠢᠨ᠎ᠠ᠂ ᠡᠭᠦᠨ᠎ᠳᠤ ᠠᠮᠤ ᠲᠣᠰᠣᠨ᠎ᠤ ᠲᠠᠷᠢᠮᠠᠯ᠎ᠤᠨ ᠶᠡᠷᠦᠩᠬᠡᠶ ᠲᠠᠯᠠᠪᠠᠶ 525 ᠲᠦᠮᠡᠨ ᠮᠥ᠍ ᠪᠠᠢᠵᠤ᠂ ᠶᠡᠷᠦᠩᠬᠡᠶ ᠳᠠᠷᠢᠬᠤ ᠲᠠᠯᠠᠪᠠᠶ᠎ᠶ᠋ᠢᠨ 90% ᠠᠴᠠ ᠳᠡᠭᠡᠭ᠌ᠰᠢᠬᠢ᠎ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 2.9% ᠪᠠᠷ ᠨᠡᠮᠡᠭ᠌ᠳᠡᠬᠦ᠌ ᠪᠤᠯᠤᠨ᠎ᠠ᠃ ᠲᠠᠷᠢᠶᠡᠨ ᠦᠷ᠎ᠡ᠎ᠶ᠋ᠢ ᠱᠢᠯᠭᠠᠨ ᠪᠠᠢᠴᠠᠭᠠᠬᠤ᠂ ᠬᠥᠷᠥᠰᠥ᠎ᠶ᠋ᠢ ᠱᠢᠨᠵᠢᠵᠦ᠍ ᠬᠢᠮᠢ᠎ᠶ᠋ᠢᠨ ᠪᠤᠷᠳᠤᠭᠤᠷ ᠭᠡᠷᠡᠭ᠌ᠯᠡᠬᠦ᠂ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠁ ᠨᠢᠭᠡ ᠪᠦᠯᠦᠭ ᠲᠠᠷᠢᠶᠠᠯᠠᠩ᠎ᠤᠨ ᠱᠢᠨ᠎ᠡ ᠲᠦᠷᠦᠯ ᠵᠦᠢᠯ᠂ ᠱᠢᠨ᠎ᠡ ᠮᠡᠷᠭᠡᠵᠢᠯ᠂ ᠱᠢᠨ᠎ᠡ ᠵᠠᠭ᠍ᠪᠤᠷ ᠲᠤᠷᠱᠢᠯᠲᠠ᠎ᠶ᠋ᠢᠨ ᠲᠠᠰᠤᠭ᠎ᠠᠴᠠ ᠲᠠᠷᠢᠶᠠᠨ ᠭᠠᠵᠠᠷ ᠲᠡᠢᠰᠢ ᠱᠢᠯᠵᠢᠵᠦ᠍᠂ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠎ᠢ ᠨᠡᠩ ᠱᠢᠨᠵᠢᠯᠡᠬᠦ᠌ ᠤᠬᠠᠭᠠᠨᠴᠢ ᠥᠨᠳᠥᠷ ᠪᠦᠲᠦᠮᠵᠢᠲᠡᠢ ᠪᠣᠯᠭᠠᠪᠠ᠃
ᠣᠢᠷ᠎ᠠ᠎ᠶ᠋ᠢᠨ ᠡᠳᠦᠷ᠎ᠤᠳ᠎ᠲᠤ᠌᠂ ᠬᠥᠯᠥᠨ ᠪᠤᠢᠷ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ ᠲᠠᠷᠢᠶᠠᠯᠠᠬᠤ ᠴᠠᠭ᠎ᠢ ᠴᠢᠩᠭ᠎ᠠ ᠠᠩᠬᠠᠷᠴᠤ᠌᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠴᠢᠩᠭᠠᠳᠭᠠᠵᠤ᠂ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠵᠤ ᠪᠠᠢᠨ᠎ᠠ᠃
ᠬᠥᠯᠥᠨ ᠪᠤᠢᠷ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠨᠠᠮ᠎ᠤᠨ ᠲᠥᠪ ᠬᠤᠷᠢᠶᠠᠨ᠎ᠤ 《ᠠᠮᠤ ᠪᠤᠳᠠᠭᠠᠨ᠎ᠤ ᠬᠠᠩᠭᠠᠯᠭ᠎ᠠ᠎ᠶ᠋ᠢ ᠪᠠᠲᠤᠯᠠᠬᠤ᠎ᠳᠤ ᠭᠠᠵᠠᠷ ᠱᠢᠷᠣᠢ᠎ᠶ᠋ᠢ ᠰᠠᠢᠵᠢᠷᠠᠭᠤᠯᠬᠤ᠎ᠳᠤ ᠲᠦᠱᠢᠭ᠌ᠯᠡᠬᠦ᠂ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ᠌᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠤ ᠲᠦᠱᠢᠭ᠌ᠯᠡᠬᠦ᠌》 ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠢᠳᠡᠪᠬᠢᠲᠡᠢ ᠨᠠᠢᠳᠠᠪᠤᠷᠢᠵᠢᠭᠤᠯᠵᠤ᠂ ᠴᠢᠬᠢᠯᠠᠭᠦ᠌ ᠨᠤᠷᠮ᠎ᠠ ᠪᠠ ᠬᠦᠷᠤᠰᠤ ᠱᠢᠷᠣᠢ᠎ᠶ᠋ᠢ ᠬᠡᠮᠵᠢᠬᠦ᠌ ᠨᠠᠢᠷᠠᠯᠭ᠎ᠠ᠎ᠶ᠋ᠢᠨ ᠲᠤᠷᠱᠢᠯᠲᠠ᠎ᠶ᠋ᠢ ᠥᠷᠭᠡᠨ ᠥᠷᠨᠢᠭᠦᠯᠵᠦ᠍᠂ ᠲᠠᠷᠢᠶᠡᠨ ᠦᠷ᠎ᠡ᠂ ᠬᠢᠮᠢ᠎ᠶ᠋ᠢᠨ ᠪᠤᠷᠳᠤᠭᠤᠷ ᠬᠡᠷᠡᠭ᠌ᠯᠡᠬᠦ᠌ ᠬᠡᠮᠵᠢᠶ᠎ᠡ᠎ᠶ᠋ᠢ ᠵᠣᠬᠢᠰᠲᠠᠢ ᠨᠢᠭᠡᠳᠦᠯᠲᠡᠢ ᠲᠥᠯᠥᠪᠯᠡᠵᠦ᠍᠂ 5000 ᠲᠣᠨ ᠲᠠᠷᠢᠶᠠᠨ ᠡᠮ᠂ 7 ᠲᠦᠮᠡᠨ ᠲᠣᠨ ᠬᠢᠮᠢ᠎ᠶ᠋ᠢᠨ ᠪᠤᠷᠳᠤᠭᠤᠷ᠂ 900 ᠲᠦᠮᠡᠨ ᠵᠢᠩ ᠲᠠᠷᠢᠶᠡᠨ ᠦᠷ᠎ᠡ ᠬᠤᠳᠠᠯᠳᠤᠨ ᠠᠪᠴᠠᠢ᠃
ᠬᠥᠯᠥᠨ ᠪᠤᠢᠷ᠎ᠤᠨ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ ᠠᠮᠤ ᠪᠤᠳᠠᠭᠠᠨ᠎ᠤ ᠠᠮᠤᠷ ᠲᠦᠪᠱᠢᠨ ᠪᠠ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠦᠲᠦᠮᠵᠢᠲᠡᠢ ᠬᠠᠩᠭᠠᠯᠭ᠎ᠠ᠎ᠶ᠋ᠢ ᠪᠠᠲᠤᠯᠠᠵᠤ᠂ ᠭᠤᠣᠯᠯᠠᠬ᠍ᠴᠢ ᠠᠵᠤ ᠦᠢᠯᠡᠰ᠎ᠢ ᠨᠠᠷᠢᠯᠢᠭ᠍ᠵᠢᠭᠤᠯᠤᠨ ᠬᠦᠴᠦᠷᠬᠡᠭ᠌ᠵᠢᠭᠦᠯᠵᠦ᠍᠂ ᠠᠮᠤ ᠪᠤᠳᠠᠭ᠎ᠠ ᠠᠵᠤ ᠠᠬᠤᠢ᠎ᠶ᠋ᠢᠨ ᠲᠠᠷᠢᠮᠠᠯ ᠪᠣᠷᠳᠤᠭ᠎ᠠ ᠣᠨᠴᠠ ᠲᠠᠷᠢᠮᠡᠯᠢ ᠵᠣᠬᠢᠴᠠᠩᠭᠤᠢ ᠬᠥᠭ᠌ᠵᠢᠬᠦᠯᠬᠦ᠌ ᠲᠠᠷᠢᠮᠠᠯ᠎ᠤᠨ ᠪᠦᠲᠦᠴᠡ᠎ᠶ᠋ᠢ ᠪᠠᠢᠭᠤᠯᠵᠤ᠂ ᠠᠮᠤ ᠲᠤᠰᠤᠨ᠎ᠤ ᠲᠠᠷᠢᠮᠠᠯ᠎ᠤᠨ ᠲᠠᠯᠠᠪᠠᠢ᠎ᠶ᠋ᠢ ᠲᠣᠭ᠍ᠲᠠᠪᠤᠷᠢᠵᠢᠭᠤᠯᠵᠤ᠂ ᠴᠢᠨᠠᠷ ᠰᠠᠢᠲᠠᠢ ᠪᠣᠷᠣᠯᠠᠭᠤᠯᠭ᠎ᠠ ᠰᠠᠢᠲᠠᠢ ᠥᠨᠳᠥᠷ ᠨᠠᠷᠢᠯᠢᠭ ᠣᠨᠴᠠ ᠠᠵᠤ ᠠᠬᠤᠢ᠎ᠶ᠋ᠢᠨ ᠲᠠᠷᠢᠮᠠᠯ᠎ᠢ ᠪᠤᠢᠵᠢᠭᠤᠯᠤᠨ ᠦᠢᠯᠡᠳᠪᠦᠷᠢᠯᠡᠵᠦ᠍᠂ ᠡᠳ᠋ᠱᠢᠭᠦᠯᠦᠨ ᠪᠣᠯᠪᠠᠰᠤᠷᠠᠭᠤᠯᠬᠤ ᠠᠵᠤ ᠠᠬᠤᠢᠯᠠᠯ᠎ᠲᠠᠢ ᠠᠱᠢᠭ ᠲᠤᠰᠠ᠎ᠶ᠋ᠢᠨ ᠬᠤᠯᠪᠣᠭ᠎ᠠ᠎ᠶ᠋ᠢᠨ ᠲᠣᠭ᠍ᠲᠠᠴᠠ ᠪᠠᠢᠭᠤᠯᠵᠤ᠂ ᠠᠶᠤᠯ ᠲᠦᠭ᠌ᠰᠢᠭᠦᠷᠢ᠎ᠶ᠋ᠢ ᠡᠰᠡᠷᠭᠦᠴᠡᠬᠦ᠌ ᠴᠢᠳᠠᠪᠤᠷᠢ᠎ᠶ᠋ᠢ ᠴᠢᠩᠭᠠᠤᠡᠬᠠᠪᠠ᠃
ᠴᠢᠨᠠᠷ ᠰᠠᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠱᠢᠨ᠎ᠡ ᠮᠡᠷᠭᠡᠵᠢᠯ᠎ᠤᠨ ᠵᠠᠭ᠍ᠪᠤᠷ᠎ᠢ ᠲᠠᠰᠤᠷᠠᠯᠲᠠ ᠥᠬᠡᠶ ᠳ᠋ᠦᠩᠨᠡᠨ ᠬᠤᠷᠠᠮᠳᠤᠭᠤᠯᠵᠤ᠂ ᠣᠷᠣᠨ ᠲᠤᠭᠤᠷᠢᠭ᠂ ᠡᠬᠢ ᠪᠠᠶᠠᠯᠢᠭ᠂ ᠲᠣᠨᠤᠭ ᠲᠥᠬᠦᠭᠡᠷᠦᠮᠵᠢ ᠪᠠ ᠮᠡᠷᠭᠡᠵᠢᠯ᠎ᠤᠨ ᠳᠠᠪᠠᠭᠤᠯᠢᠭ᠎ᠢ ᠭᠦᠢᠴᠡᠳ ᠠᠭᠤᠳᠠᠯᠤᠨ᠂ ᠰᠠᠢᠨ ᠡᠭᠦᠯᠳᠡᠷ ᠰᠠᠢᠨ ᠲᠠᠷᠢᠶ᠎ᠠ ᠰᠠᠢᠨ ᠠᠷᠭ᠎ᠠ᠎ᠶ᠋ᠢ ᠲᠥᠬᠦᠷᠵᠢᠭᠦᠯᠤᠨ᠂ ᠲᠠᠷᠢᠶᠠᠯᠠᠩ᠎ᠤᠨ ᠮᠠᠱᠢᠨ ᠮᠧᠬᠠᠨᠢᠭ ᠲᠠᠷᠢᠶᠠᠯᠠᠩ᠎ᠤᠨ ᠮᠡᠷᠭᠡᠵᠢᠯ᠎ᠢ ᠠᠭᠤᠰᠤᠯᠴᠠᠭᠤᠯᠤᠡᠡᠰᠡᠨ ᠪᠣᠬᠢᠷᠲᠤᠯ ᠥᠬᠡᠶ ᠴᠢᠨᠠᠷ ᠰᠠᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠮᠡᠷᠭᠡᠵᠢᠯ᠎ᠤᠨ ᠵᠠᠭ᠍ᠪᠤᠷ᠎ᠢ ᠭᠤᠤᠯᠳᠠᠯᠭ᠎ᠠ᠎ᠲᠠᠢ ᠬᠤᠷᠠᠮᠳᠤᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠡᠮ ᠬᠡᠷᠡᠭ᠌ᠯᠡᠬᠦ᠌ ᠪᠣᠷᠲᠣᠭᠤᠷ ᠬᠡᠷᠡᠭ᠌ᠯᠡᠬᠦ᠌᠎ᠶ᠋ᠢ ᠠᠬᠢᠭᠤᠯᠤᠨ᠂ ᠲᠠᠷᠢᠶᠠᠯᠠᠩ᠎ᠤᠨ ᠱᠢᠨ᠎ᠡ ᠮᠡᠷᠭᠡᠵᠢᠯ᠎ᠢ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠬᠦ᠌ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ ᠪᠠᠢᠨ᠎ᠠ᠃ ᠦᠷ᠎ᠡ ᠰᠠᠴᠤᠬᠤ ᠮᠠᠱᠢᠨ᠂ ᠲᠷᠠᠺᠲ᠋ᠤᠷ᠂ ᠪᠤᠭᠤᠳᠠᠶ᠎ᠶ᠋ᠢᠨ ᠲᠠᠷᠢᠮᠠᠯ᠎ᠤᠨ ᠮᠠᠱᠢᠨ ᠵᠡᠷᠭᠡ ᠬᠠᠪᠤᠷ᠎ᠤᠨ ᠲᠠᠷᠢᠶᠠᠯᠠᠭ᠎ᠠ᠎ᠳᠤ ᠣᠷᠣᠭᠤᠯᠬᠤ᠎ᠪᠠᠷ ᠪᠠᠢᠭ᠎ᠠ ᠡᠯ᠎ᠡ ᠲᠥᠷᠥᠯ᠎ᠤᠨ ᠲᠠᠷᠢᠶᠠᠯᠠᠩ᠎ᠤᠨ ᠮᠠᠱᠢᠨ ᠪᠠᠭᠠᠵᠢ᠎ᠶ᠋ᠢ ᠪᠠᠢᠴᠠᠭᠠᠨ ᠵᠠᠰᠠᠵᠤ ᠰᠡᠯᠪᠢᠨ᠂ ᠬᠠᠪᠤᠷ᠎ᠤᠨ ᠲᠠᠷᠢᠶᠠᠯᠠᠭ᠎ᠠ᠎ᠶ᠋ᠢᠨ ᠤᠷᠤᠭ᠍ᠰᠢᠲᠠᠢ ᠶᠠᠪᠤᠭ᠍ᠳᠠᠬᠤ᠎ᠶ᠋ᠢ ᠦᠨᠡᠨ ᠬᠦ᠌ ᠪᠠᠲᠤᠯᠡᠵᠤ ᠪᠠᠢᠨ᠎ᠠ᠃
ᠠᠶᠤᠯᠬᠦᠢ ᠦᠢᠯᠡᠳᠪᠦᠷᠢᠯᠡᠯ᠎ᠤᠨ ᠠᠵᠢᠯ᠎ᠢ ᠪᠠᠢᠴᠠᠭᠠᠬᠤ ᠪᠠ ᠱᠠᠯᠠᠪᠳᠠᠭᠤᠯᠤᠨ ᠵᠢᠯᠣᠭᠤᠳᠴᠤ᠌ ᠰᠤᠭᠤᠴᠢᠨ ᠪᠠᠢᠴᠠᠭᠠᠬᠤ᠎ᠶ᠋ᠢ ᠥᠷᠨᠢᠭᠦᠯᠵᠦ᠍᠂ ᠲᠣᠭ᠍ᠲᠠᠭᠠᠯ᠎ᠠᠴᠠ ᠵᠥᠷᠢᠴᠡᠭ᠌ᠰᠡᠨ᠂ ᠳᠦᠷᠢᠮ᠎ᠠᠴᠠ ᠵᠥᠷᠢᠴᠡᠨ ᠠᠵᠢᠯᠯᠠᠵᠤ ᠪᠠᠢᠭ᠎ᠠ ᠦᠵᠡᠭ᠌ᠳᠡᠯ᠎ᠢ ᠭᠤᠣᠯᠳᠠᠯᠭ᠎ᠠ᠎ᠲᠠᠢ ᠱᠠᠯᠠᠪᠳᠠᠭᠤᠯᠤᠨ ᠪᠠᠢᠴᠠᠭᠠᠵᠤ᠂ ᠭᠡᠮ ᠰᠤᠭᠤᠭ᠎ᠢ ᠠᠷᠢᠯᠭᠠᠨ᠂ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠎ᠤᠨ ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠵᠤ ᠪᠠᠢᠨ᠎ᠠ᠃ ᠡᠪᠦᠯ᠎ᠤᠨ ᠰᠡᠯᠡᠭᠦᠦ ᠴᠠᠭ᠎ᠢ ᠠᠱᠢᠭ᠍ᠯᠠᠨ᠂ ᠣᠯᠠᠨ ᠵᠦᠢᠯ᠎ᠤᠨ ᠮᠡᠷᠭᠡᠵᠢᠯ᠎ᠤᠨ ᠪᠣᠯᠪᠠᠰᠤᠷᠡᠯ ᠥᠷᠨᠢᠭᠦᠯᠵᠦ᠍᠂ ᠡᠯ᠎ᠡ ᠲᠥᠷᠥᠯ᠎ᠤᠨ ᠲᠤᠬᠠᠢᠯᠠᠭ᠍ᠰᠠᠨ ᠠᠵᠢᠯ᠎ᠤᠨ ᠪᠣᠯᠪᠠᠰᠤᠷᠡᠯ᠎ᠤᠨ ᠠᠩᠭᠢ᠎ᠶ᠋ᠢ ᠨᠡᠢᠲᠡ 12 ᠬᠤᠭᠤᠴᠠᠭ᠎ᠠ ᠵᠣᠬᠢᠶᠠᠨ ᠪᠠᠢᠭᠤᠯᠵᠤ᠂ 2300 ᠬᠥᠮᠦᠨ ᠤᠳᠠᠭ᠎ᠠ ᠪᠣᠯᠪᠠᠰᠤᠷᠠᠭᠤᠯᠪᠠ᠃
ᠡᠨᠠ ᠵᠢᠯ᠂ ᠬᠥᠯᠥᠨ ᠪᠤᠢᠷ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ ᠪᠠᠰᠠ ᠤᠰᠤᠨ ᠠᠱᠢᠬ᠍ᠯᠠᠯᠲᠠ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠪᠦᠲᠦᠮᠵᠢᠲᠡᠢ ᠤᠰᠤᠯᠠᠯᠲᠠ᠎ᠶ᠋ᠢᠨ ᠲᠠᠯᠠᠪᠠᠢ᠎ᠶ᠋ᠢ 100 ᠲᠦᠮᠡᠨ ᠮᠦ᠍ ᠪᠡᠶᠡᠯᠡᠭᠦᠯᠬᠦ᠌᠎ᠪᠠᠷ ᠴᠢᠷᠮᠠᠢᠵᠤ ᠪᠤᠢ; ᠪᠦᠯᠦᠭ᠌ᠯᠡᠯ᠎ᠤᠨ ᠲᠠᠷᠢᠶᠠᠯᠠᠩ᠎ᠤᠨ ᠴᠠᠭ ᠠᠭᠤᠷ᠎ᠤᠨ ᠦᠢᠯᠡᠴᠢᠯᠡᠭᠡᠨ᠎ᠤ ᠪᠠᠲᠤᠯᠠᠭ᠎ᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠤᠯᠤᠨ᠎ᠠ; ᠬᠠᠮᠠᠭᠠᠯᠠᠯᠲᠠ᠎ᠶ᠋ᠢᠨ ᠴᠢᠨᠠᠷᠲᠠᠢ ᠲᠠᠷᠢᠶᠠᠯᠠᠬᠤ ᠮᠡᠷᠭᠡᠵᠢᠯ᠎ᠢ ᠳᠡᠯᠭᠡᠷᠡᠭᠦᠯᠬᠦ᠌ ᠡᠷᠴᠢᠮ᠎ᠢᠶᠠᠨ ᠦᠷᠭᠦᠯᠵᠢᠯᠡᠨ ᠴᠢᠩᠭᠠᠳᠭᠠᠵᠤ᠂ ᠰᠠᠯᠬᠢᠨ᠎ᠤ ᠭᠠᠮᠱᠢᠭ ᠪᠠ ᠭᠠᠩ ᠬᠠᠭ᠍ᠰᠠᠷᠠᠭᠠᠨᠤ ᠰᠦᠷᠳᠡᠭᠦᠯᠦᠯ᠎ᠢ ᠪᠦᠲᠦᠮᠵᠢᠲᠡᠢ ᠠᠷᠭᠠᠴᠠᠭᠠᠨ᠂ ᠲᠠᠷᠢᠮᠠᠯ᠎ᠤᠨ ᠪᠦᠲᠦᠴᠡ ᠪᠠ ᠡᠭᠦᠯᠳᠡᠷ᠎ᠤᠨ ᠪᠦᠲᠦᠴᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠦᠶ ᠵᠣᠬᠢᠰᠲᠠᠶ ᠲᠣᠬᠢᠷᠠᠭᠤᠯᠵᠤ᠂ ᠲᠠᠷᠢᠮᠠᠯ᠎ᠤᠨ ᠡᠭᠡᠯᠵᠢᠯᠡᠨ ᠳᠠᠷᠢᠬᠤ᠎ᠶ᠋ᠢ ᠰᠠᠢᠲᠤᠷ ᠬᠢᠵᠦ᠍᠂ ᠤᠨᠠᠯᠲᠠ᠎ᠶ᠋ᠢ ᠲᠣᠭ᠍ᠲᠠᠪᠤᠷᠢᠵᠢᠭᠤᠯᠤᠨ ᠨᠡᠮᠡᠭ᠌ᠳᠡᠭᠦᠯᠬᠦ᠌᠎ᠶ᠋ᠢ ᠦᠨᠡᠨ ᠬᠦ᠌ ᠪᠠᠲᠤᠯᠠᠵᠤ ᠪᠠᠢᠨ᠎ᠠ᠃