ᠦᠭᠡ᠎ᠶ᠋ᠢᠨ ᠲᠡᠭᠦᠪᠦᠷᠢ —
ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢ᠎ᠳᠤ ᠨᠤᠳᠤᠬ ᠪᠡᠯᠴᠢᠭᠡᠷ᠎ᠢ ᠶᠡᠷᠦᠩᠭᠡᠢᠯᠡᠡ ᠵᠠᠰᠠᠬᠤ᠂ ᠱᠢᠰᠲ᠋ᠧᠮ᠎ᠲᠠᠢ᠎ᠪᠠᠷ ᠵᠠᠰᠠᠬᠤ᠂ ᠡᠬᠢ ᠦᠨᠳᠦᠰᠦ᠎ᠠᠴᠠ᠎ᠨᠢ ᠵᠠᠰᠠᠬᠤ᠎ᠶ᠋ᠢ ᠪᠠᠷᠢᠮᠳᠠᠯᠠᠨ᠂ ᠡᠯ᠎ᠠ ᠵᠦᠢᠯ᠎ᠤᠨ ᠠᠵᠢᠯ᠎ᠢ ᠨᠢᠭᠡᠲᠦᠯᠲᠠᠢ ᠲᠦᠯᠦᠪᠵᠢᠭᠦᠯᠦᠨ ᠠᠬᠢᠭᠤᠯᠵᠦ᠍᠂ ᠵᠤᠬᠢᠴᠠᠭᠤᠯᠤᠨ ᠬᠠᠮᠵᠢᠯᠴᠠᠬᠤ᠎ᠪᠠᠨ ᠴᠢᠩᠭᠠᠳᠭᠠᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠢ ᠬᠦᠭ᠌ᠵᠢᠯᠲᠠ᠎ᠶ᠋ᠢ ᠠᠬᠢᠭᠤᠯᠤᠨ᠎ᠡ᠃ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠥᠩᠬᠦᠨ ᠠᠭᠤᠯᠠ ᠮᠦᠨ ᠬᠡᠬᠦ᠌ ᠤᠢ᠍ᠢᠯᠠᠭᠠᠬ᠍ᠳᠠᠬᠤᠨ᠎ᠢ ᠪᠠᠷᠢᠮᠳᠠᠯᠠᠨ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠥ᠍ ᠪᠤᠬᠢᠷᠳᠤᠯ ᠦᠬᠡᠢ᠎ᠪᠠᠷ ᠬᠦᠭ᠌ᠵᠢᠬᠦᠯᠬᠦ᠌᠎ᠶ᠋ᠢ ᠪᠠᠷᠢᠮᠳᠠᠯᠠᠵᠥ᠍᠂ ᠤᠰᠤᠨ᠎ᠤ ᠪᠠᠢᠳᠠᠯ᠎ᠢᠶᠠᠷ ᠬᠡᠷᠡᠭ᠌ᠴᠡᠭᠡ᠎ᠪᠠᠨ ᠲᠤᠭ᠍ᠳᠠᠭᠠᠨ ᠤᠰᠤᠨ᠎ᠤ ᠬᠡᠮᠵᠢᠶ᠎ᠡ᠎ᠪᠠᠷ ᠪᠦᠲᠦᠭᠡᠨ ᠪᠠᠢᠭᠤᠯᠤᠯᠲᠠ ᠬᠢᠵᠦ᠍᠂ ᠭᠠᠵᠠᠷ ᠤᠷᠤᠨ᠎ᠤ ᠪᠠᠢᠳᠠᠯ᠎ᠳᠠᠭᠠᠨ ᠲᠤᠬᠢᠷᠠᠭᠤᠯᠤᠨ ᠲᠦᠷᠦᠯ ᠬᠤᠪᠢᠶᠠᠨ ᠲᠦᠷᠦ᠎ᠶ᠋ᠢᠨ ᠪᠤᠳᠤᠯᠭ᠎ᠠ ᠬᠡᠷᠡᠭ᠌ᠵᠢᠬᠦᠯᠵᠥ᠍᠂ ᠲᠡᠬᠡᠳᠤ ᠲᠤᠤᠷᠠᠳᠤ ᠤᠷᠤᠰᠭᠠᠯ᠂ ᠭᠤᠤᠯ ᠤᠷᠤᠰᠭᠠᠯ ᠰᠠᠯᠪᠤᠷᠢ ᠤᠷᠤᠰᠭᠠᠯ᠂ ᠵᠡᠬᠦᠨ ᠪᠠᠷᠠᠭᠤᠨ ᠬᠤᠶᠠᠷ ᠬᠦᠪᠡᠭᠡ᠎ᠶ᠋ᠢ ᠨᠢᠬᠡᠳᠤᠯᠳᠡᠢ ᠲᠦᠯᠥᠪᠵᠢᠬᠦᠯᠤᠨ᠂ ᠶᠡᠭᠡ ᠬᠠᠮᠠᠭᠠᠯᠠᠯᠳᠠ᠎ᠶ᠋ᠢ ᠬᠠᠮᠳᠤ᠎ᠪᠠᠷ ᠰᠠᠢᠳᠤᠷ ᠠᠳᠭᠤᠵᠥ᠍᠂ ᠶᠡᠭᠡ ᠵᠠᠰᠠᠯᠳᠠ᠎ᠶ᠋ᠢ ᠬᠠᠮᠵᠢᠯᠴᠠᠨ ᠠᠬᠢᠭᠤᠯᠵᠥ᠍᠂ ᠠᠮᠢ ᠠᠬᠤᠢ᠎ᠶ᠋ᠢᠨ ᠬᠠᠮᠠᠭᠠᠯᠠᠯᠳᠠ ᠵᠠᠰᠠᠯᠳᠠ᠎ᠶ᠋ᠢ ᠬᠦᠴᠦᠯᠡᠨ ᠴᠢᠩᠭᠠᠳᠭᠠᠵᠥ᠍᠂ ᠬᠠᠳᠤᠨ ᠭᠤᠤᠯ᠎ᠤᠨ ᠦᠨᠢᠳᠡ ᠠᠮᠤᠷ ᠲᠦᠪᠱᠢᠨ ᠪᠠᠢᠬᠤ᠎ᠶ᠋ᠢ ᠪᠠᠳᠤᠯᠠᠨ᠂ ᠪᠦᠬᠦ᠌ ᠰᠠᠪᠠ ᠭᠠᠵᠠᠷ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠵᠥ᠍᠂ ᠤᠯᠠᠨ ᠲᠦᠮᠡᠨ᠎ᠤ ᠠᠮᠢᠳᠤᠷᠠᠯ᠎ᠢ ᠰᠠᠢᠵᠢᠷᠠᠭᠤᠯᠤᠨ᠂ ᠬᠠᠳᠤᠨ ᠭᠤᠤᠯ᠎ᠤᠨ ᠰᠤᠶᠤᠯ᠎ᠢ ᠬᠠᠮᠠᠭᠠᠯᠠᠵᠥ᠍ ᠤᠯᠠᠮᠵᠢᠯᠠᠨ ᠪᠠᠳᠠᠷᠠᠭᠤᠯᠵᠥ᠍᠂ ᠬᠠᠳᠤᠨ ᠭᠤᠤᠯ᠎ᠢ ᠠᠷᠠᠳ ᠲᠦᠮᠡᠨ᠎ᠳᠤ ᠪᠤᠶᠠᠨ ᠦᠢᠯᠡᠳᠬᠦ᠌ ᠵᠢᠷᠭᠠᠯ᠎ᠤᠨ ᠭᠤᠤᠯ ᠪᠤᠯᠭᠠᠨ᠎ᠡ᠃
— 2019 ᠤᠨ᠎ᠤ 9 ᠰᠠᠷ᠎ᠠ᠎ᠶ᠋ᠢᠨ 18 ᠤ ᠡᠲᠦᠷ᠎ᠤᠨ ᠶᠡᠷᠦᠩᠭᠡᠢ ᠱᠦᠵᠢ ᠰᠢ᠎ᠶ᠋ᠢᠨ ᠫᠢᠩ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠦᠭ᠌ᠵᠢᠯᠳᠡ᠎ᠶ᠋ᠢᠨ ᠶᠠᠷᠢᠯᠴᠠᠬᠤ ᠬᠤᠷᠠᠯ ᠲᠡᠬᠡᠷᠡᠬᠢ ᠶᠠᠷᠢᠶ᠎ᠠ᠎ᠠᠴᠠ
ᠤᠰᠤ᠎ᠨᠢ ᠲᠤᠩᠭᠠᠯᠠᠭ ᠳᠡᠨᠵᠢ᠎ᠨᠢ ᠨᠣᠭᠤᠭᠠᠨ ᠬᠠᠲᠤᠨ ᠭᠤᠣᠯ ᠠᠮᠤᠷ ᠠᠮᠤᠭᠤᠯᠠᠩ
ᠰᠤᠷᠪᠤᠯᠵᠢᠯᠠᠬ᠍ᠴᠢ ᠬᠠᠨ ᠱᠢᠤᠧᠡᠢ ᠷᠦ᠋ ᠬᠤᠤ ᠪᠢᠶᠤᠤ ᠸᠠᠩ ᠢᠤᠢ ᠵᠦᠸᠧ ᠴᠢᠮᠡᠭᠡᠯᠡᠭ᠌ᠴᠢ ᠾᠧ ᠯᠢ ᠫᠢᠩ
ᠥᠪᠥᠷ ᠮᠣᠩᠭᠤᠯ᠎ᠤᠨ ᠬᠠᠲᠤᠨ ᠭᠤᠤᠯ᠎ᠤᠨ ᠰᠠᠪᠠ ᠭᠠᠵᠠᠷ ᠳᠠᠭᠠᠤ᠎ᠶ᠋ᠢᠨ 7 ᠠᠢᠮᠠᠭ ᠬᠤᠲᠠ᠎ᠶ᠋ᠢᠨ ᠴᠦᠯᠯᠡᠷᠭᠡᠭ᠌ᠵᠢᠭ᠌ᠰᠡᠨ ᠲᠠᠯᠠᠪᠠᠶ 5 . 49 ᠳ᠋ᠦᠩᠱᠢᠭᠤᠷ ᠮᠥ᠍ ᠪᠠᠢᠵᠤ᠂ ᠪᠥᠬᠦ᠌ ᠣᠷᠣᠨ᠎ᠤ ᠴᠦᠯᠯᠡᠷᠭᠡᠭ᠌ᠵᠢᠭ᠌ᠰᠡᠨ ᠲᠠᠯᠠᠪᠠᠶ᠎ᠶ᠋ᠢᠨ 60 . 1 % ᠶ᠋ᠢ ᠡᠵᠡᠯᠡᠵᠦ᠍᠂ ᠪᠥᠬᠦ᠌ ᠤᠯᠤᠰ᠎ᠤᠨ ᠴᠦᠯᠯᠡᠷᠭᠡᠭ᠌ᠵᠢᠯ ᠪᠠ ᠡᠯᠡᠰᠦᠷᠬᠡᠭ᠌ᠵᠢᠯ ᠬᠠᠮᠤᠭ᠎ᠤᠨ ᠲᠥᠪᠯᠡᠷᠡᠭ᠌ᠰᠡᠨ᠂ ᠬᠤᠤᠷ ᠬᠥᠨᠥᠭᠡᠯ᠎ᠢᠶᠠᠷ ᠬᠠᠮᠤᠭ᠎ᠤᠨ ᠬᠦᠨᠳᠦ ᠨᠣᠴᠢᠲᠠᠶ ᠣᠷᠣᠨ ᠪᠦᠰᠡ᠎ᠶ᠋ᠢᠨ ᠨᠢᠭᠡ ᠪᠣᠯᠤᠨ᠎ᠠ᠃ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ ᠬᠢᠷᠢ ᠵᠡᠷᠭᠡ ᠪᠠᠢᠬᠤ᠎ᠨᠢ ᠥᠪᠥᠷ ᠮᠣᠩᠭᠤᠯ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠠᠢ ᠱᠢᠭᠤᠳ ᠬᠤᠯᠪᠣᠭ᠍ᠳᠠᠨ᠎ᠠ᠃
ᠴᠢᠨᠠᠷ ᠰᠠᠢᠲᠠᠢ ᠬᠥᠭ᠌ᠵᠢᠯᠲᠡ ᠪᠣᠯ ᠴᠠᠭ ᠦᠶ᠎ᠡ᠎ᠠᠴᠠ ᠬᠠᠳᠤᠨ ᠭᠤᠣᠯ᠎ᠤᠨ ᠰᠠᠪᠠ ᠭᠠᠵᠠᠷ᠎ᠲᠤ ᠣᠯᠭᠤᠭ᠍ᠰᠠᠨ ᠲᠡᠦᠬᠡᠲᠦ ᠬᠦᠨᠳᠦ ᠡᠭᠦᠷᠭᠡ ᠪᠣᠯᠤᠨ᠎ᠠ᠃ ᠥᠪᠥᠷ ᠮᠣᠩᠭᠤᠯ ᠶᠡᠷᠦᠩᠭᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠶᠡᠭᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠣᠷᠣᠨ ᠪᠦᠰᠡ᠎ᠶ᠋ᠢᠨ ᠣᠨᠴᠠᠯᠢᠭ᠎ᠢᠶᠠᠷ ᠪᠠᠶᠠᠯᠢᠭ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠢᠳᠡᠪᠬᠢᠲᠡᠶ ᠬᠠᠢᠨ ᠰᠦᠪᠡᠭ᠌ᠴᠢᠯᠡᠵᠦ᠍᠂ ᠬᠠᠲᠤᠨ ᠭᠤᠤᠯ᠎ᠢ ᠠᠷᠠᠳ ᠲᠦᠮᠡᠨ᠎ᠳᠤ ᠪᠤᠶᠠᠨ ᠦᠶᠯᠡᠳᠬᠦ᠌ ᠵᠢᠷᠭᠠᠯ᠎ᠤᠨ ᠭᠤᠤᠯ ᠪᠤᠯᠭᠠᠬᠤ ᠬᠡᠷᠡᠭ᠌ᠳᠡᠢ᠃
2 ᠰᠠᠷ᠎ᠠ᠎ᠶ᠋ᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠤᠳᠤᠷᠢᠳᠭᠤ ᠳᠤᠭᠤᠢᠯᠠᠩ ᠠᠩᠬᠠᠳᠤᠭᠠᠷ ᠤᠳᠠᠭ᠎ᠠ᠎ᠶ᠋ᠢᠨ ᠬᠤᠷᠠᠯ ᠬᠤᠷᠠᠯᠳᠤᠪᠠ᠃ ᠬᠤᠷᠠᠯ᠎ᠠᠴᠠ᠂ ᠬᠠᠲᠤᠨ ᠭᠤᠤᠯ ᠳᠠᠭᠠᠤ᠎ᠶ᠋ᠢᠨ ᠡᠯ᠎ᠡ ᠠᠢᠮᠠᠭ ᠬᠤᠲᠠ᠎ᠶ᠋ᠢᠨ᠎ᠬᠢᠨ ᠥᠨᠳᠥᠷ ᠲᠦᠪᠱᠢᠨ ᠪᠥᠬᠦᠶ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠷᠢᠴᠠᠭ᠎ᠠ᠎ᠶ᠋ᠢ ᠣᠨᠣᠪᠴᠢᠲᠠᠶ ᠡᠵᠡᠮᠳᠡᠵᠦ᠍᠂ ᠠᠮᠢ ᠠᠬᠤᠶ᠎ᠪᠠᠷ ᠤᠷᠢᠳᠠᠯ ᠪᠤᠯᠭᠠᠬ᠍ᠰᠡᠨ ᠪᠣᠬᠢᠷᠲᠤᠯ ᠥᠬᠡᠶ ᠬᠦᠭ᠌ᠵᠢᠭᠦᠯᠭᠦᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠲᠠᠢ ᠨᠢᠭ᠍ᠲᠠ ᠤᠶᠠᠯᠳᠤᠭᠤᠯᠤᠨ᠂ ᠭᠤᠤᠯᠳᠠᠯᠭ᠎ᠠ᠎ᠨᠢ ᠬᠠᠮᠠᠭᠠᠯᠠᠬᠤ᠎ᠳᠤ ᠪᠠᠢᠬᠤ᠂ ᠵᠠᠩᠭᠢᠯᠠᠭ᠎ᠠ᠎ᠨᠢ ᠵᠠᠰᠠᠬᠤ᠎ᠳᠤ ᠪᠠᠢᠬᠤ ᠱᠠᠭᠠᠷᠳᠠᠯᠭ᠎ᠠ ᠶᠣᠰᠣᠭᠠᠷ᠂ ᠶᠡᠭᠡ ᠬᠠᠮᠠᠭᠠᠯᠠᠯᠲᠠ᠎ᠶ᠋ᠢ ᠬᠠᠮᠲᠤ᠎ᠪᠠᠷ ᠰᠠᠢᠲᠤᠷ ᠠᠳᠭᠤᠵᠤ᠂ ᠶᠡᠭᠡ ᠵᠠᠰᠠᠯᠲᠠ᠎ᠶ᠋ᠢ ᠬᠠᠮᠵᠢᠯᠴᠠᠨ ᠠᠬᠢᠭᠤᠯᠵᠤ᠂ ᠵᠠᠩᠭᠢᠯᠠᠭ᠎ᠠ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠲᠣᠪᠤᠢᠮ᠎ᠠ ᠠᠰᠠᠭᠤᠳᠠᠯ᠎ᠢ ᠱᠢᠶᠳᠪᠦᠷᠢᠯᠡᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠶ ᠬᠡᠵᠦ᠍ ᠴᠢᠩᠭᠠᠳᠭᠠᠵᠠᠢ᠃
ᠡᠯᠡᠰᠦᠷᠬᠡᠭ᠌ᠵᠢᠭ᠌ᠰᠡᠨ ᠭᠠᠵᠠᠷ ᠨᠤᠳᠤᠭ᠎ᠢ ᠪᠢᠲᠡᠭᠦᠮᠵᠢᠯᠡᠨ ᠬᠠᠮᠠᠭᠠᠯᠠᠬᠤ ᠲᠦᠷᠢᠮ᠎ᠢ ᠨᠠᠢᠳᠠᠪᠤᠷᠢᠵᠢᠭᠤᠯᠵᠤ᠂ ᠪᠥᠬᠦ᠌ ᠨᠡᠢᠭᠡᠮ᠎ᠤᠨ ᠬᠦᠴᠦᠨ᠎ᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦᠷᠬᠡᠭ᠌ᠵᠢᠯ᠎ᠢ ᠵᠠᠰᠠᠬᠤ᠎ᠳᠤ ᠣᠷᠣᠯᠴᠠᠬᠤ᠎ᠶ᠋ᠢ ᠳᠡᠮᠵᠢᠨ᠎ᠡ᠃ ᠣᠢᠵᠢᠭᠤᠯᠬᠤ᠎ᠳᠤ ᠲᠣᠬᠢᠷᠠᠮᠵᠢᠲᠠᠢ ᠪᠣᠯ ᠣᠢᠵᠢᠭᠤᠯᠵᠤ᠂ ᠡᠪᠡᠰᠦ ᠲᠠᠷᠢᠬᠤ᠎ᠳᠤ ᠲᠣᠬᠢᠷᠠᠮᠵᠢᠲᠠᠢ ᠪᠣᠯ ᠡᠪᠡᠰᠦ ᠲᠠᠷᠢᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠨᠤᠲᠤᠭ ᠳᠡᠪᠢᠰᠭᠡᠷ᠎ᠢ ᠨᠣᠭᠤᠭᠠᠷᠠᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠬᠠᠳᠤᠨ ᠭᠤᠣᠯ ᠳᠠᠭᠠᠤ᠎ᠶ᠋ᠢᠨ ᠠᠮᠢ ᠠᠬᠤᠢ᠎ᠶ᠋ᠢᠨ ᠬᠤᠩᠬᠢᠯ᠎ᠢ ᠪᠦᠳᠦᠭᠡᠨ ᠪᠠᠢᠭᠤᠯᠵᠤ᠂ ᠬᠠᠳᠤᠨ ᠭᠤᠣᠯ᠎ᠤᠨ ᠭᠤᠤᠯ ᠤᠷᠤᠰᠭᠠᠯ᠎ᠤᠨ ᠡᠷᠭᠢ ᠳᠠᠭᠠᠤ ᠵᠢᠴᠢ ᠰᠠᠯᠪᠤᠷᠢ ᠤᠷᠤᠰᠭᠠᠯ᠎ᠤᠨ ᠰᠠᠪᠠ ᠭᠠᠵᠠᠷ᠎ᠤᠨ ᠤᠰᠤ ᠬᠥᠷᠥᠰᠥ᠍ ᠬᠠᠮᠠᠭᠠᠯᠠᠬᠤ ᠴᠢᠳᠠᠪᠤᠷᠢ᠎ᠶ᠋ᠢ ᠴᠢᠩᠭᠠᠷᠠᠭᠤᠯᠤᠨ᠎ᠠ᠃
ᠬᠠᠳᠤᠨ ᠭᠤᠣᠯ᠎ᠤᠨ ᠡᠷᠬᠢ ᠳᠠᠭᠠᠤ᠎ᠶ᠋ᠢᠨ ᠭᠠᠵᠠᠷ ᠣᠷᠣᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠬᠤᠯᠪᠣᠭᠠᠯᠠᠨ ᠰᠡᠷᠭᠡᠢᠯᠡᠬᠦ᠂ ᠬᠤᠯᠪᠣᠭᠠᠯᠠᠨ ᠡᠵᠡᠮᠳᠡᠬᠦ᠂ ᠬᠤᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠤ᠂ 《ᠬᠦᠬᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠍》 ᠭᠤᠷᠪᠠᠨ ᠶᠡᠭᠡ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠠ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠨ᠎ᠠ᠃
ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠬᠠᠮᠤᠭ᠎ᠤᠨ ᠴᠢᠩᠭ᠎ᠠ ᠳᠦᠷᠢᠮ᠎ᠢ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠱᠢᠬ᠍ᠯᠠᠬᠤ᠂ ᠤᠰᠤ ᠬᠡᠷᠡᠭ᠌ᠯᠡᠬᠦ᠌ ᠦᠷ᠎ᠡ ᠪᠦᠲᠦᠮᠵᠢ᠂ ᠤᠰᠤᠨ᠎ᠤ ᠴᠢᠳᠠᠮᠵᠢᠲᠦ ᠣᠷᠣᠨ᠎ᠤ ᠪᠣᠬᠢᠷᠲᠤᠯ᠎ᠢ ᠬᠢᠵᠠᠭᠠᠷᠯᠠᠬᠤ 《ᠭᠤᠷᠪᠠᠨ ᠤᠯᠠᠭᠠᠨ ᠱᠤᠭᠤᠮ》 ᠢ ᠴᠢᠩᠭ᠎ᠠ ᠰᠠᠬᠢᠵᠤ᠂ ᠲᠠᠬᠢᠨ ᠠᠱᠢᠬ᠍ᠯᠠᠵᠤ ᠪᠤᠯᠬᠤ ᠤᠰᠦ᠂ ᠨᠡᠭᠦᠷᠡᠰᠦᠨ ᠳᠠᠪᠬᠤᠷᠭ᠎ᠠ᠎ᠶ᠋ᠢᠨ ᠤᠰᠤ᠂ ᠪᠣᠷᠣᠭᠠᠨ᠎ᠤ ᠤᠰᠤ᠎ᠶ᠋ᠢ ᠠᠱᠢᠬ᠍ᠯᠠᠬᠤ ᠨᠣᠷᠮ᠎ᠠ᠎ᠶ᠋ᠢ ᠳᠡᠭᠡᠭ᠌ᠰᠢᠯᠡᠭᠦᠯᠦᠨ᠎ᠡ᠃ ᠤᠰᠤᠨ᠎ᠤ ᠬᠡᠮᠵᠢᠶ᠎ᠠ᠎ᠪᠠᠷ ᠬᠤᠲᠠ᠎ᠶ᠋ᠢᠨ ᠪᠦᠳᠦᠭᠡᠨ ᠪᠠᠢᠭᠤᠯᠤᠯᠳᠠ᠎ᠪᠠᠨ ᠲᠣᠭ᠍ᠲᠠᠭᠠᠬᠤ᠂ ᠤᠰᠤᠨ᠎ᠤ ᠬᠡᠮᠵᠢᠶ᠎ᠠ᠎ᠪᠠᠷ ᠭᠠᠵᠠᠷ ᠲᠠᠷᠢᠶ᠎ᠠ᠎ᠪᠠᠨ ᠲᠤᠬ᠍ᠳᠠᠭᠠᠬᠤ᠂ ᠤᠰᠤᠨ᠎ᠤ ᠬᠡᠮᠵᠢᠶ᠎ᠠ᠎ᠪᠠᠷ ᠬᠤᠳᠠ᠎ᠶ᠋ᠢᠨ ᠬᠦᠮᠦᠨ ᠠᠮᠠ᠎ᠶ᠋ᠢᠨ ᠳᠠᠭᠠᠭᠠᠴᠠ᠎ᠶ᠋ᠢ ᠲᠤᠬ᠍ᠳᠠᠭᠠᠬᠤ᠂ ᠤᠰᠤᠨ᠎ᠤ ᠬᠡᠮᠵᠢᠶ᠎ᠠ᠎ᠪᠠᠷ ᠦᠢᠯᠡᠳᠪᠦᠷᠢᠯᠡᠯ᠎ᠢᠶᠠᠨ ᠲᠣᠭ᠍ᠲᠠᠭᠠᠬᠤ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠤᠰᠤ ᠬᠡᠷᠡᠭ᠌ᠯᠡᠬᠦ᠌ ᠠᠷᠭ᠎ᠠ ᠬᠡᠯᠪᠡᠷᠢ᠎ᠶ᠋ᠢ ᠪᠦᠳᠦᠭᠦᠯᠢᠭᠠᠴᠠᠨᠢ ᠠᠷᠪᠢᠴᠢ ᠭᠠᠮᠳᠠᠢ᠎ᠪᠠᠷ ᠡᠷᠴᠢᠮᠵᠢᠭᠦᠯᠤᠨ ᠠᠱᠢᠬ᠍ᠯᠠᠬᠤ ᠲᠡᠢᠰᠢ ᠬᠤᠪᠢᠷᠠᠭᠤᠯᠬᠤ᠎ᠶ᠋ᠢ ᠲᠦᠯᠬᠢᠨ ᠠᠬᠢᠭᠤᠯᠤᠨ᠎ᠠ᠃
ᠤᠰᠤ᠎ᠨᠢ ᠲᠤᠩᠭᠠᠯᠠᠭ ᠳᠡᠨᠵᠢ᠎ᠨᠢ ᠨᠣᠭᠤᠭᠠᠨ᠂ ᠬᠠᠲᠤᠨ ᠭᠤᠣᠯ ᠠᠮᠤᠷ ᠠᠮᠤᠭᠤᠯᠠᠩ᠃ ᠬᠠᠲᠤᠨ ᠭᠤᠣᠯ᠎ᠤᠨ ᠬᠤᠶᠠᠷ ᠡᠷᠭᠢ ᠳᠠᠭᠠᠤ᠂ ᠬᠠᠪᠤᠷ᠎ᠤᠨ ᠲᠦᠯᠬᠢᠭᠡᠨ ᠲᠠᠬᠢᠨᠲᠠ ᠲᠡᠭ᠌ᠳᠡᠵᠦ᠍᠂ ᠦᠷᠨᠢᠨ ᠬᠦᠭ᠌ᠵᠢᠭ᠌ᠰᠡᠨ ᠲᠦᠷᠬᠦ᠌ ᠪᠠᠢᠳᠠᠯ ᠢᠯᠡᠬᠡᠨ᠃

ᠦᠵᠡᠭ᠌ᠳᠡᠯ 1
ᠬᠤᠱᠢᠭᠤ ᠤᠯᠠᠭᠠᠨ ᠴᠠᠬᠤᠯᠠᠢ ᠦᠬᠠᠢ ᠬᠤᠲᠠᠨᠡ ᠬᠤᠷᠭᠤᠲᠠᠨᠡ
ᠬᠠᠪᠤᠷ᠎ᠤᠨ ᠤᠰᠤᠨ᠎ᠤ ᠳᠤᠯᠠᠭᠠᠨ᠎ᠢ ᠴᠠᠬᠤᠯᠠᠶ ᠤᠷᠢᠳ᠎ᠢᠶᠠᠷ ᠮᠡᠳᠡᠨ᠎ᠡ᠃ ᠡᠳᠦᠷ ᠲᠤᠯᠠᠭᠠᠷᠠᠬᠤ᠎ᠶ᠋ᠢ ᠳᠠᠭᠠᠯᠳᠤᠨ᠂ ᠤᠮᠠᠷᠠᠰᠢ ᠪᠤᠴᠠᠬᠤ ᠬᠤᠱᠢᠭᠤ ᠤᠯᠠᠭᠠᠨ ᠴᠠᠬᠤᠯᠠᠢ ᠦᠬᠠᠢ ᠨᠠᠭᠤᠷ᠎ᠲᠤ ᠳᠠᠬᠢᠨᠲᠠ ᠰᠠᠭᠠᠳᠠᠬ᠍ᠰᠡᠨ ᠪᠠᠢᠨ᠎ᠡ᠃ ᠡᠨᠡ ᠪᠣᠯ ᠬᠤᠱᠢᠭᠤ ᠤᠯᠠᠭᠠᠨ ᠴᠠᠬᠤᠯᠠᠢ ᠬᠢᠭᠡᠳ ᠦᠬᠠᠢ ᠨᠠᠭᠤᠷ᠎ᠤᠨ ᠲᠦᠷᠪᠡᠳᠡᠬᠢ ᠠᠭᠤᠯᠵᠠᠯᠲᠠ ᠪᠤᠯᠤᠨ᠎ᠡ᠃ ᠤᠢ᠍ᠢᠷ᠎ᠠ᠎ᠶ᠋ᠢᠨ ᠬᠡᠳᠦᠨ ᠵᠢᠯ᠎ᠳᠤ᠂ ᠦᠬᠠᠢ ᠬᠤᠲᠠ᠎ᠶ᠋ᠢᠨ ᠠᠮᠢ ᠠᠬᠤᠢ ᠣᠷᠴᠢᠨ ᠲᠣᠭᠤᠷᠢᠨ᠎ᠤ ᠰᠠᠢᠵᠢᠷᠠᠯᠳᠠ᠎ᠶ᠋ᠢ ᠲᠠᠭᠠᠯᠳᠤᠨ᠂ ᠦᠬᠠᠢ ᠨᠠᠭᠤᠷ᠎ᠨᠢ ᠬᠤᠱᠢᠭᠤ ᠤᠯᠠᠭᠠᠨ ᠴᠠᠬᠤᠯᠠᠢ ᠮᠡᠲᠦ᠎ᠶ᠋ᠢᠨ ᠤᠯᠠᠨ ᠱᠢᠪᠠᠭᠤᠳ᠎ᠤᠨ ᠴᠡᠩᠭᠡᠯ᠎ᠤᠨ ᠤᠷᠤᠨ ᠪᠤᠯᠤᠬ᠍ᠰᠡᠨ ᠪᠠᠢᠨ᠎ᠡ᠃ ᠵᠢᠯ ᠪᠦᠷᠢ᠎ᠶ᠋ᠢᠨ 3 ᠰᠠᠷ᠎ᠠ᠎ᠶ᠋ᠢᠨ ᠳᠤᠮᠳᠠᠴᠢ ᠪᠠ 11 ᠰᠠᠷ᠎ᠠ᠎ᠶ᠋ᠢᠨ ᠡᠬᠢᠳᠤ ᠪᠠᠷᠤᠭ 60 ᠭᠠᠷᠤᠶ ᠲᠥᠷᠥᠯ᠎ᠤᠨ᠂ 10 ᠲᠦᠮᠡ ᠭᠠᠷᠤᠶ ᠱᠢᠪᠠᠭᠤᠳ ᠦᠬᠠᠶ ᠨᠠᠭᠤᠷ᠎ᠲᠤ ᠢᠷᠡᠵᠦ᠍ ᠦᠷᠡᠵᠢᠨ ᠲᠦᠯᠵᠢᠳᠡᠭ ᠶᠤᠮᠰᠠᠨ᠃
ᠤᠯᠠᠨ ᠵᠢᠯ᠎ᠤᠨ ᠲᠤᠷᠰᠢ᠂ ᠦᠬᠠᠢ ᠬᠤᠲᠠ ᠭᠠᠨᠳᠡᠷᠢ ᠠᠭᠤᠯᠠ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠤ ᠦᠵᠡᠮᠵᠢ᠎ᠶ᠋ᠢᠨ ᠣᠷᠣᠨ᠂ ᠪᠡᠭᠡᠵᠢᠩ — ᠲᠥᠪᠡᠳ ᠬᠦ᠍ᠷᠭᠦ᠌ ᠲᠦᠷᠭᠡᠨ᠎ᠤ ᠵᠠᠰᠠᠮᠠᠯ ᠵᠠᠮ᠂ ᠬᠠᠢᠷᠤᠪ᠎ᠤᠨ ᠲᠤᠬᠤᠢ ᠲᠤᠭᠤᠷᠢᠭ᠎ᠤᠨ ᠵᠡᠭᠦᠨ ᠠᠭᠤᠯᠠ᠂ ᠤᠳᠠ᠎ᠶ᠋ᠢᠨ ᠲᠤᠬᠤᠢ ᠲᠤᠭᠤᠷᠢᠭ᠎ᠤᠨ ᠪᠠᠷᠠᠭᠤᠨ ᠠᠭᠤᠯᠠ᠂ ᠬᠠᠢᠨᠠᠨ ᠲᠤᠭᠤᠷᠢᠭ᠎ᠢ ᠲᠣᠭᠤᠷᠢᠭ᠍ᠰᠠᠨ ᠨᠣᠭᠤᠭᠠᠷᠠᠭᠤᠯᠤᠯᠲᠠ ᠵᠡᠷᠭᠡ ᠨᠢᠭᠡ ᠪᠦᠯᠦᠭ ᠭᠤᠣᠯᠳᠠᠯᠭ᠎ᠠ᠎ᠲᠠᠢ ᠤᠢ ᠱᠢᠭᠤᠢ᠎ᠶ᠋ᠢᠨ ᠠᠮᠢ ᠠᠬᠤᠢ᠎ᠶ᠋ᠢᠨ ᠢᠨᠵᠧᠨᠧᠷᠢᠩ᠎ᠢ ᠠᠷᠤ ᠠᠷᠤ᠎ᠠᠴᠠ᠎ᠨᠢ ᠡᠬᠢᠯᠡᠨ ᠬᠡᠷᠡᠭ᠌ᠵᠢᠭᠦᠯᠪᠡ᠃ 40 ᠭᠠᠷᠤᠶ ᠵᠢᠯ᠎ᠤᠨ ᠵᠠᠰᠠᠯᠲᠠ᠎ᠪᠠᠷ ᠳᠠᠮᠵᠢᠭᠠᠳ᠂ ᠦᠬᠠᠢ ᠬᠤᠲᠠ ᠱᠢᠭᠤᠢ᠍ᠢᠲᠦ ᠭᠠᠵᠠᠷ᠎ᠤᠨ ᠲᠠᠯᠠᠪᠠᠢ ᠨᠡᠮᠡᠭ᠌ᠳᠡᠵᠤ᠂ ᠤᠷᠭᠤᠮᠠᠯ᠎ᠤᠨ ᠪᠦᠷᠬᠦᠴᠡ ᠲᠠᠰᠤᠷᠠᠯᠲᠠ ᠦᠭᠡᠢ ᠰᠠᠢᠵᠢᠷᠠᠨ᠂ ᠤᠯᠠᠭᠠᠨᠪᠤᠬ᠎ᠠ᠎ᠶ᠋ᠢᠨ ᠡᠯᠡᠰᠦ᠎ᠶ᠋ᠢᠨ ᠵᠡᠭᠦᠨᠰᠢ ᠲᠦᠷᠢᠵᠦ᠍ ᠡᠮᠦᠨᠡᠰᠢ ᠱᠢᠯᠵᠢᠬᠦ᠌ ᠬᠤᠷᠳᠤᠴᠠ᠎ᠶ᠋ᠢ ᠪᠦᠲᠦᠮᠵᠢᠲᠡᠶ ᠤᠳᠠᠭᠠᠱᠢᠷᠠᠭᠤᠯᠵᠤ᠂ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠪᠦᠲᠦᠮᠵᠢᠲᠡᠶ ᠬᠠᠮᠠᠭᠠᠯᠠᠵᠦ᠍ ᠴᠢᠳᠠᠬ᠍ᠰᠡᠨ ᠪᠠᠢᠨ᠎ᠡ᠃ ᠡᠳᠦᠭᠡ᠂ ᠦᠬᠠᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠣᠭᠤᠷᠢᠭ᠎ᠤᠨ ᠨᠣᠭᠤᠭᠠᠷᠠᠭᠤᠯᠤᠯᠲᠠ᠎ᠶ᠋ᠢᠨ ᠪᠦᠷᠬᠦᠴᠡ᠎ᠶ᠋ᠢᠨ ᠨᠤᠷᠮ᠎ᠠ 43% ᠳᠤ ᠬᠦᠷᠴᠦ᠍᠂ ᠬᠥᠮᠦᠨ ᠳᠤᠮᠳᠠᠴᠢ᠎ᠳᠤ ᠨᠤᠬ᠍ᠳᠠᠬᠤ ᠴᠡᠴᠡᠷᠯᠢᠭ᠎ᠤᠨ ᠨᠣᠭᠤᠭᠠᠷᠠᠭᠤᠯᠤᠯᠲᠠ᠎ᠶ᠋ᠢᠨ ᠲᠠᠯᠠᠪᠠᠢ 19.5 ᠲᠡᠭ᠌ᠰᠢ ᠳᠥᠷᠪᠡᠯᠵᠢᠨ ᠮᠧᠲᠷ᠎ᠲᠤ ᠬᠦᠷᠴᠦ᠍᠂ ᠪᠦᠬᠦ᠌ ᠤᠯᠤᠰ᠎ᠤᠨ ᠨᠣᠭᠤᠭᠠᠷᠠᠭᠤᠯᠤᠯᠲᠠ᠎ᠶ᠋ᠢᠨ ᠵᠢᠱ᠌ᠢᠶᠡᠴᠢ ᠬᠤᠳᠠ᠂ ᠤᠯᠤᠰ᠎ᠤᠨ ᠴᠡᠴᠡᠷᠯᠢᠭ᠌ᠵᠢᠭ᠌ᠰᠡᠨ ᠬᠤᠳᠠ᠎ᠶ᠋ᠢᠨ ᠡᠩᠨᠡᠭᠡᠨ᠎ᠳᠤ ᠠᠮᠵᠢᠯᠲᠠ᠎ᠲᠠᠢ ᠤᠷᠤᠪᠠ᠃
ᠦᠬᠠᠢ ᠬᠤᠲᠠ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠪᠥᠬᠦ᠌ ᠲᠠᠯ᠎ᠠ᠎ᠪᠠᠷ ᠴᠢᠩᠭᠠᠳᠭᠠᠵᠤ᠂ ᠠᠩᠬᠠᠳᠠᠭ᠍ᠴᠢ ᠤᠷᠤᠨ ᠨᠤᠲᠤᠭ᠎ᠤᠨ ᠴᠢᠨᠠᠷᠲᠠᠢ ᠬᠠᠤᠯᠢ ᠲᠤᠬ᠍ᠲᠠᠭᠠᠯ 《ᠦᠬᠠᠢ ᠬᠤᠲᠠ᠎ᠶ᠋ᠢᠨ ᠬᠠᠢᠷᠤᠪ᠎ᠤᠨ ᠲᠤᠬᠤᠢ᠎ᠶ᠋ᠢᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠬᠠᠮᠠᠭᠠᠯᠠᠯᠲᠠ᠎ᠶ᠋ᠢᠨ ᠲᠦᠷᠢᠮ》 ᠢ ᠲᠣᠭ᠍ᠲᠠᠭᠠᠪᠠ᠃ ᠡᠭᠦᠨ᠎ᠤ ᠬᠠᠮᠲᠤ᠌᠂ ᠦᠬᠠᠢ ᠬᠤᠳᠠ᠎ᠶ᠋ᠢᠨ᠎ᠬᠢᠨ ᠠᠵᠤ ᠦᠢᠯᠡᠳᠪᠦᠷᠢ᠎ᠶ᠋ᠢᠨ ᠪᠣᠬᠢᠷ ᠤᠰᠤ᠂ ᠠᠮᠢᠳᠤᠷᠠᠯ᠎ᠤᠨ ᠪᠣᠬᠢᠷ ᠤᠰᠤ᠎ᠶ᠋ᠢ ᠲᠥᠪᠯᠡᠷᠡᠭᠦᠯᠦᠨ ᠱᠢᠢᠳᠪᠦᠷᠢᠯᠡᠵᠦ᠍᠂ ᠡᠯ᠎ᠡ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠤ ᠪᠣᠬᠢᠷ ᠤᠰᠤ ᠱᠢᠢᠳᠪᠦᠷᠢᠯᠡᠬᠦ᠌ ᠦᠢᠯᠡᠳᠪᠦᠷᠢ ᠪᠠᠢᠭᠤᠯᠵᠤ᠂ ᠠᠵᠤ ᠦᠢᠯᠡᠳᠪᠦᠷᠢ᠎ᠶ᠋ᠢᠨ ᠪᠣᠬᠢᠷ ᠤᠰᠤ᠎ᠶ᠋ᠢ ᠪᠠᠷᠢᠮᠵᠢᠶ᠎ᠠ᠎ᠳᠤ ᠬᠦᠷᠭᠡᠵᠦ᠍ ᠭᠠᠳᠠᠭ᠍ᠰᠢᠯᠠᠭᠤᠯᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃

ᠦᠵᠡᠭ᠌ᠳᠡᠯ 2
ᠭᠤᠤᠯ᠎ᠤᠨ ᠳᠡᠨᠵᠢᠨ᠎ᠳᠤ ᠡᠯᠡᠰᠦᠨ᠎ᠤ ᠵᠠᠬ᠎ᠠ᠎ᠳᠤ ᠵᠢᠷᠭᠠᠯᠳᠤ ᠠᠮᠢᠳᠤᠷᠠᠯ ᠴᠤᠬ᠍ᠴᠠᠯᠠᠬ᠍ᠳᠠᠨᠡ
2020 ᠣᠨ᠎ᠳᠤ᠂ ᠣᠷᠳᠣᠰ ᠬᠤᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠲᠦᠷᠦᠭᠦᠯᠡᠨ ᠬᠤᠸᠠᠩ ᠵᠢᠶᠧ ᠬᠤᠤ ᠭᠠᠴᠠᠭ᠎ᠠ᠎ᠶ᠋ᠢᠨ 《ᠡᠯᠡᠰᠦ ᠮᠠᠩᠬ᠎ᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠴᠥᠭᠦᠷᠥᠮ ᠨᠤᠳᠤᠭ ᠪᠡᠯᠴᠢᠭᠡᠷ》 ᠢ ᠶᠡᠷᠦᠩᠬᠡᠢᠯᠡᠨ ᠵᠠᠰᠠᠬᠤ ᠲᠥᠷᠥᠯ ᠵᠦᠢᠯ᠎ᠢ ᠲᠥᠯᠥᠪᠵᠢᠭᠦᠯᠦᠨ ᠬᠡᠷᠡᠭ᠌ᠵᠢᠭᠦᠯᠵᠦ᠍᠂ ᠲᠥᠷᠥᠯ ᠵᠦᠢᠯ᠎ᠤᠨ ᠶᠡᠷᠦᠩᠬᠡᠢ ᠲᠠᠯᠠᠪᠠᠢ 8.5 ᠲᠦᠮᠡᠨ ᠮᠥ᠍᠂ ᠶᠡᠷᠦᠩᠬᠡᠢ ᠪᠡᠯᠡ ᠣᠷᠤᠭᠤᠯᠤᠯᠲᠠ 2.2 ᠳ᠋ᠦᠩᠱᠢᠭᠤᠷ ᠲᠥᠭᠦᠷᠢᠭ᠎ᠲᠤ ᠬᠥᠷᠪᠡ᠃ ᠲᠤᠰ ᠲᠦᠷᠦᠯ ᠵᠦᠢᠯ᠎ᠨᠢ ᠭᠤᠤᠯᠳᠠᠭᠤ ᠬᠠᠳᠤᠨ ᠭᠤᠣᠯ ᠳᠠᠭᠠᠤ᠎ᠶ᠋ᠢ ᠨᠤᠭᠤᠭᠠᠷᠠᠭᠤᠯᠵᠤ᠂ ᠬᠠᠳᠤᠨ ᠭᠤᠣᠯ ᠳᠠᠭᠠᠤ᠎ᠶ᠋ᠢᠨ ᠭᠠᠵᠠᠷ ᠣᠷᠣᠨ᠎ᠤ ᠠᠵᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠤᠨ᠎ᠠ᠃ ᠬᠠᠩᠭᠢᠨ ᠬᠤᠱᠢᠭᠤᠨ᠎ᠤ ᠵᠢᠷᠭᠠᠯᠠᠩᠲᠦ ᠪᠠᠯᠭᠠᠰᠦ᠎ᠶ᠋ᠢᠨ ᠬᠤᠸᠠᠩ ᠵᠢᠶᠧ ᠬᠤᠤ ᠭᠠᠴᠠᠭᠠᠨ᠎ᠤ ᠲᠤᠳᠦᠪᠢᠯᠢᠭ ᠪᠣᠯ ᠳᠠᠷᠤᠢ ᠲᠤᠰ ᠲᠦᠷᠦᠯ ᠵᠦᠢᠯ᠎ᠤᠨ ᠠᠱᠢᠭ ᠬᠦᠷᠳᠡᠭ᠌ᠴᠢ᠎ᠶ᠋ᠢᠨ ᠨᠢᠭᠡ᠎ᠨᠢ ᠪᠣᠯᠤᠨ᠎ᠠ᠃ 《ᠵᠠᠰᠠᠭ᠎ᠤᠨ ᠣᠷᠳᠣᠨ᠎ᠠᠴᠠ ᠨᠢᠭᠡᠳᠦᠯᠲᠡᠢ ᠲᠥᠯᠥᠪᠵᠢᠭᠦᠯᠦᠨ ᠬᠡᠷᠡᠭ᠌ᠵᠢᠭᠦᠯᠦᠭ᠌ᠰᠡᠨ ᠡᠳᠡᠭᠡᠷ ᠲᠦᠷᠦᠯ ᠵᠦᠢᠯ᠎ᠨᠢ ᠡᠯᠡᠰᠦ ᠮᠠᠩᠬᠠᠨ᠎ᠤ ᠵᠠᠬ᠎ᠠ᠎ᠪᠠᠷ ᠨᠠᠭᠤᠷ᠎ᠤᠨ ᠬᠥᠪᠡᠭᠡ᠎ᠪᠠᠷ ᠠᠮᠢᠳᠤᠷᠠᠵᠤ ᠪᠠᠢᠭ᠎ᠠ ᠮᠠᠨ᠎ᠤ ᠮᠠᠯᠴᠢᠨ ᠲᠠᠷᠢᠶᠠᠴᠢᠨ᠎ᠢ ᠪᠠᠶᠠᠵᠢᠯ᠎ᠤᠨ ᠵᠠᠮ᠎ᠢᠶᠠᠷ ᠵᠠᠮᠨᠠᠭᠤᠯᠵᠠᠢ》 ᠭᠡᠵᠦ᠍ ᠲᠤᠳᠦᠪᠢᠯᠢᠭ ᠶᠠᠷᠢᠨ᠎ᠡ᠃
ᠬᠠᠷᠢᠯᠴᠠᠨ ᠬᠠᠮᠵᠢᠯᠴᠠᠵᠤ ᠬᠠᠷᠢᠯᠴᠠᠨ ᠬᠠᠪᠰᠤᠷᠤᠯᠴᠠᠵᠦ᠍᠂ ᠥᠨᠳᠥᠷ ᠪᠦᠲᠦᠮᠵᠢᠲᠡᠢ᠎ᠪᠠᠷ ᠵᠠᠰᠠᠬᠤ ᠪᠣᠯ ᠬᠠᠩᠭᠢᠨ ᠬᠤᠱᠢᠭᠤᠨ᠎ᠤ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠭᠤᠣᠯ ᠰᠡᠳᠭᠢᠴᠡ ᠪᠣᠯᠤᠨ᠎ᠠ᠃ ᠬᠠᠩᠭᠢᠨ ᠬᠤᠱᠢᠭᠤ ᠬᠠᠲᠤᠨ ᠭᠤᠣᠯ᠎ᠤᠨ ᠮᠦᠰᠦ ᠴᠠᠰᠤᠨ᠎ᠤ ᠬᠠᠢᠯᠤᠮᠠᠯᠢ ᠬᠥᠪᠴᠢ᠎ᠶ᠋ᠢᠨ ᠡᠯᠡᠰᠦᠨ᠎ᠳᠤ ᠣᠷᠣᠭᠤᠯᠵᠤ᠂ 《ᠤᠰᠤᠨ᠎ᠤ ᠠᠮᠢ ᠠᠬᠤᠢ》 ᠶ᠋ᠢᠨ ᠵᠠᠰᠠᠯᠲᠠ᠎ᠶ᠋ᠢᠨ ᠣᠷᠣᠨ᠎ᠢ ᠪᠠᠢᠭᠤᠯᠤᠬ᠍ᠰᠡᠨ᠎ᠠᠴᠠ᠂ ᠡᠵᠢ ᠭᠤᠣᠯ᠎ᠨᠢ ᠠᠷᠠᠳ ᠲᠦᠮᠡᠨ᠎ᠳᠤ ᠪᠤᠶᠠᠨ ᠦᠢᠯᠡᠳᠬᠦ᠌ ᠵᠣᠯ ᠵᠢᠷᠭᠠᠯᠲᠤ ᠭᠤᠣᠯ ᠪᠤᠯᠤᠬ᠍ᠰᠡᠨ ᠠᠵᠢ᠃
《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ》 ᠳᠤ᠂ ᠬᠠᠲᠤᠨ ᠭᠤᠤᠯ᠎ᠤᠨ ᠠᠮᠢ ᠠᠬᠤᠶ᠎ᠶ᠋ᠢᠨ ᠪᠦᠰᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠶᠡᠭᠡ᠎ᠪᠠᠷ ᠳᠥᠯᠭᠢᠨ ᠠᠬᠢᠭᠤᠯᠵᠤ᠂ ᠤᠰᠤᠨ᠎ᠤ ᠣᠷᠴᠢᠨ ᠲᠣᠭᠤᠷᠢᠨ᠂ ᠤᠰᠤᠨ᠎ᠤ ᠠᠮᠢ ᠠᠬᠤᠶ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠤᠷ ᠲᠦᠪᠱᠢᠨ᠂ ᠤᠰᠤᠨ᠎ᠤ ᠰᠣᠶᠣᠯ᠎ᠢ ᠨᠢᠭᠡᠳᠦᠯᠲᠡᠶ ᠲᠥᠯᠥᠪᠯᠡᠨ᠂ ᠤᠰᠤ ᠬᠦᠷᠦᠰᠤ᠎ᠶ᠋ᠢ ᠬᠠᠮᠠᠭᠠᠯᠠᠬᠤ ᠠᠵᠢᠯ᠎ᠢ ᠰᠠᠢᠲᠤᠷ ᠠᠳᠭᠤᠵᠤ᠂ ᠨᠢᠭᠡ ᠭᠤᠤᠯ ᠨᠢᠭᠡ ᠠᠷᠭ᠎ᠠ ᠪᠣᠳᠣᠯᠭ᠎ᠠ᠎ᠪᠠᠷ ᠭᠤᠤᠯ ᠮᠥᠷᠡᠨ ᠨᠠᠭᠤᠷ ᠴᠥᠭᠦᠷᠥᠮ᠎ᠢ ᠵᠠᠰᠠᠬᠤ ᠪᠤᠭᠤᠮᠲᠠ ᠱᠢᠪᠲᠤᠯᠬᠤ ᠳᠠᠢᠯᠠᠯᠳᠤᠭᠠᠨ᠎ᠢ ᠰᠠᠢᠳᠤᠷ ᠬᠢᠵᠦ᠍᠂ ᠭᠤᠤᠯ ᠤᠷᠤᠰᠭᠠᠯ ᠰᠠᠯᠪᠤᠷᠢ ᠤᠷᠤᠰᠭᠠᠯ᠎ᠢ ᠨᠢᠭᠡ ᠴᠤᠭ᠍ᠴᠠᠵᠢᠭᠤᠯᠤᠨ ᠵᠠᠰᠠᠬᠤ᠎ᠶ᠋ᠢ ᠳᠥᠯᠭᠢᠨ ᠠᠬᠢᠭᠤᠯᠵᠤ᠂ ᠭᠤᠤᠯ᠎ᠤᠨ ᠵᠠᠮ ᠪᠠ ᠲᠠᠩ ᠭᠠᠵᠠᠷ᠎ᠢ ᠶᠡᠷᠦᠩᠬᠡᠢᠯᠡᠨ ᠳᠡᠰ ᠲᠡᠪᠱᠢᠭᠦᠯᠤᠨ ᠵᠠᠰᠠᠬᠤ ᠢᠨᠵᠧᠨᠧᠷᠢᠩ᠎ᠢ ᠬᠡᠷᠡᠭ᠌ᠵᠢᠭᠦᠯᠦᠨ᠂ ᠤᠰᠤ ᠡᠯᠡᠰᠦ᠎ᠶ᠋ᠢ ᠲᠣᠬᠢᠷᠠᠭᠤᠯᠤᠨ ᠡᠵᠡᠮᠳᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠰᠤ᠎ᠪᠠᠷ ᠬᠢᠵᠠᠭᠠᠷᠯᠠᠯ ᠪᠣᠯᠭᠠᠨ ᠬᠥᠮᠦᠨ ᠠᠮᠠ᠂ ᠬᠤᠲᠠ ᠪᠠᠯᠭᠠᠰᠤ ᠪᠠ ᠠᠵᠤ ᠦᠢᠯᠡᠰ᠎ᠤᠨ ᠬᠥᠭ᠌ᠵᠢᠯᠲᠡ᠎ᠶ᠋ᠢ ᠵᠦᠶ ᠵᠣᠬᠢᠰᠲᠠᠶ ᠲᠥᠯᠥᠪᠵᠢᠭᠦᠯᠬᠦ᠌ ᠬᠡᠷᠡᠭ᠌ᠲᠡᠢ ᠭᠡᠵᠦ᠍ ᠲᠤᠳᠤᠷᠬᠠᠢ ᠱᠠᠭᠠᠷᠳᠠᠬ᠍ᠰᠡᠨ ᠪᠠᠢᠨ᠎ᠡ᠃
ᠤᠰᠤ᠎ᠨᠢ ᠲᠤᠩᠭᠠᠯᠠᠭ ᠳᠡᠨᠵᠢ᠎ᠨᠢ ᠨᠣᠭᠤᠭᠠᠨ᠂ ᠬᠠᠲᠤᠨ ᠭᠤᠣᠯ ᠠᠮᠤᠷ ᠠᠮᠤᠭᠤᠯᠠᠩ᠃ ᠪᠣᠬᠢᠷᠲᠤᠯ ᠦᠭᠡᠢ ᠬᠥᠭ᠌ᠵᠢᠯᠲᠡ᠎ᠶ᠋ᠢᠨ ᠤᠬᠠᠮᠰᠠᠷ ᠬᠠᠲᠤᠨ ᠭᠤᠣᠯ᠎ᠤᠨ ᠡᠷᠭᠢ ᠳᠠᠭᠠᠤ᠎ᠶ᠋ᠢᠨ ᠬᠥᠮᠦᠰ᠎ᠤᠨ ᠰᠡᠳᠭᠢᠯ᠎ᠳᠤ ᠭᠦᠨ ᠬᠠᠳᠠᠩᠱᠢᠵᠦ᠍᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠮ ᠶᠠᠪᠤᠬᠤ ᠲᠤᠳᠤᠮ ᠥᠷᠭᠡᠨ ᠳᠠᠷᠳᠠᠩ ᠪᠤᠯᠵᠤ ᠪᠠᠢᠨ᠎ᠠ᠃