ᠳᠤᠰᠭᠠᠢ ᠮᠡᠷᠬᠡᠵᠢᠯᠳᠡᠨ᠎ᠤ ᠦᠨᠡᠯᠡᠯᠳᠡ
ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠪᠣᠯ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠠᠴᠠ ᠲᠣᠭ᠍ᠲᠠᠭᠠᠭ᠍ᠰᠠᠨ ᠴᠢᠬᠤᠯᠠ ᠶᠡᠭᠡ ᠤᠯᠤᠰ᠎ᠤᠨ ᠪᠠᠢᠯᠳᠤᠬᠤ ᠪᠤᠳᠤᠯᠭ᠎ᠠ ᠪᠣᠯᠤᠨ᠎ᠠ᠃ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠨᠢ ᠦᠪᠦᠷ ᠮᠤᠩᠭᠤᠯ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠠᠢ ᠱᠢᠭᠤᠳ ᠬᠤᠯᠪᠣᠭ᠍ᠳᠠᠵᠤ ᠪᠠᠢᠳᠠᠭ᠃
ᠶᠡᠷᠦᠩᠬᠡᠶ ᠱᠦᠵᠢ ᠰᠢ᠎ᠶ᠋ᠢᠨ ᠫᠢᠩ᠄ 《ᠬᠠᠲᠤᠨ ᠭᠤᠣᠯ᠎ᠢ ᠵᠠᠰᠠᠬᠤ᠎ᠳᠤ ᠭᠤᠤᠯᠳᠠᠯᠭ᠎ᠠ᠎ᠨᠢ ᠬᠠᠮᠠᠭᠠᠯᠠᠬᠤ᠎ᠳᠤ ᠪᠤᠢ᠂ ᠵᠠᠩᠬᠢᠯᠠᠭ᠎ᠠ᠎ᠨᠢ ᠵᠠᠰᠠᠬᠤ᠎ᠳᠤ ᠪᠤᠢ》 ᠭᠡᠵᠦ᠍ ᠵᠢᠭᠠᠵᠤ ᠭᠠᠷᠭᠠᠪᠠ᠃ ᠬᠠᠲᠤᠨ ᠭᠤᠣᠯ᠎ᠤᠨ ᠰᠠᠪᠠ ᠭᠠᠵᠠᠷ᠎ᠤᠨ ᠦᠪᠦᠷ ᠮᠤᠩᠭᠤᠯ᠎ᠳᠠᠬᠢ ᠬᠡᠰᠡᠭ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ ᠪᠣᠯᠤᠨ ᠵᠠᠰᠠᠯᠲᠠ᠎ᠶ᠋ᠢᠨ ᠡᠭᠦᠷᠭᠡ ᠬᠦᠨᠳᠦ ᠵᠠᠮ ᠬᠤᠯᠠ ᠪᠠᠢᠨ᠎ᠠ᠂ ᠪᠢᠳᠡ ᠤᠬᠠᠮᠰᠠᠷ᠎ᠠᠴᠠ᠎ᠪᠠᠨ ᠪᠦᠬᠦ᠌ ᠤᠯᠤᠰ᠎ᠤᠨ ᠶᠡᠭᠡ ᠲᠠᠯ᠎ᠠ᠎ᠶ᠋ᠢ ᠲᠠᠭᠠᠵᠦ᠍᠂ ᠤᠯᠤᠰ᠎ᠤᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠵᠦ᠍᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠲᠡᠷᠢᠭᠦᠨ᠎ᠳᠤ ᠲᠠᠯᠪᠢᠵᠤ᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠢ ᠦᠨᠡᠨ ᠬᠦ᠌ ᠰᠠᠢᠲᠤᠷ ᠬᠠᠮᠠᠭᠠᠯᠠᠬᠤ ᠬᠡᠷᠡᠭ᠌ᠲᠡᠢ᠃ ᠬᠠᠳᠤᠨ ᠭᠤᠣᠯ᠎ᠤᠨ ᠠᠮᠢ ᠠᠬᠤᠶ᠎ᠶ᠋ᠢᠨ ᠪᠦᠰᠡ᠎ᠶ᠋ᠢᠨ ᠪᠥᠳᠥᠭᠡᠨ ᠪᠠᠢᠭᠤᠯᠤᠯᠲᠠ᠎ᠶ᠋ᠢ ᠶᠡᠭᠡ᠎ᠪᠠᠷ ᠲᠥᠯᠬᠢᠨ ᠠᠬᠢᠭᠤᠯᠵᠤ᠂ ᠠᠶᠠᠨᠳᠠᠭᠠᠨ᠎ᠤ ᠰᠡᠷᠭᠦᠭᠡᠯᠲᠡ᠎ᠪᠠᠷ ᠭᠤᠣᠯ ᠪᠣᠯᠭᠠᠬᠤ᠎ᠶ᠋ᠢ ᠪᠠᠷᠢᠮᠲᠠᠯᠠᠨ᠂ ᠬᠠᠲᠤᠨ ᠭᠤᠣᠯ᠎ᠤᠨ ᠰᠠᠪᠠ ᠭᠠᠵᠠᠷ᠎ᠤᠨ ᠤᠯᠤᠰ᠎ᠤᠨ ᠭᠠᠵᠠᠷ ᠱᠢᠷᠣᠶ᠎ᠶ᠋ᠢ ᠨᠣᠭᠤᠭᠠᠷᠠᠭᠤᠯᠬᠤ ᠠᠵᠢᠯᠯᠠᠭ᠎ᠠ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠤᠰᠤᠨ᠎ᠤ ᠣᠷᠴᠢᠨ ᠲᠣᠭᠤᠷᠢᠨ᠂ ᠤᠰᠤᠨ᠎ᠤ ᠠᠮᠢ ᠠᠬᠤᠶ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠤᠷ ᠲᠦᠪᠱᠢᠨ᠂ ᠤᠰᠤᠨ᠎ᠤ ᠰᠣᠶᠣᠯ᠎ᠢ ᠨᠢᠭᠡᠳᠦᠯᠲᠡᠶ ᠲᠥᠯᠥᠪᠵᠢᠭᠦᠯᠦᠨ᠂ ᠤᠰᠤ ᠬᠦᠷᠦᠰᠤ᠎ᠶ᠋ᠢ ᠬᠠᠮᠠᠭᠠᠯᠠᠬᠤ᠎ᠶ᠋ᠢ ᠰᠠᠢᠲᠤᠷ ᠠᠳᠭᠤᠵᠤ᠂ ᠬᠠᠳᠤᠨ ᠭᠤᠣᠯ᠎ᠤᠨ ᠡᠷᠭᠢ ᠳᠠᠭᠠᠤ ᠬᠢᠭᠡᠳ ᠰᠠᠯᠪᠤᠷᠢ ᠤᠷᠤᠰᠭᠠᠯ᠎ᠤᠨ ᠰᠠᠪᠠ ᠭᠠᠵᠠᠷ᠎ᠤᠨ ᠤᠰᠤ ᠬᠦᠷᠦᠰᠤ᠎ᠶ᠋ᠢ ᠬᠠᠮᠠᠭᠠᠯᠠᠬᠤ ᠴᠢᠳᠠᠪᠤᠷᠢ᠎ᠪᠠᠨ ᠨᠡᠮᠡᠭ᠌ᠳᠡᠭᠦᠯᠦᠨ᠂ ᠬᠠᠳᠤᠨ ᠭᠤᠣᠯ ᠳᠠᠭᠠᠤ᠎ᠶ᠋ᠢᠨ ᠠᠮᠢ ᠠᠬᠤᠶ᠎ᠶ᠋ᠢᠨ ᠬᠤᠩᠬᠢᠯ᠎ᠢ ᠴᠢᠨᠠᠷ ᠰᠠᠢᠲᠠᠶ ᠪᠥᠳᠥᠭᠡᠨ ᠪᠠᠢᠭᠤᠯᠬᠤ ᠬᠡᠷᠡᠭ᠌ᠲᠡᠶ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号