ᠤᠯᠠᠭᠠᠠᠬᠠᠳᠡ ᠬᠠᠪᠤᠷ᠎ᠤᠨ ᠣᠢᠵᠢᠭᠤᠯᠤᠯᠲᠠ᠎ᠶ᠋ᠢ 5.46 ᠲᠦᠮᠡᠨ ᠮᠥ᠍ ᠪᠡᠶᠡᠯᠡᠭᠦᠯᠪᠠ
2021-04-18 20:53:46
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆


ᠲᠦᠮᠡᠨ ᠪᠣᠳᠠᠰ ᠲᠥᠯᠵᠢᠨ ᠠᠮᠢᠯᠠᠵᠤ᠂ ᠮᠣᠳᠣ ᠳᠠᠷᠢᠬᠤ ᠤᠯᠠᠷᠢᠯ ᠬᠦᠷᠴᠦ᠍ ᠢᠷᠡᠯ᠎ᠡ᠃ ᠡᠨᠡ ᠵᠢᠯ ᠪᠣᠯ ᠪᠦᠬᠦ᠌ ᠤᠯᠤᠰ᠎ᠤᠨ ᠪᠦᠬᠦ᠌ ᠠᠷᠠᠳ᠎ᠢᠶᠠᠷ᠎ᠢᠶᠠᠨ ᠠᠯᠪᠠᠨ ᠵᠢᠷᠤᠮ᠎ᠤᠨ ᠤᠢ᠍ᠢᠵᠢᠭᠤᠯᠤᠯᠲᠠ ᠬᠢᠬᠦ᠌ 40 ᠵᠢᠯ᠎ᠤᠨ ᠤᠢ ᠪᠣᠯᠤᠨ᠎ᠠ᠃ 4 ᠰᠠᠷ᠎ᠠ᠎ᠶ᠋ᠢᠨ 15 ᠎ᠤ ᠡᠳᠦᠷ᠂ ᠤᠯᠠᠭᠠᠨᠬᠠᠳᠠ ᠬᠤᠳᠠ᠎ᠶ᠋ᠢᠨ ᠨᠠᠮ ᠵᠠᠰᠠᠭ᠎ᠤᠨ ᠤᠳᠤᠷᠢᠳᠤᠯᠭ᠎ᠠ ᠬᠤᠩᠱᠠᠨ ᠲᠣᠭᠤᠷᠢᠭ᠎ᠤᠨ ᠸᠧᠨ ᠵᠦᠩ ᠪᠠᠯᠭᠠᠰᠤᠨ᠎ᠤ ᠰᠠᠨ ᠳ᠋ᠤᠤ ᠵᠢᠩ ᠽᠢ ᠲᠣᠰᠭᠤᠨ᠎ᠤ ᠳ᠋ᠦᠩ ᠯᠢᠶᠠᠩ᠎ᠳᠠᠬᠢ ᠠᠯᠪᠠᠨ ᠵᠢᠷᠤᠮ᠎ᠤᠨ ᠤᠢ᠍ᠢᠵᠢᠭᠤᠯᠤᠯᠲᠠ᠎ᠶ᠋ᠢᠨ ᠰᠠᠭᠤᠷᠢᠨ᠎ᠳᠤ ᠬᠦᠷᠴᠦ᠍᠂ ᠬᠤᠳᠠ ᠲᠣᠭᠤᠷᠢᠭ ᠬᠤᠶᠠᠷ ᠱᠠᠲᠤᠨ᠎ᠤ ᠪᠠᠢᠭᠤᠯᠭ᠎ᠠ᠎ᠶ᠋ᠢᠨ 200 ᠭᠠᠷᠤᠢ ᠺᠠᠳ᠋ᠷ ᠠᠵᠢᠯᠳᠠᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠵᠠᠢ᠃


111.jpg


2021 ᠤᠨ᠎ᠳᠤ᠂ ᠤᠯᠠᠭᠠᠨᠬᠠᠳᠠ ᠬᠤᠲᠠ 60 ᠲᠦᠮᠡᠨ ᠮᠥ᠍ ᠣᠢᠵᠢᠭᠤᠯᠬᠤ ᠡᠭᠦᠷᠭᠡ᠎ᠶ᠋ᠢ ᠪᠡᠶᠡᠯᠡᠭᠦᠯᠬᠦ᠌᠎ᠪᠠᠷ ᠲᠥᠯᠥᠪᠯᠡᠵᠦ᠍᠂ ᠪᠡᠭᠡᠵᠢᠩ ᠲᠢᠶᠠᠨᠵᠢᠨ᠎ᠤ ᠡᠷᠬᠢᠨ ᠳᠤᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ᠂ ᠲᠠᠷᠢᠶᠠᠯᠠᠬᠤ᠎ᠪᠠᠨ ᠵᠣᠭ᠍ᠰᠣᠵᠤ ᠮᠣᠳᠣ ᠳᠠᠷᠢᠬᠤ᠂ ᠲᠠᠴᠢᠷᠳᠠᠭ᠍ᠰᠠᠨ ᠣᠶ᠎ᠶ᠋ᠢ ᠵᠠᠰᠠᠨ ᠰᠡᠷᠭᠦᠭᠡᠬᠦ᠂ ᠬᠥᠳᠡᠭᠡ ᠲᠣᠰᠭᠤᠨ᠎ᠢ ᠨᠣᠭᠤᠭᠠᠷᠠᠭᠤᠯᠤᠨ ᠭᠤᠶᠣᠵᠢᠭᠤᠯᠬᠤ᠂ ᠪᠥᠬᠦ᠌ ᠠᠷᠠᠳ᠎ᠤᠨ ᠠᠯᠪᠠᠨ ᠵᠢᠷᠤᠮ᠎ᠤᠨ ᠤᠢ᠍ᠢᠵᠢᠭᠤᠯᠤᠯᠲᠠ ᠵᠡᠷᠭᠡ ᠭᠤᠤᠯᠳᠠᠯᠭ᠎ᠠ᠎ᠲᠠᠢ ᠠᠵᠢᠯ᠎ᠢ ᠠᠬᠢᠭᠤᠯᠤᠨ᠎ᠠ᠃ ᠣᠳᠣᠬᠠᠨ ᠪᠣᠯᠲᠠᠯ᠎ᠠ᠂ ᠪᠥᠬᠦ᠌ ᠬᠤᠲᠠ᠎ᠪᠠᠷ᠎ᠢᠶᠠᠨ ᠬᠠᠪᠤᠷ᠎ᠤᠨ ᠣᠢᠵᠢᠭᠤᠯᠤᠯᠲᠠ᠎ᠶ᠋ᠢ ᠨᠢᠭᠡᠨᠲᠡ 5.46 ᠲᠦᠮᠡᠨ ᠮᠥ᠍ ᠪᠡᠶᠡᠯᠡᠭᠦᠯᠵᠤ᠂ ᠡᠭᠦᠨ᠎ᠳᠤ 2 ᠲᠦᠮᠡᠨ ᠮᠥ᠍ ᠱᠢᠨ᠎ᠡ᠎ᠪᠠᠷ ᠣᠢᠵᠢᠭᠤᠯᠵᠤ᠂ 3.46 ᠲᠦᠮᠡᠨ ᠮᠥ᠍ ᠮᠠᠭᠤᠲᠠᠭ᠍ᠰᠠᠨ ᠣᠶ᠎ᠶ᠋ᠢ ᠰᠡᠷᠭᠦᠭᠡᠪᠡ᠃

ᠣᠢᠷ᠎ᠠ᠎ᠶ᠋ᠢᠨ ᠵᠢᠯ᠎ᠠᠴᠠ ᠨᠠᠭᠠᠰᠢ᠂ ᠤᠯᠠᠭᠠᠨᠬᠠᠳᠠ ᠬᠤᠲᠠ ᠮᠣᠳᠣ ᠳᠠᠷᠢᠵᠤ ᠣᠢᠵᠢᠭᠤᠯᠬᠤ᠎ᠪᠠᠷ 《ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ  ᠦᠢᠯᠡᠳᠦᠯᠭᠡᠵᠢᠭᠦᠯᠬᠦ᠌ ᠴᠢᠬᠤᠯᠠ ᠭᠠᠷᠳᠠᠴᠠ ᠪᠣᠯᠭᠠᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠡᠨᠧᠷᠭᠢ᠎ᠶ᠋ᠢᠨ ᠬᠤᠷᠣᠭ᠍ᠳᠠᠯ᠎ᠤᠨ ᠨᠡᠮᠡᠭ᠌ᠳᠡᠯ ᠪᠠ ᠡᠷᠴᠢᠮ᠎ᠢ ᠡᠵᠡᠮᠳᠡᠬᠦ᠌ ᠵᠡᠷᠭᠡ ᠭᠤᠤᠯᠳᠠᠯᠭ᠎ᠠ᠎ᠲᠠᠢ ᠠᠵᠢᠯ᠎ᠲᠠᠢ ᠨᠢᠭ᠍ᠲᠠ ᠤᠶᠠᠯᠳᠤᠭᠤᠯᠤᠨ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠬᠥᠲᠥᠯᠥᠨ ᠵᠢᠯᠣᠭᠤᠳᠤᠨ ᠵᠣᠷᠢᠭ᠍ᠵᠢᠭᠤᠯᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠵᠤ᠂ ᠳᠤᠤᠷ᠎ᠠ ᠨᠡᠭᠦᠷᠡᠰᠦᠲᠥ᠋ᠷᠥᠭ᠌ᠴᠢᠲᠦ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠰᠠᠨᠠᠭᠠᠴᠢᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠭ᠍ᠰᠠᠨ ᠪᠣᠬᠢᠷᠲᠤᠯ ᠥᠬᠡᠶ ᠬᠥᠭ᠌ᠵᠢᠬᠦᠯᠬᠦ᠌ ᠣᠢᠯᠠᠭᠠᠭ᠍ᠳᠠᠬᠤᠨ᠎ᠢ ᠦᠨᠡᠨ ᠬᠦ᠌ ᠪᠥᠬᠦ᠌ ᠬᠤᠲᠠ᠎ᠶ᠋ᠢᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠤᠬᠠᠮᠰᠠᠷᠲᠤ ᠠᠵᠢᠯᠯᠠᠭ᠎ᠠ ᠪᠣᠯᠭᠠᠵᠤ᠂ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠤᠨ ᠦᠢᠯᠡᠳᠦᠯᠭᠡᠵᠢᠭᠦᠯᠵᠦ᠍ ᠪᠤᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号