ᠨᠤᠮᠢᠨ ᠨᠣᠭᠤᠭᠠᠨ ᠥᠩᠭᠡ ᠪᠣᠯ ᠥᠪᠥᠷ ᠮᠣᠩᠭᠤᠯ᠎ᠤᠨ ᠬᠠᠮᠤᠭ᠎ᠤᠨ ᠦᠵᠡᠰᠭᠦᠯᠡᠩᠲᠦ ᠰᠠᠢᠬᠠᠨ ᠤᠤᠭᠠᠯ ᠥᠩᠭᠡ᠂ ᠮᠦᠨ ᠴᠤ᠌ ᠥᠪᠥᠷ ᠮᠣᠩᠭᠤᠯ᠎ᠤᠨ ᠬᠠᠮᠤᠭ᠎ᠤᠨ ᠶᠡᠭᠡ ᠡᠳ᠋ ᠪᠠᠶᠠᠯᠢᠭ ᠮᠦᠨ᠃
ᠰᠠᠢᠨ ᠰᠠᠢᠬᠠᠨ ᠠᠮᠢ ᠠᠬᠤᠶ ᠣᠷᠴᠢᠨ ᠲᠣᠭᠤᠷᠢᠨ ᠪᠣᠯ ᠠᠷᠠᠳ᠎ᠤᠨ ᠠᠮᠢᠳᠦᠷᠠᠯ᠎ᠳᠤ ᠬᠦᠷᠳᠡᠬᠡᠬᠦ᠌ ᠬᠠᠮᠤᠭ᠎ᠤᠨ ᠲᠦᠭᠡᠮᠡᠯ ᠪᠤᠶᠠᠨ ᠵᠢᠷᠭᠠᠯ ᠮᠥᠨ᠃
ᠥᠪᠥᠷ ᠮᠣᠩᠭᠤᠯ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠌ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠢ ᠬᠦᠴᠦᠯᠡᠨ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠡᠰᠡᠭ ᠨᠣᠮᠢᠨ ᠨᠣᠭᠤᠭᠠᠨ᠂ ᠬᠥᠬᠡᠮᠳᠦᠭ ᠴᠡᠩᠬᠡᠷ᠂ ᠴᠡᠪᠡᠷ ᠲᠤᠩᠭᠠᠯᠠᠭ᠎ᠢ ᠰᠠᠢᠲᠤᠷ ᠬᠠᠮᠠᠭᠠᠯᠠᠵᠤ᠂ ᠬᠥᠮᠦᠨ ᠬᠢᠬᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ ᠦᠵᠡᠰᠭᠦᠯᠡᠩᠲᠦ ᠰᠠᠢᠬᠠᠨ ᠬᠡᠷ ᠣᠷᠣᠨ᠎ᠢᠶᠠᠨ ᠴᠢᠷᠮᠠᠢᠨ ᠪᠥᠲᠥᠭᠡᠨ ᠪᠠᠢᠭᠤᠯᠵᠤ ᠪᠠᠢᠨ᠎ᠠ᠃

ᠡᠬᠡ ᠤᠯᠤᠰ᠎ᠤᠨ ᠤᠮᠠᠷᠠᠲᠤ᠎ᠳᠤ ᠪᠠᠢᠷᠢᠯᠠᠵᠤ ᠪᠠᠢᠭ᠎ᠠ ᠥᠪᠥᠷ ᠮᠣᠩᠭᠤᠯ ᠬᠡᠵᠤ ᠠᠭᠤᠯᠠ ᠨᠢᠷᠤᠭᠤᠳ ᠰᠡᠬᠦ᠋ᠢᠨ ᠰᠦᠨᠳᠡᠷᠯᠡᠵᠦ᠍᠂ ᠤᠢ ᠮᠤᠳᠤᠳ ᠢᠬ᠍ᠴᠤᠷᠠᠨ ᠰᠠᠬᠤᠯᠢᠬ᠍ᠵᠢᠵᠤ᠂ ᠨᠤᠮᠢᠨ ᠨᠤᠭᠤᠭᠠᠨ ᠲᠠᠯ᠎ᠠ ᠨᠤᠳᠤᠭ᠂ ᠨᠡᠯᠦᠬᠡᠷ ᠶᠡᠭᠡ ᠡᠯᠡᠰᠦᠨ ᠴᠦᠯ᠂ ᠥᠩ ᠱᠢᠮᠡᠯᠢᠭ ᠬᠦᠷᠦᠰᠦ ᠱᠢᠷᠦᠢ᠎ᠲᠠᠢ᠂ ᠲᠠᠪᠤᠨ ᠲᠠᠷᠢᠶᠠᠨ᠎ᠠᠴᠠ ᠲᠠᠩᠰᠤᠭ ᠦᠨᠦᠷ ᠬᠠᠩᠬᠤᠯᠵᠤ᠂ ᠭᠤᠣᠯ ᠮᠥᠷᠡᠨ ᠤᠷᠤᠰᠭᠠᠯ ᠰᠠᠢᠳᠠᠢ᠂ ᠨᠠᠭᠤᠷ ᠪᠦᠷᠢᠳᠦ ᠤᠳᠤᠨ ᠮᠡᠴᠢᠳ ᠱᠢᠭ ᠲᠦᠭᠡᠵᠦ᠍᠂ ᠪᠦᠷᠢᠨ ᠪᠦᠲᠦᠨ ᠠᠮᠢ ᠠᠬᠤᠢ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ ᠮᠠᠨ᠎ᠤ ᠤᠯᠤᠰ᠎ᠤᠨ ᠴᠢᠬᠤᠯᠠ ᠪᠦᠬᠦᠢ ᠠᠮᠢ ᠠᠬᠤᠢ᠎ᠶ᠋ᠢᠨ ᠴᠢᠳᠠᠮᠵᠢ᠎ᠶ᠋ᠢᠨ ᠣᠷᠣᠨ ᠪᠣᠯᠵᠤ ᠪᠢᠯᠡ᠃
ᠠᠳᠡ ᠮᠠᠨ᠎ᠤ ᠤᠯᠤᠰ᠎ᠤᠨ ᠲᠠᠯᠠᠪᠠᠢ᠎ᠪᠠᠷ ᠬᠠᠮᠤᠭ᠎ᠤᠨ ᠶᠡᠭᠡ ᠪᠠᠯᠠᠷ ᠤᠢ — ᠶᠡᠭᠡ ᠬᠢᠩᠭᠠᠨ ᠳᠠᠪᠠᠭ᠎ᠠ᠎ᠶ᠋ᠢᠨ ᠣᠶ ᠱᠢᠭᠤᠶ᠎ᠲᠠᠢ; ᠠᠽᠢᠶ᠎ᠠ ᠲᠢᠪ᠎ᠤᠨ ᠬᠠᠮᠤᠭ᠎ᠤᠨ ᠪᠦᠷᠢᠨ ᠪᠦᠲᠦᠨ᠂ ᠲᠠᠯᠠᠪᠠᠢ᠎ᠪᠠᠷ ᠬᠠᠮᠤᠭ ᠶᠡᠭᠡ ᠭᠠᠯᠲᠤ ᠠᠭᠤᠯᠠᠨ᠎ᠤ ᠰᠦᠷᠦᠭ᠌ᠵᠢᠯ — ᠷᠠᠱᠢᠶᠠᠨ᠎ᠤ ᠳᠡᠯᠡᠬᠡᠶ᠎ᠶ᠋ᠢᠨ ᠭᠠᠵᠠᠷ ᠱᠢᠨᠵᠢᠯᠡᠭᠡᠨ᠎ᠤ ᠴᠡᠴᠡᠷᠯᠢᠭ᠎ᠲᠠᠢ; ᠳᠡᠯᠡᠬᠡᠶ ᠳᠡᠭᠡᠷᠡᠬᠢ ᠴᠣᠷ᠎ᠤᠨ ᠭᠠᠭ᠍ᠴᠠ ᠡᠯᠡᠰᠦ᠎ᠪᠠᠷ ᠭᠤᠤᠯ ᠴᠣᠭ᠍ᠴᠠ ᠪᠣᠯᠭᠠᠭ᠍ᠰᠠᠨ ᠭᠠᠵᠠᠷ ᠱᠢᠨᠵᠢᠯᠡᠭᠡᠨ᠎ᠤ ᠴᠡᠴᠡᠷᠯᠢᠭ — ᠠᠯᠠᠱᠠ ᠡᠯᠡᠰᠦ᠎ᠶ᠋ᠢᠨ ᠳᠡᠯᠡᠬᠡᠶ᠎ᠶ᠋ᠢᠨ ᠭᠠᠵᠠᠷ ᠱᠢᠨᠵᠢᠯᠡᠭᠡᠨ᠎ᠤ ᠴᠡᠴᠡᠷᠯᠢᠭ᠎ᠲᠠᠢ᠃ ᠠᠳᠡ ᠪᠠᠰᠠ ᠬᠥᠯᠥᠨ ᠪᠤᠢᠷ᠎ᠤᠨ ᠲᠠᠯ᠎ᠠ ᠨᠤᠳᠤᠭ᠂ ᠱᠢᠯᠢ᠎ᠶ᠋ᠢᠨ ᠭᠤᠤᠯ᠎ᠤᠨ ᠲᠠᠯ᠎ᠠ ᠨᠤᠳᠤᠭ᠂ ᠬᠤᠷᠴᠢᠨ᠎ᠤ ᠲᠠᠯ᠎ᠠ ᠨᠤᠳᠤᠭ᠂ ᠣᠷᠳᠣᠰ᠎ᠤᠨ ᠲᠠᠯ᠎ᠠ ᠨᠤᠳᠤᠭ᠂ ᠠᠯᠠᠱᠠ᠎ᠶ᠋ᠢᠨ ᠲᠠᠯ᠎ᠠ ᠨᠤᠳᠤᠭ ᠵᠡᠷᠭᠡ ᠠᠳᠠᠯᠢ ᠪᠤᠰᠤ ᠲᠥᠷᠥᠯ᠎ᠤᠨ ᠪᠠᠢᠭᠠᠯᠢᠯᠢᠭ ᠲᠠᠯ᠎ᠠ ᠨᠤᠲᠤᠭ᠎ᠤᠨ ᠥᠩᠭᠡ ᠦᠵᠡᠮᠵᠢ ᠪᠣᠶ᠃
ᠨᠢᠳᠤᠨ ᠴᠡᠴᠡᠭᠡᠢ᠎ᠪᠠᠨ ᠬᠠᠢᠷᠠᠯᠠᠬᠤ ᠱᠢᠭ᠋᠎ᠢᠶᠠᠷ ᠠᠮᠢ ᠠᠬᠤᠢ ᠣᠷᠴᠢᠨ ᠲᠣᠭᠤᠷᠢᠨ᠎ᠢᠶᠠᠨ ᠬᠠᠢᠷᠠᠯᠠᠨ ᠬᠠᠮᠠᠭᠠᠯᠠᠵᠤ᠂ ᠠᠮᠢ ᠨᠠᠰᠤᠨ᠎ᠳᠤ ᠬᠠᠨᠳᠤᠬᠤ ᠱᠢᠭ᠋᠎ᠢᠶᠠᠷ ᠠᠮᠢ ᠠᠬᠤᠢ ᠣᠷᠴᠢᠨ ᠲᠣᠭᠤᠷᠢᠨ᠎ᠳᠤ ᠬᠠᠨᠳᠤᠨ᠎ᠠ — ᠥᠪᠥᠷ ᠮᠣᠩᠭᠤᠯ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ 《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠪᠣᠯ ᠠᠮᠢ ᠨᠠᠰᠤᠨ᠎ᠤ ᠬᠠᠮᠲᠤ᠎ᠶ᠋ᠢᠨ ᠴᠣᠭ᠍ᠴᠠ ᠮᠥᠨ》 ᠬᠡᠳᠡᠭ᠎ᠤᠨ ᠱᠢᠨᠵᠢᠯᠡᠬᠦ᠌ ᠤᠬᠠᠭᠠᠨᠴᠢ ᠠᠭᠤᠯᠬᠤᠨ᠎ᠢ ᠭᠦᠨᠵᠡᠭᠡᠢ ᠡᠵᠡᠮᠳᠡᠵᠦ᠍᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠤᠯᠠᠨ ᠠᠷᠭ᠎ᠠ ᠬᠡᠮᠵᠢᠶ᠎ᠡ᠎ᠪᠠᠷ ᠠᠮᠢ ᠠᠬᠤᠢ ᠣᠷᠴᠢᠨ ᠲᠣᠭᠤᠷᠢᠨ᠎ᠤ ᠪᠦᠬᠦᠯᠢ ᠴᠣᠭ᠍ᠴᠠ᠎ᠶ᠋ᠢᠨ ᠴᠢᠨᠠᠷᠲᠠᠢ ᠬᠠᠮᠠᠭᠠᠯᠠᠯᠲᠠ ᠪᠠ ᠱᠢᠰᠲ᠋ᠧᠮᠲᠦ ᠴᠢᠨᠠᠷᠲᠠᠢ ᠰᠡᠷᠭᠦᠭᠡᠯᠲᠡ᠎ᠶ᠋ᠢ ᠠᠬᠢᠭᠤᠯᠪᠠ᠃
《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠪᠣᠯ ᠨᠢᠭᠡᠨ ᠲᠤᠮᠤ ᠠᠮᠢ ᠠᠬᠤᠢ᠎ᠶ᠋ᠢᠨ ᠱᠢᠰᠲ᠋ᠧᠮ ᠮᠥᠨ᠂ ᠵᠢᠮ᠎ᠡ ᠶᠣᠰᠣ᠎ᠶ᠋ᠢ ᠬᠦᠨᠳᠦᠳᠭᠡᠵᠦ᠍᠂ ᠰᠡᠳᠭᠢᠬᠦᠢ᠎ᠪᠠᠨ ᠥᠷᠭᠡᠳᠭᠡᠵᠦ᠍᠂ ᠬᠡᠷᠬᠢᠨ ᠡᠨᠡ ᠬᠦ᠌ ᠲᠤᠮᠤ ᠠᠮᠢ ᠠᠬᠤᠢ᠎ᠶ᠋ᠢᠨ ᠱᠢᠰᠲ᠋ᠧᠮ ᠳᠣᠣᠷ᠎ᠠ 〈ᠭᠡᠷᠡᠯᠴᠢ ᠴᠡᠨᠡᠭ +〉 ᠠᠵᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠬᠤ᠂ ᠭᠡᠷᠡᠯᠴᠢ ᠴᠡᠨᠡᠭ᠎ᠤᠨ ᠬᠠᠪᠲᠠᠰᠤᠨ᠎ᠤ ᠳᠣᠣᠷ᠎ᠠ ᠶᠠᠭᠤ ᠲᠠᠷᠢᠪᠠᠯ ᠵᠤᠬᠢᠬᠤ᠂ ᠶᠠᠭᠤ ᠬᠢᠪᠠᠯ ᠲᠤᠬᠢᠷᠠᠬᠤ ᠪᠤᠢ ᠬᠡᠳᠡᠭ᠎ᠢ ᠭᠦᠨᠵᠡᠭᠡᠢ ᠰᠤᠳᠤᠯᠵᠤ᠂ ᠲᠤᠰᠭᠠᠢ ᠮᠡᠷᠭᠡᠵᠢᠯᠲᠡᠨ᠎ᠢ ᠤᠷᠢᠵᠤ ᠱᠢᠨᠵᠢᠯᠡᠬᠦ᠌ ᠤᠬᠠᠭᠠᠨᠴᠢ ᠨᠤᠲᠠᠯᠠᠯᠲᠠ ᠬᠢᠯᠭᠡᠵᠦ᠍᠂ ᠠᠮᠢ ᠠᠬᠤᠢ᠎ᠶ᠋ᠢ ᠰᠡᠷᠭᠦᠭᠡᠨ ᠵᠠᠰᠠᠬᠤ᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠨᠡᠩ ᠰᠠᠢᠲᠤᠷ ᠤᠶᠠᠯᠳᠤᠭᠤᠯᠵᠤ᠂ ᠠᠵᠤ ᠠᠬᠤᠢᠯᠠᠯ ᠪᠣᠯᠤᠨ ᠲᠠᠷᠢᠶᠠᠴᠢᠨ ᠵᠡᠷᠭᠡ ᠡᠯ᠎ᠡ ᠲᠠᠯ᠎ᠠ᠎ᠶ᠋ᠢᠨ ᠠᠱᠢᠭ ᠲᠤᠰᠠ᠎ᠶ᠋ᠢ ᠰᠠᠢᠲᠤᠷ ᠬᠠᠷᠠᠭᠠᠯᠵᠠᠵᠤ᠂ ᠠᠮᠢ ᠠᠬᠤᠢ᠎ᠶ᠋ᠢᠨ ᠦᠷ᠎ᠡ ᠠᠱᠢᠭ᠂ ᠠᠵᠤ ᠠᠬᠤᠢ᠎ᠶ᠋ᠢᠨ ᠦᠷ᠎ᠡ ᠠᠱᠢᠭ ᠪᠣᠯᠤᠨ ᠨᠡᠢᠭᠡᠮ᠎ᠤᠨ ᠦᠷ᠎ᠡ ᠠᠱᠢᠭ᠎ᠤᠨ ᠨᠢᠭᠡᠳᠦᠯ᠎ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ》 3 ᠰᠠᠷ᠎ᠠ᠎ᠶ᠋ᠢᠨ 22 ᠠᠴᠠ 24 ᠤ ᠡᠳᠦᠷ ᠪᠣᠯᠲᠠᠯ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ ᠱ᠌ᠢ᠎ᠲᠠᠢ ᠹᠧᠩ ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ᠎ᠳᠤ ᠪᠠᠢᠴᠠᠭᠠᠨ ᠰᠤᠳᠤᠯᠤᠯᠳᠠ ᠬᠢᠬᠦ᠌᠎ᠳᠡᠭᠡᠨ ᠨᠠᠷᠢᠨ ᠬᠢᠨᠠᠮᠠᠭᠠᠢ ᠲᠡᠬᠢᠨ ᠲᠠᠪᠳᠠᠨ ᠵᠡᠬᠢᠵᠤ ᠪᠢᠯᠡ᠃
《ᠲᠣᠯᠣᠭᠠᠢ ᠡᠪᠡᠳᠪᠡᠯ ᠲᠣᠯᠣᠭᠠᠢ᠎ᠶ᠋ᠢ᠎ᠨᠢ ᠵᠠᠰᠠᠵᠤ᠂ ᠬᠦᠯ ᠡᠪᠡᠳᠪᠡᠯ ᠬᠦᠯ᠎ᠢ᠎ᠨᠢ ᠡᠮᠨᠡᠬᠦ᠌》 ᠵᠠᠰᠠᠯᠲᠠ᠎ᠶ᠋ᠢᠨ ᠠᠷᠭ᠎ᠠ ᠨᠢᠭᠡᠨᠲᠡ ᠴᠠᠭ᠎ᠠᠴᠠ᠎ᠪᠠᠨ ᠦᠩᠬᠡᠷᠡᠵᠤ᠂ ᠱᠢᠰᠲ᠋ᠧᠮᠲᠦ ᠰᠡᠳᠭᠢᠬᠦᠢ᠂ ᠶᠡᠷᠦᠩᠬᠡᠢᠯᠡᠭ᠌ᠰᠡᠨ ᠰᠡᠳᠭᠢᠮᠵᠢ᠂ ᠪᠠᠢᠳᠠᠯ᠎ᠳᠤᠨᠢ ᠲᠤᠬᠢᠷᠠᠭᠤᠯᠬᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠬᠦ᠂ ᠪᠦᠬᠦᠯᠢ ᠴᠣᠭ᠍ᠴᠠ᠎ᠪᠠᠷ᠎ᠨᠢ ᠠᠬᠢᠭᠤᠯᠬᠤ ᠵᠡᠷᠬᠡ᠎ᠪᠠᠷ ᠤᠷᠤᠯᠠᠭᠤᠯᠤᠭ᠍ᠳᠠᠪᠠ᠃
ᠭᠤᠤᠯᠳᠠᠯᠭ᠎ᠠ᠎ᠶ᠋ᠢ ᠳᠣᠪᠤᠢᠯᠭᠠᠵᠤ᠂ ᠳᠦᠷᠢᠮ᠎ᠢ ᠴᠢᠩᠳᠠᠯᠠᠪᠠ᠃ ᠨᠤᠲᠤᠭ ᠪᠡᠯᠴᠢᠭᠡᠷ᠎ᠤᠨ ᠴᠢᠬᠤᠯᠠ ᠠᠮᠢ ᠠᠬᠤᠶ᠎ᠶ᠋ᠢᠨ ᠴᠢᠳᠠᠮᠵᠢᠲᠤ ᠣᠷᠣᠨ᠎ᠳᠤ ᠱᠢᠨ᠎ᠠ᠎ᠪᠠᠷ ᠠᠭᠤᠷᠬᠠᠶ᠎ᠶ᠋ᠢᠨ ᠦᠢᠯᠡᠰ᠎ᠢ ᠨᠡᠭᠡᠭᠡᠨ ᠬᠥᠭ᠌ᠵᠢᠭᠦᠯᠬᠦ᠌ ᠪᠠ ᠰᠠᠯᠬᠢᠨ ᠬᠦᠴᠦᠨ᠎ᠤ ᠴᠠᠬᠢᠯᠭᠠᠨ᠂ ᠭᠡᠷᠡᠯᠴᠢ ᠴᠡᠨᠡᠭ᠎ᠤᠨ ᠲᠥᠷᠥᠯ ᠵᠦᠢᠯ᠎ᠢ ᠱᠢᠨ᠎ᠡ᠎ᠪᠠᠷ ᠪᠠᠢᠭᠤᠯᠬᠤ ᠦᠭᠡᠶ᠂ ᠨᠢᠭᠡᠨᠲᠡ ᠪᠦᠳᠦᠬᠡᠨ ᠪᠠᠢᠭᠤᠯᠤᠬ᠍ᠰᠠᠨ ᠠᠭᠤᠷᠬᠠᠶ᠎ᠶ᠋ᠢᠨ ᠦᠢᠯᠡᠰ ᠪᠠ ᠰᠠᠯᠬᠢᠨ ᠬᠦᠴᠦᠨ᠎ᠤ ᠴᠠᠬᠢᠯᠭᠠᠨ᠂ ᠭᠡᠷᠡᠯᠴᠢ ᠴᠡᠨᠡᠭ᠎ᠤᠨ ᠲᠥᠷᠥᠯ ᠵᠦᠢᠯ ᠦᠢᠯᠡᠴᠢᠯᠡᠬᠦ᠌ ᠬᠤᠭᠤᠴᠠᠭ᠎ᠠ᠎ᠨᠢ ᠳᠦᠭᠦᠷᠦᠭ᠌ᠰᠡᠨ᠎ᠤ ᠳᠠᠷᠠᠭ᠎ᠠ ᠡᠷᠬᠡᠪᠰᠢ ᠤᠬᠤᠷᠢᠨ ᠭᠠᠷᠬᠤ ᠬᠡᠷᠡᠭ᠌ᠳᠡᠢ; ᠨᠢᠭᠡᠨᠲᠡ ᠪᠤᠶ ᠪᠣᠯᠤᠭ᠍ᠰᠠᠨ ᠵᠠᠳᠠᠭᠠᠶ ᠠᠭᠤᠷᠬᠠᠶ᠎ᠶ᠋ᠢᠨ 《ᠲᠣᠮᠣ ᠨᠦᠬᠡ》 ᠳᠤ 《ᠨᠢᠭᠡ ᠠᠭᠤᠷᠬᠠᠶ᠎ᠳᠤ ᠨᠢᠭᠡ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠵᠤ》᠂ ᠵᠠᠰᠠᠯᠳᠠ᠎ᠶ᠋ᠢᠨ ᠪᠠᠷᠢᠮᠵᠢᠶ᠎ᠠ ᠪᠣᠯᠤᠨ ᠱᠢᠨᠵᠢᠯᠡᠬᠦ᠌ ᠤᠬᠠᠭᠠᠨᠴᠢ᠎ᠪᠠᠷ ᠵᠠᠰᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠂ ᠤᠤᠯ ᠳᠦᠷᠰᠦ ᠪᠠᠢᠳᠠᠯ᠎ᠢ᠎ᠨᠢ ᠬᠠᠮᠤᠭ᠎ᠤᠨ ᠶᠡᠭᠡ ᠬᠡᠮᠵᠢᠶ᠎ᠡ᠎ᠪᠠᠷ ᠰᠡᠷᠭᠦᠭᠡᠨ᠎ᠠ᠃
ᠨᠢᠭᠡᠳᠦᠯᠲᠡᠶ ᠲᠥᠯᠥᠪᠵᠢᠬᠦᠯᠦᠨ ᠰᠦᠪᠡᠭ᠌ᠴᠢᠯᠡᠵᠦ᠍᠂ ᠱᠢᠰᠲ᠋ᠧᠮ᠎ᠲᠠᠢ ᠵᠠᠰᠠᠪᠠ᠃ 《ᠭᠤᠤᠯ ᠮᠥᠷᠡᠨ᠎ᠤ ᠳᠠᠷᠤᠭ᠎ᠠ᠎ᠶ᠋ᠢᠨ ᠲᠦᠷᠢᠮ》᠂ 《ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠲᠦᠷᠢᠮ》᠂ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠭᠡ᠎ᠶ᠋ᠢᠨ ᠥᠷᠢ ᠱᠢᠷᠢ᠎ᠶ᠋ᠢᠨ ᠬᠦᠰᠦᠨᠦᠭ᠌ᠲᠦ᠂ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠭᠡ᠎ᠶ᠋ᠢᠨ ᠲᠤᠱᠢᠶᠠᠯ᠎ᠠᠴᠠ ᠰᠠᠯᠬᠤ ᠦᠶ᠎ᠡ᠎ᠶ᠋ᠢᠨ ᠬᠢᠨᠠᠨ ᠪᠤᠳᠤᠯᠲᠠ ᠵᠡᠷᠭᠡ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ 《ᠬᠤᠷᠢᠭ᠎ᠠ ᠴᠡᠭᠡᠷ》 ᠵᠠᠯᠭᠠᠭ᠎ᠠ᠎ᠪᠠᠷ ᠨᠡᠢᠲᠡᠯᠡᠭ᠌ᠳᠡᠵᠦ᠍᠂ ᠲᠦᠷᠢᠮ᠎ᠤᠨ ᠱᠢᠰᠲ᠋ᠧᠮ᠎ᠤᠨ 《ᠳᠥᠷᠪᠡᠨ ᠨᠢᠷᠤᠭᠤ ᠨᠠᠢ᠍ᠮᠠᠨ ᠲᠤᠯᠭᠠᠭᠤᠷᠢ》 ᠶ᠋ᠢ ᠪᠦᠷᠢᠯᠳᠦᠬᠦᠯᠦᠭ᠌ᠰᠡᠨ ᠪᠠᠢᠨ᠎ᠠ᠃
ᠪᠦᠬᠦ᠌ ᠲᠠᠯ᠎ᠠ᠎ᠪᠠᠷ ᠬᠠᠮᠠᠭᠠᠯᠠᠵᠤ᠂ ᠬᠠᠤᠯᠢ ᠶᠣᠰᠣᠭᠠᠷ ᠵᠠᠰᠠᠪᠠ᠃ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ᠂ ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠬᠤ ᠬᠠᠤᠯᠢ᠂ ᠣᠷᠴᠢᠨ ᠲᠣᠭᠤᠷᠢᠨ᠎ᠤ ᠨᠥᠯᠥᠭᠡᠯᠡᠯ᠎ᠢ ᠦᠨᠡᠯᠡᠬᠦ᠌ ᠬᠠᠤᠯᠢ᠂ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠭᠠᠢᠯᠢ᠎ᠶ᠋ᠢᠨ ᠬᠠᠤᠯᠢ ᠵᠡᠷᠭᠡ ᠣᠷᠴᠢᠨ ᠲᠣᠭᠤᠷᠢᠨ᠎ᠤ ᠡᠬᠢ ᠪᠠᠶᠠᠯᠢᠭ᠎ᠤᠨ ᠬᠠᠤᠯᠢ ᠴᠠᠭᠠᠵᠠ᠎ᠶ᠋ᠢᠨ ᠲᠦᠷᠢᠮ ᠵᠠᠯᠭᠠᠭ᠎ᠠ᠎ᠪᠠᠷ ᠨᠡᠢᠲᠡᠯᠡᠭ᠌ᠳᠡᠵᠦ᠍᠂ 《ᠬᠦᠨᠳᠡᠵᠤ ᠪᠣᠯᠤᠰᠢ ᠥᠬᠡᠶ ᠥᠨᠳᠥᠷ ᠬᠦᠴᠦᠳᠡᠯᠳᠤ ᠴᠠᠬᠢᠯᠭᠠᠨ ᠤᠳᠠᠰᠤ》 ᠪᠣᠯᠪᠠ᠃
ᠲᠩᠷᠢ᠎ᠨᠢ ᠴᠡᠯᠮᠡᠭ ᠡᠪᠡᠰᠦ᠎ᠨᠢ ᠨᠣᠭᠤᠭᠠᠨ ᠤᠰᠤ᠎ᠨᠢ ᠲᠤᠩᠭᠠᠯᠠᠭ — ᠡᠳᠦᠷ᠎ᠠᠴᠠ ᠡᠳᠦᠷ ᠲᠦᠷᠭᠡᠨ ᠨᠡᠮᠡᠭ᠌ᠳᠡᠵᠤ ᠪᠠᠢᠭ᠎ᠠ ᠠᠮᠢ ᠠᠬᠤᠶ᠎ᠶ᠋ᠢᠨ ᠣᠷᠣᠱᠢᠨ ᠰᠠᠭᠤᠬᠤ᠎ᠳᠤ ᠲᠣᠬᠢᠷᠠᠮᠵᠢᠲᠠᠶ ᠭᠠᠵᠠᠷ ᠤᠷᠤᠨ ᠪᠤᠯ ᠲᠡᠷᠡ ᠴᠢᠭ᠎ᠢᠶᠠᠷ᠎ᠢᠶᠠᠨ ᠥᠪᠥᠷ ᠮᠣᠩᠭᠤᠯ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠠ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ 《ᠴᠤᠩᠬᠤᠪᠴᠢ》 ᠮᠥᠨ᠂ ᠨᠠᠩ ᠴᠤ᠌ ᠲᠦᠭ ᠲᠦᠮᠡᠨ ᠠᠷᠠᠳ ᠢᠷᠭᠡᠳ᠎ᠤᠨ ᠠᠵᠠ ᠵᠢᠷᠭᠠᠯ᠎ᠢ ᠠᠴᠢᠶᠠᠯᠠᠭ᠍ᠰᠠᠨ ᠰᠠᠢᠨ ᠰᠠᠢᠬᠠᠨ ᠬᠡᠷ ᠣᠷᠣᠨ ᠮᠥᠨ᠃
ᠦᠵᠡᠭ᠌ᠳᠡᠯ 1 —
ᠨᠠᠭᠤᠷ᠎ᠤᠨ ᠠᠰᠠᠭᠤᠳᠠᠯ᠎ᠢ ᠱᠢᠢᠳᠪᠦᠷᠢᠯᠡᠬᠦ᠌᠎ᠳᠤ ᠨᠠᠭᠤᠷ᠎ᠤᠨ ᠭᠠᠳᠠᠨ᠎ᠠ ᠬᠦᠴᠦᠯᠠᠪᠠ
ᠤᠷᠢᠬᠠᠨ ᠬᠠᠪᠤᠷ᠎ᠤᠨ ᠰᠠᠢᠬᠠᠨ ᠡᠳᠦᠷ ᠤᠯᠠᠭᠠᠨᠰᠤᠬᠠᠢ ᠨᠠᠭᠤᠷ᠎ᠲᠤ ᠨᠣᠮᠢᠨ ᠳᠣᠯᠭᠢᠶᠠᠨ ᠬᠠᠶᠠᠯᠠᠨ᠂ ᠤᠷᠠᠨ ᠱᠢᠪᠠᠭᠤᠳ ᠵᠢᠷᠭᠢᠨ᠎ᠡ᠃ ᠡᠤ ᠮᠤᠤ ᠵᠢᠶ ᠤᠰᠤ ᠵᠠᠯᠠᠬᠤ ᠬᠠᠭᠠᠯᠲᠠ (ᠨᠡᠭᠡᠯᠡᠭᠡᠢ) ᠪᠣᠯ ᠤᠯᠠᠭᠠᠨᠰᠤᠬᠠᠢ ᠨᠠᠭᠤᠷ᠎ᠤᠨ ᠬᠠᠲᠤᠨ ᠭᠤᠤᠯ ᠤᠷᠤᠭᠤ ᠤᠰᠤ ᠭᠠᠳᠠᠭ᠍ᠰᠢᠯᠠᠭᠤᠯᠬᠤ ᠠᠮᠠᠰᠠᠷ᠎ᠤᠨ ᠬᠠᠭᠠᠯᠲᠠ ᠪᠣᠯᠤᠨ᠎ᠠ᠂ ᠲᠤᠩᠭᠠᠯᠠᠭ ᠤᠰᠤᠨ ᠤᠷᠤᠰᠭᠠᠯ ᠬᠠᠭᠠᠯᠲᠠ᠎ᠶ᠋ᠢᠨ ᠳᠤᠤᠷ᠎ᠠ᠎ᠠᠴᠠ ᠤᠷᠬᠢᠯ᠎ᠤᠨ ᠭᠠᠷᠴᠤ᠌᠂ ᠤᠰᠤ ᠲᠠᠲᠠᠷᠠᠭᠤᠯᠬᠤ ᠰᠤᠪᠠᠭ᠎ᠢ᠎ᠲᠠᠭᠠᠨ 24 ᠺᠢᠯᠣᠮᠧᠲᠷ ᠤᠷᠤᠰᠤᠭ᠍ᠰᠠᠨᠤ ᠳᠠᠷᠠᠭ᠎ᠠ ᠬᠠᠲᠤᠨ ᠭᠤᠤᠯ᠎ᠳᠤ ᠴᠢᠳᠭᠤᠨᠠ᠃
《ᠪᠢᠳᠡ ᠤᠯᠠᠭᠠᠨᠰᠤᠬᠠᠢ᠎ᠶ᠋ᠢᠨ ᠰᠠᠪᠠ ᠭᠠᠵᠠᠷ᠎ᠤᠨ ᠡᠯ᠎ᠡ ᠴᠢᠬᠤᠯᠠ ᠬᠦᠢᠰᠦ ᠴᠡᠭ᠎ᠲᠤ ᠤᠰᠤᠨ᠎ᠤ ᠴᠢᠨᠠᠷ᠎ᠢ ᠬᠡᠮᠵᠢᠬᠦ᠌ ᠠᠦ᠋ᠲ᠋ᠣ᠋ ᠬᠢᠨᠠᠨ ᠬᠡᠮᠵᠢᠬᠦ᠌ 28 ᠲᠣᠭ᠍ᠲᠠᠮᠠᠯ ᠥᠷᠲᠡᠭᠡ ᠪᠠ 10 ᠬᠥᠪᠦᠮᠡᠯ ᠣᠩᠭᠤᠴᠠᠨ ᠥᠷᠲᠡᠭᠡ᠎ᠶ᠋ᠢ ᠲᠣᠬᠢᠷᠠᠭᠤᠯᠵᠠᠢ᠂ ᠡᠦ ᠮᠤᠤ ᠵᠶ᠋ᠢ᠎ᠶ᠋ᠢᠨ ᠬᠢᠨᠠᠨ ᠬᠡᠮᠵᠢᠬᠦ᠌ ᠥᠷᠲᠡᠭᠡ ᠪᠣᠯ ᠡᠬᠦᠨ᠎ᠤ ᠨᠢᠭᠡ ᠪᠣᠯᠤᠨ᠎ᠠ᠃ ᠬᠢᠨᠠᠨ ᠬᠡᠮᠵᠢᠯᠳᠡ᠎ᠶ᠋ᠢᠨ ᠲᠤᠭ᠎ᠠ ᠪᠠᠷᠢᠮᠲᠠ᠎ᠶ᠋ᠢ ᠦᠨᠳᠦᠰᠦᠯᠡᠪᠡᠯ᠂ ᠤᠯᠠᠭᠠᠨᠰᠤᠬᠠᠢ᠎ᠶ᠋ᠢᠨ ᠤᠰᠤᠨ᠎ᠤ ᠴᠢᠨᠠᠷ ᠤᠤᠯ᠎ᠤᠨ᠎ᠬᠢ᠎ᠠᠴᠠ᠎ᠪᠠᠨ ᠮᠠᠰᠢ ᠰᠠᠢᠵᠢᠷᠠᠬ᠍ᠰᠠᠨ ᠪᠥᠭᠡᠳ ᠵᠢᠯ ᠳᠠᠷᠠᠭᠠᠯᠠᠨ ᠰᠠᠢᠵᠢᠷᠠᠬᠤ ᠬᠠᠨᠳᠤᠰᠢ᠎ᠲᠠᠢ ᠪᠣᠯᠵᠠᠶ》 ᠭᠡᠵᠦ᠍ ᠪᠠᠶᠠᠨᠨᠠᠭᠤᠷ ᠬᠤᠲᠠ᠎ᠶ᠋ᠢᠨ ᠣᠷᠴᠢᠨ ᠲᠣᠭᠤᠷᠢᠨ᠎ᠤ ᠮᠡᠳᠡᠭᠡ ᠵᠠᠩᠭᠢ᠎ᠶ᠋ᠢ ᠬᠢᠨᠠᠨ ᠡᠵᠡᠮᠳᠡᠬᠦ᠌ ᠲᠥᠪ᠎ᠤᠨ ᠳᠡᠳ᠋ ᠡᠷᠬᠢᠯᠡᠭ᠌ᠴᠢ ᠭᠤᠤ ᠸᠧᠶ ᠬᠡᠯᠡᠪᠡ᠃
ᠳᠡᠭᠡᠷ᠎ᠡ ᠵᠠᠭᠤᠨ᠎ᠤ ᠶᠡᠷᠡᠭᠡᠳ ᠣᠨ᠎ᠠᠴᠠ ᠨᠠᠭᠠᠰᠢ᠂ ᠲᠠᠷᠢᠶᠠᠨ ᠭᠠᠵᠠᠷ᠎ᠤᠨ ᠤᠰᠤ ᠲᠠᠲᠠᠭᠤᠷᠠᠭ᠍ᠰᠠᠨ ᠪᠠ ᠬᠤᠲᠠ᠎ᠶ᠋ᠢᠨ ᠠᠮᠢᠳᠤᠷᠠᠯ᠎ᠤᠨ ᠪᠣᠬᠢᠷ ᠤᠰᠤ᠂ ᠠᠵᠤ ᠦᠶᠯᠡᠳᠪᠦᠷᠢ᠎ᠶ᠋ᠢᠨ ᠬᠠᠶᠠᠭ᠍ᠳᠠᠮᠠᠯ ᠤᠰᠤ ᠤᠯᠠᠭᠠᠨᠰᠤᠬᠠᠢ ᠨᠠᠭᠤᠷ᠎ᠲᠤ ᠣᠷᠣᠭ᠍ᠰᠠᠨ᠎ᠤ ᠳᠡᠭᠡᠷ᠎ᠡ ᠠᠮᠢ ᠠᠬᠤᠶ᠎ᠶ᠋ᠢᠨ ᠤᠰᠤ ᠨᠥᠬᠦᠪᠥᠷᠢᠯᠡᠬᠦ᠌ ᠴᠢᠳᠠᠪᠦᠷᠢ ᠬᠦᠷᠦᠯᠴᠡᠬᠦ᠌ ᠥᠬᠡᠶ ᠵᠡᠷᠬᠡ ᠤᠯᠠᠨ ᠲᠠᠯ᠎ᠠ᠎ᠶ᠋ᠢᠨ ᠱᠢᠯᠳᠠᠭᠠᠨ᠎ᠠᠴᠠ ᠪᠣᠯᠵᠣ᠂ ᠤᠯᠠᠭᠠᠨᠰᠤᠬᠠᠢ ᠨᠠᠭᠤᠷ᠎ᠤᠨ ᠤᠰᠤᠨ᠎ᠤ ᠴᠢᠨᠠᠷ ᠲᠤᠩ ᠮᠠᠭᠤᠳᠠᠬ᠍ᠰᠠᠨ ᠲᠡᠳᠦᠶ ᠦᠬᠡᠢ᠂ ᠨᠠᠭᠤᠷ᠎ᠤᠨ ᠤᠰᠤᠨ᠎ᠤ ᠬᠡᠮᠵᠢᠶ᠎ᠡ ᠶᠡᠭᠡ᠎ᠪᠠᠷ ᠪᠠᠭᠠᠰᠤᠭ᠍ᠰᠠᠨ ᠪᠢᠯᠡ᠃
ᠣᠢᠷ᠎ᠠ᠎ᠶ᠋ᠢᠨ ᠵᠢᠯ᠎ᠠᠴᠠ ᠨᠠᠭᠠᠰᠢ᠂ ᠪᠠᠶᠠᠨᠨᠠᠭᠤᠷ ᠬᠤᠲᠠ 《ᠨᠠᠭᠤᠷ᠎ᠤᠨ ᠠᠰᠠᠭᠤᠳᠠᠯ᠎ᠢ ᠱᠢᠢᠳᠪᠦᠷᠢᠯᠡᠬᠦ᠌᠎ᠳᠤ᠂ ᠨᠠᠭᠤᠷ᠎ᠤᠨ ᠭᠠᠳᠠᠨᠠᠬᠢ᠎ᠶ᠋ᠢ ᠵᠠᠰᠠᠬᠤ᠎ᠳᠤ ᠬᠦᠴᠦᠯᠡᠬᠦ᠌》 ᠵᠠᠰᠠᠯᠲᠠ᠎ᠶ᠋ᠢᠨ ᠰᠡᠳᠭᠢᠮᠵᠢ᠎ᠶ᠋ᠢ ᠪᠠᠷᠢᠮᠲᠠᠯᠠᠵᠤ᠂ ᠤᠯᠠᠭᠠᠨᠰᠤᠬᠠᠢ ᠨᠠᠭᠤᠷ᠎ᠤᠨ ᠰᠠᠪᠠ ᠭᠠᠵᠠᠷ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠠᠮᠢ ᠨᠠᠰᠤᠨ᠎ᠤ ᠬᠠᠮᠲᠤ᠎ᠶ᠋ᠢᠨ ᠴᠣᠭ᠍ᠴᠠ ᠪᠣᠯᠭᠠᠵᠤ᠂ ᠲᠠᠩ ᠭᠠᠭ᠍ᠴᠠ 《ᠨᠠᠭᠤᠷ ᠴᠥᠭᠦᠷᠥᠮ᠎ᠢ ᠵᠠᠰᠠᠵᠤ》 ᠪᠠᠢᠬ᠍ᠰᠠᠨ᠎ᠠᠴᠠ 《ᠰᠠᠪᠠ ᠭᠠᠵᠠᠷ᠎ᠢ ᠱᠢᠰᠲ᠋ᠧᠮ᠎ᠲᠠᠢ ᠵᠠᠰᠠᠬᠤ》 ᠲᠡᠢᠰᠢ ᠬᠤᠪᠢᠷᠠᠭᠤᠯᠵᠤ᠂ ᠪᠥᠬᠦ᠌ ᠰᠠᠪᠠ ᠭᠠᠵᠠᠷ᠎ᠤᠨ ᠠᠮᠢ ᠠᠬᠤᠶ᠎ᠶ᠋ᠢ ᠰᠡᠷᠭᠦᠭᠡᠨ ᠵᠠᠰᠠᠬᠤ᠂ ᠶᠡᠷᠦᠩᠬᠡᠢᠯᠡᠨ ᠵᠠᠰᠠᠬᠤ ᠪᠠ ᠬᠠᠮᠠᠭᠠᠯᠠᠨ ᠨᠡᠭᠡᠭᠡᠨ ᠬᠥᠭ᠌ᠵᠢᠭᠦᠯᠬᠦ᠌᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌᠎ᠶ᠋ᠢ ᠵᠡᠷᠭᠡᠳᠠ ᠠᠬᠢᠭᠤᠯᠵᠤ᠂ ᠶᠡᠷᠦᠩᠬᠡᠢᠯᠡᠨ ᠵᠠᠰᠠᠬᠤ ᠳᠠᠢᠯᠠᠯᠳᠤᠭᠠᠨ᠎ᠢ ᠪᠥᠬᠦ᠌ ᠲᠠᠯ᠎ᠠ᠎ᠪᠠᠷ ᠡᠬᠢᠯᠡᠭᠦᠯᠪᠡ᠃
2020 ᠣᠨ᠎ᠳᠤ᠂ ᠤᠯᠠᠭᠠᠨᠰᠤᠬᠠᠢ᠎ᠶ᠋ᠢᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠠᠮᠢ ᠠᠬᠤᠢ᠎ᠶ᠋ᠢ ᠬᠠᠮᠠᠭᠠᠯᠠᠵᠤ ᠵᠠᠰᠠᠨ ᠰᠡᠷᠭᠦᠭᠡᠬᠦ᠌ ᠲᠦᠷᠦᠯ ᠵᠦᠢᠯ ᠤᠯᠤᠰ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ 《ᠨᠡᠢᠭᠡᠮ᠎ᠤᠨ ᠡᠳ᠋ ᠬᠦᠷᠦᠩᠬᠡ ᠤᠯᠤᠰ᠎ᠤᠨ ᠭᠠᠵᠠᠷ ᠱᠢᠷᠦᠢ᠎ᠶ᠋ᠢᠨ ᠣᠷᠣᠨ ᠵᠠᠢ᠎ᠶ᠋ᠢᠨ ᠠᠮᠢ ᠠᠬᠤᠢ᠎ᠶ᠋ᠢ ᠵᠠᠰᠠᠨ ᠰᠡᠷᠭᠦᠭᠡᠬᠦ᠌᠎ᠳᠤ ᠣᠷᠣᠯᠴᠠᠭ᠍ᠰᠠᠨ ᠵᠢᠱ᠌ᠢᠶ᠎ᠡ (ᠨᠢᠭᠡᠳᠦᠭᠡᠷ ᠪᠦᠯᠦᠭ)》 ᠪᠠᠷ ᠰᠣᠩᠭᠤᠭ᠍ᠳᠠᠪᠠ᠂ ᠡᠨᠡ ᠪᠣᠯ ᠪᠦᠬᠦ᠌ ᠤᠯᠤᠰ᠎ᠤᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠢ ᠶᠡᠷᠦᠩᠬᠡᠢᠯᠡᠨ ᠵᠠᠰᠠᠬ᠍ᠰᠠᠨ ᠴᠤᠷ᠎ᠤᠨ ᠭᠠᠭ᠍ᠴᠠ ᠲᠦᠷᠦᠯ ᠵᠦᠢᠯ ᠪᠣᠯᠤᠨ᠎ᠠ᠃
ᠦᠵᠡᠭ᠌ᠳᠡᠯ 2 —
《ᠨᠣᠭᠤᠭᠠᠨ᠎ᠤ ᠠᠭᠤᠯᠬᠤᠡ》 ᠲᠡᠭᠡᠭ᠌ᠰᠢᠯᠡᠵᠤ 《ᠠᠯᠳᠠᠨᠤ ᠠᠭᠤᠯᠬᠤᠨ》 ᠨᠡᠮᠡᠭ᠌ᠳᠡᠯᠡ
ᠡᠬᠡᠯᠢ᠎ᠳᠤ ᠬᠠᠪᠤᠷ ᠡᠬᠡ ᠭᠠᠵᠠᠷ᠎ᠲᠤ ᠰᠠᠭᠠᠳᠠᠵᠤ ᠠᠯᠢᠪᠠ ᠪᠦᠬᠦᠨ ᠡᠰᠡᠨᠢᠯ ᠠᠮᠢᠯᠠᠯ᠎ᠢᠶᠠᠷ ᠪᠢᠯᠬᠠᠨ᠎ᠠ᠃ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠪᠠᠶᠠᠨᠮᠠᠩᠬ᠎ᠠ ᠰᠤᠮᠤ᠎ᠶ᠋ᠢᠨ ᠬᠠᠲᠠᠪᠴᠢ ᠭᠠᠴᠠᠭᠠᠨ᠎ᠤ ᠠᠭᠤᠯᠠ ᠲᠠᠯ᠎ᠠ᠎ᠪᠠᠷ ᠦᠪᠴᠢ ᠴᠢᠴᠠᠷᠭᠠᠨ᠎ᠠ ᠨᠠᠬᠢᠶᠠᠯᠠᠨ ᠨᠠᠪᠴᠢᠯᠠᠵᠤ᠂ ᠰᠠᠯᠬᠢᠨ᠎ᠤ ᠠᠶ᠎ᠠ᠎ᠪᠠᠷ ᠰᠠᠵᠢᠯᠠᠨ ᠨᠠᠢᠭᠤᠨ᠎ᠠ᠃ ᠠᠮᠢᠵᠢᠷᠠᠯ ᠪᠢᠯᠬᠠᠭ᠍ᠰᠠᠨ ᠡᠨᠡ ᠭᠠᠵᠠᠷ ᠤᠤᠯ᠎ᠨᠢ ᠡᠵᠡᠭᠦᠶ ᠡᠯᠡᠰᠦ ᠪᠠᠢᠭ᠍ᠰᠠᠨ ᠬᠡᠳᠡᠭ᠎ᠢ ᠲᠥᠰᠦᠭᠡᠯᠡᠬᠦᠶ᠎ᠡ ᠪᠡᠷᠬᠡ᠃
《ᠥᠩᠭᠡᠷᠡᠭ᠌ᠰᠡᠨ᠎ᠳᠤ᠂ ᠠᠳᠡ ᠬᠠᠪᠤᠷ ᠨᠠᠮᠤᠷ ᠪᠤᠯᠤᠭ᠍ᠰᠠᠭᠠᠷ ᠬᠠᠷ᠎ᠠ ᠰᠠᠯᠬᠢ ᠪᠤᠰᠴᠤ᠌ ᠲᠩᠷᠢ ᠭᠠᠵᠠᠷ ᠨᠡᠢᠯᠡᠮᠡᠷ ᠪᠤᠯᠳᠠᠭ᠃ ᠣᠳᠣ ᠠᠮᠢ ᠠᠬᠤᠢ᠎ᠶ᠋ᠢᠨ ᠣᠷᠴᠢᠨ ᠲᠣᠭᠤᠷᠢᠨ ᠰᠠᠢᠵᠢᠷᠠᠵᠤ᠂ ᠠᠮᠢ ᠠᠮᠢᠯᠠᠯ᠎ᠢᠶᠠᠷ ᠪᠢᠯᠬᠠ᠂ ᠪᠢᠳᠡᠡ᠎ᠳᠤ ᠠᠮᠢᠳᠤᠷᠠᠯ᠎ᠤᠨ ᠰᠠᠢᠬᠠᠨ᠎ᠢ ᠦᠨᠡᠨ ᠬᠦ᠌ ᠮᠡᠳᠡᠷᠡᠬᠦᠯᠦᠯ᠎ᠡ》 ᠭᠡᠵᠦ᠍ 55 ᠨᠠᠰᠤᠲᠠᠢ ᠪᠠᠢ ᠵᠢᠷᠠᠨᠪᠠᠶᠠᠷ ᠭᠤᠸᠠᠢ ᠢᠨᠢᠶᠡᠮᠰᠦᠭ᠌ᠯᠡᠨ ᠬᠡᠯᠡᠨ᠎ᠡ᠃
ᠣᠢᠷ᠎ᠠ᠎ᠶ᠋ᠢᠨ ᠵᠢᠯ᠎ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠢᠳᠡᠪᠬᠢᠲᠡᠶ ᠦᠶᠯᠡᠳᠦᠯᠭᠡᠵᠢᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦᠷᠬᠡᠭ᠌ᠵᠢᠯ᠎ᠢ ᠵᠠᠰᠠᠬᠤ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠶᠡᠭᠡ᠎ᠪᠠᠷ ᠥᠷᠨᠢᠭᠦᠯᠦᠭ᠌ᠰᠡᠨ᠎ᠢᠶᠠᠷ᠂ 2020 ᠣᠨ᠎ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠤᠢ ᠱᠢᠭᠤᠢ᠎ᠶ᠋ᠢᠨ ᠪᠦᠷᠬᠦᠴᠡ 2014 ᠣᠨ᠎ᠤ᠎ᠬᠢ᠎ᠠᠴᠠ ᠵᠠᠭᠤᠨ᠎ᠤ ᠬᠠᠷᠢᠴᠠᠯ᠎ᠢᠶᠠᠷ 3.1 ᠬᠤᠪᠢ ᠳᠡᠭᠡᠭ᠌ᠰᠢᠯᠡᠵᠦ᠍᠂ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ 2016 ᠣᠨ᠎ᠤ᠎ᠬᠢ᠎ᠠᠴᠠ ᠵᠠᠭᠤᠨ᠎ᠤ ᠬᠠᠷᠢᠴᠠᠯ᠎ᠢᠶᠠᠷ 28.8 ᠬᠤᠪᠢ ᠳᠡᠭᠡᠭ᠌ᠰᠢᠯᠡᠵᠦ᠍᠂ ᠪᠦᠬᠦ᠌ ᠬᠤᠱᠢᠭᠤᠨ᠎ᠤ ᠡᠯᠡᠰᠦᠷᠬᠡᠭ᠌ᠵᠢᠭ᠌ᠰᠡᠨ ᠭᠠᠵᠠᠷ ᠱᠢᠷᠣᠢ᠎ᠶ᠋ᠢ ᠪᠦᠲᠦᠮᠵᠢᠲᠡᠢ ᠰᠡᠷᠭᠦᠭᠡᠭ᠌ᠰᠡᠨ ᠬᠠᠷᠢᠴᠠᠯ 88.4 % ᠳᠤ ᠬᠦᠷᠪᠡ᠃
《ᠨᠣᠭᠤᠭᠠᠨ᠎ᠤ ᠠᠭᠤᠯᠬᠤᠡ》 ᠲᠡᠭᠡᠭ᠌ᠰᠢᠯᠡᠵᠤ᠂ 《ᠠᠯᠲᠠᠨ᠎ᠤ ᠠᠭᠤᠯᠬᠤᠡ》 ᠨᠡᠮᠡᠭ᠌ᠳᠡᠯᠡ᠃ ᠣᠳᠣᠬᠠᠨ᠎ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠠᠮᠢ ᠠᠬᠤᠢ ᠣᠷᠴᠢᠨ ᠲᠣᠭᠤᠷᠢᠨ᠎ᠢᠶᠠᠷ ᠬᠠᠮᠤᠭ᠎ᠤᠨ ᠬᠡᠪᠡᠷᠡᠭ ᠪᠠᠢᠬ᠍ᠰᠠᠨ 《ᠡᠮᠦᠨᠡᠲᠦ ᠭᠤᠷᠪᠠᠨ ᠰᠤᠮᠤ》 ᠶ᠋ᠢᠨ ᠨᠡᠭᠦᠳᠡᠯ ᠡᠯᠡᠰᠦ ᠨᠢᠭᠡᠨᠲᠡ ᠬᠠᠯᠬᠠᠪᠴᠢ ᠤᠢ᠎ᠳᠤ 《ᠣᠨᠢᠰᠤᠯᠠᠭ᠍ᠳᠠᠵᠤ》᠂ ᠴᠢᠴᠠᠷᠭᠠᠨ᠎ᠠ᠎ᠶ᠋ᠢᠨ ᠤᠢ ᠬᠦᠬᠡᠷᠡᠨ; ᠠᠭ᠍ᠯᠠᠭ ᠠᠭᠤᠯᠠ ᠨᠣᠭᠤᠭᠠᠷᠠᠭ᠍ᠰᠠᠨ ᠡᠮᠲᠦ᠎ᠶ᠋ᠢᠨ ᠭᠤᠤᠯ ᠰᠤᠮᠤ᠎ᠳᠤ ᠭᠤᠸ᠎ᠠ ᠵᠢᠮᠢᠰ᠎ᠤᠨ ᠦᠨᠦᠷ ᠬᠠᠩᠬᠤᠯᠵᠤ᠂ ᠤᠨᠴᠠᠯᠢᠬ᠍ᠳᠤ ᠤᠢ ᠱᠢᠭᠤᠢ ᠵᠢᠮᠢᠰ᠎ᠤᠨ ᠦᠢᠯᠡᠰ᠂ ᠦᠵᠡᠰᠭᠦᠯᠡᠩᠳᠤ ᠰᠠᠢᠬᠠᠨ ᠬᠥᠳᠡᠭᠡ ᠲᠣᠰᠭᠤᠨ᠎ᠤ ᠵᠢᠭᠤᠯᠴᠢᠯᠠᠯ᠎ᠤᠨ ᠦᠢᠯᠡᠰ᠎ᠨᠢ ᠠᠷᠠᠳ ᠤᠯᠠᠨ᠎ᠢ ᠪᠠᠶᠠᠵᠢᠯ᠎ᠤᠨ ᠵᠠᠮ᠎ᠢᠶᠠᠷ ᠬᠦᠳᠦᠯᠦᠯᠠ ᠁ ᠨᠢᠳᠤᠨᠤᠨ᠎ᠤ 10 ᠰᠠᠷ᠎ᠠ᠎ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ ᠤᠯᠤᠰ᠎ᠤᠨ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ》 ᠬᠡᠬᠦ᠌ ᠤᠢ᠍ᠢᠯᠠᠭᠠᠬ᠍ᠳᠠᠬᠤᠨ᠎ᠢ ᠦᠢᠯᠡᠳᠦᠯᠭᠡᠵᠢᠬᠦᠯᠦᠭ᠌ᠰᠡᠨ ᠱᠢᠨ᠎ᠡ᠎ᠶ᠋ᠢ ᠡᠭᠦᠳᠦᠭ᠌ᠰᠡᠨ ᠰᠠᠭᠤᠷᠢᠨ᠎ᠢᠶᠠᠷ ᠨᠡᠷᠡᠢᠳᠦᠭ᠌ᠳᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠱᠢᠨ᠎ᠡ ᠠᠶᠠᠨ᠎ᠤ ᠤᠷᠤᠬ᠍ᠰᠢᠯᠠᠯᠳᠠ᠎ᠶ᠋ᠢᠨ ᠪᠦᠷᠢᠶ᠎ᠡ ᠬᠠᠩᠭᠢᠨᠠᠯᠡ — ᠲᠤᠰ ᠲᠤᠰ᠎ᠲᠠᠭᠠᠨ ᠪᠠᠢᠯᠳᠤᠵᠤ ᠪᠠᠢᠭ᠍ᠰᠠᠨ᠎ᠢ ᠪᠦᠬᠦ᠌ ᠣᠷᠣᠨ ᠪᠦᠰᠡ᠎ᠶ᠋ᠢᠨ ᠵᠠᠰᠠᠯᠲᠠ ᠪᠣᠯᠭᠠᠨ ᠬᠤᠪᠢᠷᠠᠭᠤᠯᠵᠤ᠂ ᠤᠯᠠᠨ ᠲᠠᠯ᠎ᠠ᠎ᠠᠴᠠ ᠬᠠᠮᠢᠶᠠᠷᠴᠤ᠌ ᠪᠠᠢᠭ᠍ᠰᠠᠨ᠎ᠢ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠪᠣᠯᠭᠠᠨ ᠬᠤᠪᠢᠷᠠᠭᠤᠯᠪᠠ᠃
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ》 ᠳᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠬᠦ᠌ ᠬᠡᠷᠡᠭ᠌ᠲᠡᠶ ᠬᠡᠵᠤ ᠲᠤᠳᠤᠷᠬᠠᠢ ᠱᠠᠭᠠᠷᠳᠠᠬ᠍ᠰᠠᠨ ᠪᠠᠢᠨ᠎ᠠ᠃
ᠥᠪᠥᠷ ᠮᠣᠩᠭᠤᠯ ᠪᠣᠬᠢᠷᠲᠤᠯ᠎ᠢ ᠵᠠᠰᠠᠬᠤ ᠪᠠ ᠦᠵᠡᠮᠵᠢ᠎ᠶ᠋ᠢ ᠴᠣᠭ᠍ᠴᠠᠯᠠᠬᠤ᠂ ᠠᠮᠢ ᠠᠬᠤᠶ ᠪᠠ ᠡᠵᠡᠩᠨᠡᠯᠲᠡ᠎ᠶ᠋ᠢᠨ ᠬᠡᠯᠪᠡᠷᠢ᠂ ᠵᠠᠰᠠᠯᠲᠠ ᠪᠠ ᠨᠡᠭᠡᠭᠡᠨ ᠬᠥᠭ᠌ᠵᠢᠭᠦᠯᠦᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠭᠤᠤᠯᠳᠠᠯᠭ᠎ᠠ᠎ᠶ᠋ᠢ ᠳᠣᠪᠤᠢᠯᠭᠠᠨ᠂ ᠥᠩᠭᠡᠨ ᠲᠠᠯ᠎ᠠ ᠪᠠ ᠦᠨᠳᠦᠰᠦᠨ᠎ᠠᠴᠠ᠎ᠨᠢ ᠵᠡᠷᠬᠡ᠎ᠪᠠᠷ ᠵᠠᠰᠠᠵᠤ᠂ ᠦᠪᠦᠷ ᠮᠤᠩᠭᠤᠯ᠎ᠢᠶᠠᠨ ᠨᠠᠩ ᠨᠤᠮᠢᠨ ᠨᠣᠭᠤᠭᠠᠨ᠂ ᠨᠡᠩ ᠬᠥᠬᠡᠮᠳᠦᠭ ᠴᠡᠩᠬᠡᠷ᠂ ᠨᠡᠩ ᠴᠡᠪᠡᠷ ᠲᠤᠩᠭᠠᠯᠠᠭ ᠪᠣᠯᠭᠠᠨ ᠪᠦᠳᠦᠭᠡᠨ ᠪᠠᠢᠭᠤᠯᠤᠨ᠎ᠠ᠃