ᠬᠤᠤ ᠲᠢᠶᠠᠨ ᠭᠠᠴᠠᠭᠠᠨ᠎ᠤ 《ᠪᠠᠶᠠᠵᠢᠯ᠎ᠤᠨ ᠵᠤᠷ》
2021-04-18 20:53:29
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆


ᠵᠢᠯ᠎ᠤᠨ ᠠᠵᠢᠯ ᠬᠠᠪᠤᠷ᠎ᠲᠠᠭᠠᠨ ᠬᠡᠭ᠌ᠴᠢ᠎ᠪᠠᠷ᠂ ᠣᠢᠷ᠎ᠠ᠎ᠳᠤ ᠬᠤᠷᠴᠢᠨ ᠪᠠᠷᠠᠭᠤᠨ ᠭᠠᠷᠤᠨ ᠡᠮᠦᠨᠡᠳᠤ ᠬᠤᠱᠢᠭᠤᠨ᠎ᠤ ᠬᠤᠤ ᠲᠢᠶᠠᠨ ᠭᠠᠴᠠᠭ᠎ᠠ ᠨᠢᠭᠡ ᠤᠳᠠᠭ᠎ᠠ᠎ᠶ᠋ᠢᠨ ᠪᠠᠶᠠᠵᠢᠯ᠎ᠤᠨ ᠴᠢᠳᠠᠪᠤᠷᠢᠲᠠᠨ᠎ᠤ ᠲᠤᠷᠱᠢᠯᠭ᠎ᠠ ᠬᠤᠪᠢᠶᠠᠯᠴᠠᠬᠤ ᠬᠤᠷᠠᠯ ᠬᠢᠵᠤ᠂ ᠲᠣᠰᠭᠤᠨ᠎ᠤ ᠲᠠᠷᠢᠮᠠᠯ᠂ ᠲᠡᠵᠢᠭᠡᠨ ᠦᠷᠡᠵᠢᠭᠦᠯᠬᠦ᠌ ᠴᠢᠳᠠᠪᠤᠷᠢᠳᠡᠳ᠎ᠢ ᠴᠤᠭ᠍ᠯᠠᠭᠤᠯᠵᠤ᠂ 《ᠪᠢ ᠪᠣᠯ ᠪᠠᠶᠠᠵᠢᠯ᠎ᠤᠨ ᠳᠠᠭᠠᠭᠤᠯᠤᠭ᠍ᠴᠢ · ᠪᠢ ᠴᠢᠮ᠎ᠠ᠎ᠶ᠋ᠢ ᠬᠠᠪᠰᠤᠷᠤᠨ ᠲᠡᠮᠵᠢᠶ᠎ᠠ》 ᠬᠡᠬᠦ᠌ ᠰᠠᠢᠨ ᠳᠤᠷ᠎ᠠ᠎ᠶ᠋ᠢᠨ  ᠦᠢᠯᠡᠴᠢᠯᠡᠭᠡᠨ᠎ᠤ ᠠᠩᠭᠢ᠎ᠶ᠋ᠢ ᠵᠤᠬᠢᠶᠠᠨ ᠪᠠᠢᠭᠤᠯᠵᠦ᠍᠂ 《ᠪᠠᠶᠠᠵᠢᠯ᠎ᠤᠨ ᠵᠤᠷ》 ᠎ᠢᠶᠠᠨ ᠬᠤᠪᠢᠶᠠᠯᠴᠠᠨ᠂ ᠠᠷᠠᠳ ᠣᠯᠠᠨ᠎ᠳᠠᠭᠠᠨ ᠰᠠᠢᠨ ᠲᠤᠷᠱᠢᠯᠭ᠎ᠠ ᠰᠠᠢᠨ ᠠᠷᠭ᠎ᠠ ᠵᠢᠭᠠᠨ ᠦᠭ᠌ᠴᠦ᠂ ᠪᠥᠬᠦ᠌ ᠭᠠᠴᠠᠭᠠᠨ᠎ᠤ ᠠᠷᠠᠳ᠎ᠢᠶᠠᠨ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠬᠤ᠎ᠪᠠᠷ ᠴᠢᠷᠮᠠᠢᠵᠤ ᠪᠠᠢᠨ᠎ᠠ᠃

ᠬᠤᠨᠢ ᠲᠡᠵᠢᠭᠡᠬᠦ᠌ ᠴᠢᠳᠠᠪᠤᠷᠢᠲᠠᠨ ᠸᠠᠩ ᠬᠠᠶ ᠱᠧᠩ᠄ 《ᠮᠠᠨ᠎ᠤ᠎ᠬᠢᠨ ᠨᠢᠳᠤᠨᠤᠨ 9.8 ᠲᠦᠮᠡᠨ ᠲᠥᠭᠦᠷᠢᠭ᠎ᠢᠶᠠᠷ 120 ᠦᠯᠴᠢᠷ ᠬᠤᠨᠢ ᠬᠤᠳᠠᠯᠳᠤᠨ ᠠᠪᠴᠤ᠌᠂ ᠲᠤᠰᠤᠭ᠍ᠰᠠᠨ ᠬᠤᠷᠠᠭ᠎ᠠ᠎ᠪᠠᠨ 3 ᠲᠦᠮᠡᠨ ᠲᠥᠭᠦᠷᠢᠭ ᠬᠤᠳᠠᠯᠳᠤᠵᠠᠶ᠂ ᠣᠲᠣ ᠶᠠᠭ ᠲᠥᠯ ᠲᠤᠰᠴᠤ᠌ ᠪᠠᠢᠨ᠎ᠠ᠂ ᠡᠨᠡ ᠬᠤᠭᠤᠴᠠᠭᠠᠨ᠎ᠳᠤ ᠬᠠᠮᠤᠭ᠎ᠤᠨ ᠵᠦᠳᠡᠷᠡᠯᠲᠡᠶ ᠪᠠᠢᠳᠠᠭ᠃ ᠪᠢᠳᠡ ᠬᠤᠨᠢ ᠢᠮᠠᠭ᠎ᠠ᠎ᠪᠠᠨ ᠰᠠᠢᠬᠠᠨ ᠲᠡᠵᠢᠭᠡᠶ᠎ᠡ ᠭᠡᠪᠡᠯ ᠶᠠᠭᠤᠨ᠎ᠤ ᠡᠮᠦᠨ᠎ᠡ ᠬᠤᠨᠢᠨ ᠬᠠᠱᠢᠶ᠎ᠠ᠎ᠪᠠᠨ ᠰᠠᠢᠲᠤᠷ ᠵᠠᠰᠠᠬᠤ᠎ᠶ᠋ᠢ ᠠᠩᠬᠠᠷᠬᠤ ᠬᠡᠷᠡᠭ᠌ᠲᠡᠶ᠂ ᠴᠢᠳᠠᠬᠤ᠎ᠶ᠋ᠢᠨ ᠳᠤᠲᠤᠷ᠎ᠠ ᠨᠠᠷᠠᠠ᠎ᠤ ᠬᠡᠷᠠᠯ ᠲᠤᠰᠭᠤ ᠨᠥᠮᠥᠷᠢ ᠭᠠᠵᠠᠷ᠎ᠲᠤ ᠫᠸᠡᠭ ᠰᠠᠷᠠᠪᠴᠢ᠎ᠪᠠᠨ ᠪᠠᠷᠢᠨ᠎ᠠ᠂ ᠪᠠᠰᠠ ᠲᠣᠭ᠍ᠲᠠᠮᠠᠯ ᠬᠤᠭᠤᠴᠠᠭ᠎ᠠ᠎ᠲᠠᠢ ᠠᠷᠢᠭᠤᠤᠡᠬᠠᠵᠤ ᠬᠤᠷᠣᠬᠠᠶ ᠲᠠᠭᠤᠬᠤ ᠬᠡᠷᠡᠭ᠌ᠲᠡᠶ》 ᠭᠡᠵᠦ᠍ ᠣᠯᠠᠨ᠎ᠳᠤ ᠬᠦ᠌ ᠶᠠᠩ ᠬᠤᠨᠢ ᠲᠡᠵᠢᠭᠡᠨ ᠦᠷᠡᠵᠢᠭᠦᠯᠬᠦ᠌ ᠲᠤᠷᠱᠢᠯᠭ᠎ᠠ᠎ᠪᠠᠨ ᠶᠠᠷᠢᠵᠤ ᠥᠭ᠌ᠪᠡ᠃

ᠦᠬᠡᠷ ᠲᠡᠵᠢᠭᠡᠬᠦ᠌ ᠴᠢᠳᠠᠪᠤᠷᠢᠲᠠᠨ ᠪᠠᠢ ᠢᠦᠢ ᠱᠧᠩ᠄ 《ᠮᠠᠨ᠎ᠤ᠎ᠬᠢᠨ ᠦᠬᠡᠷ ᠲᠡᠵᠢᠭᠡᠬᠦ᠌᠎ᠳᠤ ᠪᠠᠭ᠎ᠠ ᠪᠤᠰᠤ ᠬᠦᠴᠦ᠍ ᠬᠦᠯᠦᠰᠦ ᠤᠷᠤᠭᠤᠯᠵᠤ᠂ ᠨᠢᠳᠤᠨᠤᠨ ᠵᠤᠨ ᠬᠤᠳᠠᠯᠳᠤᠨ ᠠᠪᠤᠭ᠍ᠰᠠᠨ 8 ᠦᠨᠢᠶ᠎ᠠ᠎ᠪᠠᠨ ᠰᠡᠳᠭᠢᠯ ᠲᠠᠯᠪᠢᠵᠦ᠍ ᠠᠷᠠᠴᠢᠯᠠᠨ ᠲᠤᠳᠤᠮᠳᠠᠵᠠᠢ᠃ ᠰᠡᠭᠦᠯᠡᠷ᠎ᠨᠢ 8 ᠲᠤᠭᠤᠯ ᠲᠤᠰᠴᠤ᠌᠂ 3 ᠲᠤᠭᠤᠯ᠎ᠢ᠎ᠨᠢ ᠬᠤᠳᠠᠯᠳᠤᠭᠠᠳ 5 ᠲᠦᠮᠠᠨ ᠲᠦᠭᠦᠷᠢᠭ᠎ᠤᠨ ᠤᠷᠤᠯᠭ᠎ᠠ ᠤᠯᠵᠠᠢ᠃ ᠦᠬᠡᠷ᠎ᠤᠨ ᠦᠢᠯᠡᠰ᠎ᠤᠨ ᠠᠱᠢᠭ ᠣᠷᠣᠯᠭ᠎ᠠ ᠰᠠᠢᠨ ᠬᠡᠬᠦ᠌᠎ᠳᠤ ᠨᠠᠷᠢᠨ ᠬᠢᠨᠠᠮᠠᠭᠠᠶ ᠠᠷᠠᠴᠢᠯᠠᠨ ᠲᠡᠵᠢᠭᠡᠬᠦ᠌ ᠴᠤ᠌ ᠴᠢᠬᠤᠯᠠ ᠪᠠᠢᠳᠠᠭ᠂ ᠣᠯᠠᠨ᠎ᠢᠶᠠᠷ᠎ᠢᠶᠠᠨ ᠣᠢᠯᠠᠭᠠᠬᠤ ᠥᠬᠡᠶ ᠶᠠᠭᠤᠮ᠎ᠠ ᠪᠠᠢᠪᠠᠯ ᠨᠠᠳᠠ᠎ᠠᠴᠠ ᠠᠰᠠᠭᠤ᠂ ᠪᠢ ᠲᠤᠷᠱᠢᠯᠭ᠎ᠠ᠎ᠪᠠᠨ ᠬᠠᠷᠠᠮ ᠦᠬᠡᠢ ᠲᠠᠨᠢᠯᠴᠠᠭᠤᠯᠤᠨ᠎ᠡ》 ᠬᠡᠵᠦ᠍ ᠬᠡᠯᠡᠪᠡ᠃

ᠡᠷᠳᠡᠨᠢ ᠱᠢᠰᠢ ᠳᠠᠷᠢᠭᠠᠳ ᠡᠯᠪᠡᠭ ᠬᠤᠷᠢᠶᠠᠯᠲᠠ ᠣᠯᠤᠭ᠍ᠰᠠᠨ ᠹᠦ᠋ ᠳ᠋ᠠᠨ ᠳ᠋ᠠᠨ᠄ 《ᠮᠠᠨ᠎ᠤ ᠲᠠᠷᠢᠶᠠᠴᠢᠳ ᠡᠷᠳᠡᠨᠢ ᠱᠢᠰᠢ ᠳᠠᠷᠢᠬᠤ᠎ᠳᠠᠭᠠᠨ ᠠᠮᠠᠷᠬᠠᠨ᠎ᠢ ᠪᠤᠳᠤᠵᠤ ᠬᠠᠮᠢᠶᠠᠷᠬᠤ ᠦᠬᠡᠢ ᠪᠠᠢᠵᠦ᠍ ᠪᠣᠯᠬᠤ ᠥᠬᠡᠶ᠃ ᠮᠠᠨ᠎ᠤ᠎ᠬᠢᠨ 130 ᠮᠥ᠍ ᠡᠷᠳᠡᠨᠢ ᠱᠢᠰᠢ ᠳᠠᠷᠢᠵᠤ᠂ ᠨᠢᠳᠤᠨᠤᠨ 10 ᠲᠦᠮᠡ ᠭᠠᠷᠤᠢ ᠲᠥᠭᠦᠷᠢᠭ᠎ᠤᠨ ᠣᠷᠣᠯᠭ᠎ᠠ ᠤᠯᠪᠠ᠂ ᠰᠦᠯᠢᠶᠣᠣ ᠪᠦᠷᠬᠦᠪᠴᠢ ᠲᠠᠷᠤᠵᠦ᠍ ᠲᠠᠷᠢᠭ᠍ᠰᠠᠨ᠎ᠠᠴᠠ ᠳᠤᠯᠠᠭᠠᠨ᠎ᠤ ᠬᠡᠮᠵᠢᠶ᠎ᠠ᠎ᠶ᠋ᠢ ᠨᠡᠮᠡᠭ᠌ᠳᠡᠭᠦᠯᠵᠦ᠍᠂ ᠡᠷᠳᠡᠨᠢ ᠱᠢᠰᠢ ᠰᠠᠢᠨ ᠤᠷᠭᠤᠵᠠᠶ》 ᠭᠡᠵᠦ᠍ ᠶᠠᠷᠢᠨ᠎ᠡ᠃

ᠣᠯᠠᠨ᠎ᠢᠶᠠᠷ ᠢᠶᠠᠨ ᠦᠯᠢᠭᠡᠷ ᠶᠠᠷᠢᠵᠤ ᠪᠠᠢᠬᠤ ᠱᠢᠬ ᠲᠤᠷᠱᠢᠯᠭ᠎ᠠ ᠰᠤᠷᠭᠠᠮᠵᠢ᠎ᠪᠠᠨ ᠬᠤᠪᠢᠶᠠᠯᠴᠠᠵᠠᠶ᠃ ᠲᠤᠬᠠᠢ᠎ᠶ᠋ᠢᠨ ᠲᠠᠯᠠᠪᠠᠢ᠎ᠶ᠋ᠢᠨ ᠤᠯᠠᠨ ᠲᠦᠮᠡᠨ ᠮᠠᠰᠢ ᠤᠷᠮ᠎ᠡ᠎ᠲᠠᠢ ᠰᠣᠨᠣᠰᠴᠤ᠌᠂ ᠪᠠᠢᠨ ᠲᠠᠬᠢᠨ ᠠᠰᠠᠭᠤᠯᠲᠠ ᠳᠤᠷᠠᠤᠡᠴᠤ᠌ ᠪᠠᠢᠬ᠍ᠰᠠᠨ᠎ᠢ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠪᠠᠶᠠᠵᠢᠯ᠎ᠤᠨ ᠲᠠᠭᠠᠭᠤᠯᠤᠬ᠍ᠴᠢ ᠨᠢᠬᠡ ᠨᠢᠬᠡ᠎ᠪᠠᠷ ᠬᠠᠷᠢᠭᠤᠯᠳᠡ ᠦᠭ᠌ᠴᠤ ᠪᠠᠢᠯ᠎ᠠ᠃ ᠤᠯᠠᠨ᠎ᠢᠶᠠᠷ᠎ᠢᠶᠠᠨ ᠡᠳᠡᠭᠡᠷ ᠪᠠᠶᠠᠵᠢᠯ᠎ᠤᠨ ᠴᠢᠳᠠᠪᠤᠷᠢᠲᠠᠨ᠎ᠤ ᠠᠮᠵᠢᠯᠲᠠ ᠣᠯᠤᠭ᠍ᠰᠠᠨ ᠲᠤᠷᠱᠢᠯᠭ᠎ᠠ ᠪᠠ ᠲᠠᠢᠴᠢᠯᠠᠯᠳᠠ ᠲᠤᠤᠷ᠎ᠡ᠂ ᠢᠲᠡᠭᠡᠯ ᠵᠣᠷᠢᠭ ᠨᠡᠩ ᠬᠦᠪᠴᠢᠯᠡᠭ᠌ᠳᠡᠵᠦ᠍ ᠵᠣᠷᠢᠭ᠍ᠲᠠᠢ᠎ᠪᠠᠷ ᠠᠵᠢᠯᠯᠠᠨ᠎ᠡ ᠭᠡᠵᠦ᠍ ᠵᠤᠷᠢᠬ᠎ᠢᠶᠠᠨ ᠢᠯᠡᠤᠡᠭᠡᠵᠡᠭᠡᠵᠤ ᠪᠠᠢᠯ᠎ᠠ᠃

ᠬᠤᠤ ᠲᠢᠶᠠᠨ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠴᠧᠨ ᠯᠢ ᠵᠢᠶᠦ᠋ᠨ᠄ 《ᠪᠢᠳᠡ ᠬᠤᠢᠱᠢᠳᠠ ᠡᠢᠮᠦᠷᠬᠦᠤ ᠠᠵᠢᠯᠯᠠᠭ᠎ᠠ᠎ᠶ᠋ᠢ ᠦᠷᠭᠦᠯᠵᠢ ᠥᠷᠨᠢᠭᠦᠯᠬᠦ᠌᠎ᠶ᠋ᠢᠨ ᠬᠠᠮᠲᠤ ᠪᠠᠶᠠᠵᠢᠯ᠎ᠤᠨ ᠴᠢᠳᠠᠪᠤᠷᠢᠲᠠᠨ᠎ᠢ ᠵᠣᠬᠢᠶᠠᠨ ᠪᠠᠢᠭᠤᠯᠵᠤ᠂ ᠠᠷᠠᠳ ᠤᠯᠠᠨ᠎ᠢ ᠳᠠᠭᠠᠭᠤᠯᠤᠨ ᠲᠠᠷᠢᠶᠠᠨ ᠭᠠᠵᠠᠷ᠂ ᠮᠠᠯ᠎ᠤᠨ ᠬᠠᠱᠢᠶᠠᠨ᠎ᠳᠤ ᠬᠦᠷᠴᠦ᠍ ᠮᠠᠲᠠᠭ᠎ᠲᠠᠢ ᠠᠰᠠᠭᠤᠳᠠᠯ᠎ᠢ ᠳᠡᠢᠯᠪᠦᠷᠢᠯᠡᠵᠦ᠍᠂ ᠮᠠᠨ᠎ᠤ ᠬᠤᠤ ᠲᠢᠶᠠᠨ ᠭᠠᠴᠠᠭ᠎ᠠ᠎ᠶ᠋ᠢᠨ ᠮᠠᠯᠴᠢᠨ ᠲᠠᠷᠢᠶᠠᠴᠢᠨ᠎ᠤ ᠦᠵᠡᠯᠲᠡ ᠲᠠᠨᠢᠯᠲᠠ ᠪᠠ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠥᠳᠡᠭᠡ ᠲᠣᠰᠭᠤᠨ᠎ᠤ ᠪᠠᠶᠠᠵᠢᠯ᠎ᠤᠨ ᠳᠠᠭᠠᠭᠤᠯᠤᠭ᠍ᠴᠢ᠎ᠶ᠋ᠢᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶᠯᠡᠳᠦᠯ᠎ᠢ ᠦᠨᠡᠨ ᠬᠦ᠌ ᠪᠠᠳᠠᠷᠠᠭᠤᠯᠵᠤ᠂ ᠣᠯᠠᠨ ᠲᠦᠮᠡᠨ᠎ᠤ ᠳᠣᠲᠣᠭᠠᠳᠤ ᠬᠥᠳᠡᠯᠭᠡᠬᠦ᠌ ᠬᠦᠴᠦᠨ᠎ᠢ ᠳᠠᠢᠴᠢᠯᠠᠨ᠂ ᠲᠡᠳᠡᠨ᠎ᠢ ᠵᠣᠷᠢᠭ᠍ᠲᠠᠶ᠎ᠪᠠᠷ ᠪᠠᠶᠠᠵᠢᠯ᠎ᠤᠨ ᠵᠠᠮ᠎ᠢᠶᠠᠷ ᠵᠠᠮᠨᠠᠭᠤᠯᠵᠤ ᠤᠷᠤᠯᠭ᠎ᠠ᠎ᠶ᠋ᠢ᠎ᠨᠢ ᠨᠡᠮᠡᠭ᠌ᠳᠡᠬᠦᠯᠦᠨ᠎ᠡ》 ᠭᠡᠵᠦ᠍ ᠢᠳᠡᠭᠡᠯ ᠲᠡᠬᠦᠯᠳᠡᠷ ᠶᠠᠷᠢᠯ᠎ᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号