ᠪᠤᠭᠤᠲᠤ ᠬᠤᠳᠠ᠎ᠶ᠋ᠢᠨ 5000 ᠭᠠᠷᠤᠢ ᠬᠦᠮᠦᠨ ᠠᠯᠪᠠᠨ ᠵᠢᠷᠤᠮ᠎ᠤᠨ ᠤᠢ᠍ᠢᠵᠢᠭᠤᠯᠤᠯᠳᠠ᠎ᠳᠤ ᠤᠷᠤᠯᠴᠠᠪᠠ
2021-04-18 20:53:40
ᠵᠣᠬᠢᠶᠠᠭ᠍ᠴᠢ᠄
ᠸ᠊ · ᠭᠡᠷᠡᠯᠳᠤ
ᠣᠩᠱᠢᠭ᠍ᠰᠠᠨ ᠣᠳᠠᠭ᠎ᠠ᠄
★★★☆☆


4 ᠰᠠᠷ᠎ᠠ᠎ᠶ᠋ᠢᠨ 16 ᠎ᠤ ᠡᠳᠦᠷ᠂ ᠪᠤᠭᠤᠲᠤ ᠬᠤᠳᠠ 2021 ᠤᠨ᠎ᠤ ᠪᠦᠬᠦ᠌ ᠠᠷᠠᠳ᠎ᠤᠨ ᠠᠯᠪᠠᠨ ᠵᠢᠷᠤᠮ᠎ᠤᠨ ᠤᠢ᠍ᠢᠵᠢᠭᠤᠯᠤᠯᠳᠠ᠎ᠶ᠋ᠢᠨ ᠠᠵᠢᠯᠯᠠᠭ᠎ᠠ ᠦᠷᠨᠢᠬᠦᠯᠵᠦ᠍᠂ ᠴᠢᠩᠱᠠᠨ ᠲᠤᠭᠤᠷᠢᠭ᠎ᠤᠨ ᠲᠠᠯᠠᠨ ᠬᠠᠷ᠎ᠠ᠎ᠶ᠋ᠢᠨ ᠡᠮᠦᠨ᠎ᠠ ᠪᠡᠯ᠎ᠤᠨ ᠶᠢᠨ ᠵᠢᠶᠠᠩ ᠭᠸᠤ᠎ᠶ᠋ᠢᠨ ᠠᠯᠪᠠᠨ ᠵᠢᠷᠤᠮ᠎ᠤᠨ ᠤᠢ᠍ᠢᠵᠢᠭᠤᠯᠤᠯᠳᠠ᠎ᠶ᠋ᠢᠨ ᠰᠠᠭᠤᠷᠢᠨ᠎ᠤ ᠭᠤᠤᠯ ᠲᠠᠯᠠᠪᠤᠷ ᠪᠤᠯᠤᠨ ᠪᠤᠰᠤᠳ ᠬᠤᠪᠢᠶᠠᠷᠢ ᠲᠠᠯᠠᠪᠤᠷ᠎ᠲᠤ ᠨᠡᠢᠳᠡ 5000 ᠭᠠᠷᠤᠢ ᠬᠦᠮᠦᠨ ᠠᠯᠪᠠᠨ ᠵᠢᠷᠤᠮ᠎ᠤᠨ ᠤᠢ᠍ᠢᠵᠢᠭᠤᠯᠤᠯᠳᠠ᠎ᠳᠤ ᠤᠷᠤᠯᠴᠠᠵᠦ᠍᠂ ᠪᠤᠭᠤ᠎ᠶ᠋ᠢᠨ ᠬᠤᠳᠠ᠎ᠶ᠋ᠢᠨ ᠨᠤᠭᠤᠭᠠᠷᠠᠭᠤᠯᠤᠯᠳᠠ᠎ᠳᠤ ᠬᠦᠴᠦᠨ ᠨᠡᠮᠡᠷᠢᠯᠡᠭ᠌ᠰᠡᠨ ᠪᠠᠢᠨ᠎ᠠ᠃

4 ᠰᠠᠷ᠎ᠠ᠎ᠶ᠋ᠢᠨ 16 ᠎ᠤ ᠦᠷᠯᠦᠭᠡ᠂ ᠡᠯ᠎ᠠ ᠠᠯᠪᠠᠨ ᠪᠠᠢᠭᠤᠯᠭ᠎ᠠ᠎ᠶ᠋ᠢᠨ ᠤᠢ᠍ᠢᠵᠢᠭᠤᠯᠤᠯᠳᠠ᠎ᠳᠤ ᠤᠷᠤᠯᠴᠠᠬᠤ ᠬᠦᠮᠦᠰ ᠰᠠᠭᠤᠭ᠍ᠰᠠᠨ ᠲᠡᠷᠭᠡ ᠪᠤᠭᠤᠲᠤ ᠬᠤᠳᠠ᠎ᠶ᠋ᠢᠨ ᠨᠠᠮ ᠵᠠᠰᠠᠭ᠎ᠤᠨ ᠠᠯᠪᠠᠨ ᠠᠰᠠᠷ᠎ᠤᠨ ᠬᠦᠷᠢᠶ᠎ᠠ᠎ᠠᠴᠠ ᠴᠦᠷᠭᠦᠯᠡᠨ ᠭᠠᠷᠴᠦ᠍᠂ ᠤᠢ᠍ᠢᠵᠢᠭᠤᠯᠤᠯᠳᠠ᠎ᠶ᠋ᠢᠨ ᠲᠠᠯᠠᠪᠤᠷ ᠵᠦᠭ ᠶᠠᠪᠤᠵᠠᠭᠠᠯ᠎ᠠ᠃ ᠲᠤᠰ ᠬᠤᠳᠠ᠎ᠶ᠋ᠢᠨ ᠲᠦᠷᠪᠡᠨ ᠶᠡᠭᠡ ᠤᠳᠤᠷᠢᠳᠭᠤ ᠪᠠᠭ ᠪᠤᠯᠤᠨ ᠪᠤᠭᠤᠲᠤ᠎ᠶ᠋ᠢᠨ ᠴᠡᠷᠢᠭ᠎ᠤᠨ ᠬᠤᠪᠢᠶᠠᠷᠢ ᠲᠤᠭᠤᠷᠢᠭ᠎ᠤᠨ ᠤᠳᠤᠷᠢᠳᠤᠯᠭ᠎ᠠ᠂ ᠬᠤᠳᠠ᠎ᠶ᠋ᠢᠨ ᠡᠯ᠎ᠠ ᠠᠯᠪᠠᠨ ᠪᠠᠢᠭᠤᠯᠭ᠎ᠠ᠂ ᠬᠠᠮᠢᠶ᠎ᠠ ᠪᠦᠬᠦᠢ ᠠᠵᠤ ᠠᠬᠤᠢ᠍ᠢᠯᠠᠯ ᠠᠵᠤ ᠦᠢᠯᠡᠰ᠎ᠤᠨ ᠨᠢᠬᠡᠴᠢ᠂ ᠠᠷᠠᠳ᠎ᠤᠨ ᠪᠦᠯᠬᠦᠮ᠎ᠤᠨ ᠺᠠᠳ᠋ᠷ ᠠᠵᠢᠯᠳᠠᠨ ᠵᠢᠴᠢ ᠡᠯ᠎ᠠ ᠲᠦᠷᠤᠯ᠎ᠤᠨ ᠨᠡᠢᠭᠡᠮ᠎ᠤᠨ ᠪᠦᠯᠬᠦᠮ᠂ ᠰᠠᠢᠨ ᠲᠤᠷᠠᠴᠤᠳ ᠤᠢ᠍ᠢᠵᠢᠭᠤᠯᠤᠯᠳᠠ᠎ᠶ᠋ᠢᠨ ᠠᠵᠢᠯ᠎ᠳᠤ ᠤᠷᠤᠯᠴᠠᠵᠤ᠂ ᠡᠯ᠎ᠠ ᠬᠤᠱᠢᠭᠤ ᠱᠢᠶᠠᠨ ᠲᠤᠭᠤᠷᠢᠭ᠎ᠤᠨ ᠨᠠᠮ ᠵᠠᠰᠠᠭ᠎ᠤᠨ ᠺᠠᠳ᠋ᠷ ᠠᠵᠢᠯᠳᠠᠨ ᠬᠤᠪᠢᠶᠠᠷᠢ ᠲᠠᠯᠠᠪᠤᠷ᠎ᠤᠨ ᠤᠢ᠍ᠢᠵᠢᠭᠤᠯᠤᠯᠳᠠ᠎ᠳᠤ ᠤᠷᠤᠯᠴᠠᠵᠠᠭᠠᠨ᠂ ᠬᠦᠷᠵᠠ ᠡᠷᠬᠢᠬᠦᠯᠦᠨ ᠴᠢᠬᠢ ᠮᠤᠳᠤ ᠵᠠᠢᠯᠠᠵᠦ᠍ ᠶᠠᠭᠠᠷᠠᠯᠳᠠᠢ ᠠᠵᠢᠯᠯᠠᠵᠦ᠍ ᠪᠠᠢᠯ᠎ᠠ᠃

ᠲᠤᠰ ᠤᠳᠠᠭ᠎ᠠ᠎ᠶ᠋ᠢᠨ ᠤᠢ᠍ᠢᠵᠢᠭᠤᠯᠤᠯᠳᠠ᠎ᠶ᠋ᠢᠨ ᠠᠵᠢᠯᠯᠠᠭ᠎ᠠ᠎ᠳᠤ ᠪᠤᠭᠤᠲᠤ ᠬᠤᠳᠠ ᠱᠢᠨᠵᠢᠶᠠᠩ ᠤᠯᠢᠶᠠᠰᠤ ᠵᠡᠷᠭᠡ ᠡᠯ᠎ᠠ ᠵᠦᠢᠯ᠎ᠤᠨ ᠴᠢᠬᠢ ᠮᠤᠳᠤ᠎ᠶ᠋ᠢ ᠨᠡᠢᠳᠡ 15000 ᠭᠠᠷᠤᠢ ᠰᠠᠭᠤᠷᠢ ᠵᠠᠢᠯᠠᠵᠦ᠍᠂ ᠲᠤᠰ ᠬᠤᠳᠠ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠭᠤᠤᠯ ᠬᠠᠯᠠᠬ᠍ᠪᠴᠢ ᠪᠤᠯᠬᠤ ᠲᠠᠯᠠᠨ ᠬᠠᠷ᠎ᠠ ᠠᠭᠤᠯᠠᠨ᠎ᠳᠤ ᠠᠮᠢᠯᠠᠯ᠎ᠤᠨ ᠨᠤᠭᠤᠭᠠᠨ ᠦᠩᠬᠡ ᠨᠡᠮᠡᠷᠢᠯᠡᠵᠠᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号