ᠦᠪᠡᠷᠳᠡᠭᠡᠨ ᠵᠠᠰᠠᠬᠤ ᠤᠷᠤᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠤᠯᠤᠰ ᠲᠥᠷᠥ᠎ᠪᠠᠷ ᠴᠠᠭ᠍ᠳᠠᠭ᠎ᠠ᠎ᠶ᠋ᠢ ᠪᠠᠢᠭᠤᠯᠬᠤ᠂ ᠪᠥᠬᠦ᠌ ᠲᠠᠯ᠎ᠠ᠎ᠪᠠᠷ ᠴᠠᠭ᠍ᠳᠠᠭ᠎ᠠ᠎ᠶ᠋ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠠᠵᠢᠯ᠎ᠢ ᠦᠳᠲᠡᠷ ᠲᠦᠷᠭᠡᠨ ᠭᠦᠨᠵᠡᠭᠡᠶ ᠦᠷᠨᠢᠬᠦᠯᠵᠦ᠍᠂ ᠪᠥᠬᠦ᠌ ᠨᠠᠮ᠎ᠤᠨ ᠭᠡᠱᠢᠭᠦᠨ᠂ ᠠᠷᠠᠳ᠎ᠤᠨ ᠴᠠᠬ᠍ᠳᠠᠭ᠎ᠠ ᠲᠤᠰᠠᠯᠠᠬ᠍ᠴᠢ ᠴᠠᠭ᠍ᠳᠠᠭ᠎ᠠ᠎ᠪᠠᠨ ᠵᠣᠬᠢᠶᠠᠨ ᠪᠠᠢᠭᠤᠯᠵᠤ ᠡᠩᠨᠡᠬᠡᠨ᠎ᠤ ᠬᠦᠮᠦᠵᠢᠯ ᠴᠡᠭ᠌ᠴᠡᠯᠡᠯᠳᠡ᠎ᠶ᠋ᠢᠨ 《ᠥᠷᠯᠥᠭᠡ᠎ᠶ᠋ᠢᠨ ᠰᠤᠷᠤᠯᠴᠠᠯᠭ᠎ᠠ ᠣᠷᠣᠶ᠎ᠶ᠋ᠢᠨ ᠪᠣᠯᠪᠠᠰᠤᠷᠠᠯ》 ᠡᠷᠬᠢᠯᠡᠵᠦ᠍᠂ ᠬᠦᠮᠦᠵᠢᠯ ᠴᠡᠭ᠌ᠴᠡᠯᠡᠯᠳᠡ᠎ᠶ᠋ᠢ ᠪᠣᠳᠠᠳᠠᠢ᠎ᠳᠤ ᠨᠠᠢᠳᠠᠪᠣᠷᠢᠵᠢᠭᠤᠯᠵᠣ ᠪᠠᠢᠨ᠎ᠠ᠃
ᠦᠪᠡᠷᠳᠡᠭᠡᠨ ᠵᠠᠰᠠᠬᠤ ᠤᠷᠤᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠨᠠᠮ᠎ᠤᠨ ᠡᠭᠦᠷ᠎ᠢᠶᠠᠷ ᠳᠤᠭᠤᠢᠯᠠᠩ ᠪᠣᠯᠭᠠᠵᠤ᠂ ᠡᠳᠦᠷ ᠪᠦᠷᠢ ᠲᠣᠭ᠍ᠲᠠᠭ᠍ᠰᠠᠨ ᠭᠠᠵᠠᠷ᠂ ᠲᠣᠭ᠍ᠲᠠᠭ᠍ᠰᠠᠨ ᠴᠠᠭ᠎ᠲᠤ 《ᠥᠷᠯᠥᠭᠡ᠎ᠶ᠋ᠢᠨ ᠰᠤᠷᠤᠯᠴᠠᠯᠭ᠎ᠠ》 ᠶ᠋ᠢᠨ ᠠᠵᠢᠯᠯᠠᠭ᠎ᠠ ᠥᠷᠨᠢᠭᠦᠯᠵᠦ᠍᠂ ᠠᠵᠢᠯ᠎ᠳᠤ ᠭᠠᠷᠬᠤ᠎ᠶ᠋ᠢ ᠱᠢᠯᠭᠠᠨ ᠮᠡᠳᠡᠭᠦᠯᠬᠦ᠌ ᠳᠦᠷᠢᠮ᠎ᠢ ᠴᠢᠩᠭ᠎ᠠ ᠬᠡᠷᠡᠭ᠌ᠵᠢᠬᠦᠯᠪᠡ᠃ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠬᠦ᠌ ᠬᠥᠮᠦᠵᠢᠯ᠎ᠤᠨ ᠹᠢᠯᠢᠮ᠎ᠢ ᠰᠣᠨᠢᠷᠬᠠᠬᠤ ᠵᠡᠷᠭᠡ ᠠᠷᠭ᠎ᠠ ᠬᠡᠯᠪᠡᠷᠢ᠎ᠪᠠᠷ ᠳᠡᠮᠵᠢᠭᠤᠯᠣᠨ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠊ᠦᠷᠨᠢᠭᠦᠯᠵᠦ᠍᠂ ᠠᠷᠠᠳ᠎ᠤᠨ ᠴᠠᠬ᠍ᠳᠠᠭ᠎ᠠ ᠲᠤᠰᠠᠯᠠᠬ᠍ᠴᠢ ᠴᠠᠭ᠍ᠳᠠᠭ᠎ᠠ᠎ᠶ᠋ᠢᠨ ᠦᠵᠡᠯ ᠰᠠᠨᠠᠭᠠᠨ᠎ᠤ ᠶᠡᠭᠡ ᠠᠷᠢᠭᠤᠳᠭᠠᠯ᠂ ᠰᠤᠷᠲᠠᠯ᠎ᠤᠨ ᠶᠡᠭᠡ ᠰᠠᠢᠵᠢᠷᠠᠯ᠂ ᠤᠯᠤᠰ ᠲᠥᠷᠥ᠎ᠶ᠋ᠢᠨ ᠶᠡᠭᠡ ᠳᠠᠪᠲᠠᠯᠲᠠ᠎ᠶ᠋ᠢ ᠠᠬᠢᠭᠤᠯᠵᠤ᠂ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠠᠵᠢᠯ᠎ᠢ ᠭᠦᠨᠵᠡᠭᠡᠶ ᠠᠬᠢᠭᠤᠯᠬᠤ᠎ᠳᠤ ᠪᠠᠳᠣ ᠪᠠᠬᠢ ᠦᠵᠡᠯ ᠰᠠᠨᠠᠭᠠᠨ᠎ᠤ ᠰᠠᠭᠤᠷᠢ ᠳᠠᠯᠪᠢᠵᠣ᠂ ᠠᠷᠠᠳ᠎ᠤᠨ ᠴᠠᠬ᠍ᠳᠠᠭ᠎ᠠ ᠲᠤᠰᠠᠯᠠᠬ᠍ᠴᠢ ᠴᠠᠭ᠍ᠳᠠᠭ᠎ᠠ᠎ᠶ᠋ᠢᠨ ᠦᠨᠡᠨᠴᠢ ᠱᠢᠳᠤᠷᠭᠤ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠬᠥᠲᠥᠯᠥᠨ ᠵᠢᠯᠣᠭᠤᠳᠴᠤ᠌᠂ ᠦᠨᠡᠨᠴᠢ ᠱᠢᠳᠤᠷᠭᠤ ᠴᠠᠭ᠍ᠳᠠᠭ᠎ᠠ᠎ᠶ᠋ᠢᠨ ᠰᠦᠭ ᠰᠦᠯᠳᠡ᠎ᠶ᠋ᠢ ᠱᠣᠭᠤᠨ᠎ᠠ᠃ ᠳᠣᠰ ᠲᠣᠪᠴᠢᠶ᠎ᠠ ᠠᠷᠠᠳ᠎ᠤᠨ ᠴᠠᠬ᠍ᠳᠠᠭ᠎ᠠ ᠲᠤᠰᠠᠯᠠᠬ᠍ᠴᠢ ᠴᠠᠬ᠍ᠳᠠᠭ᠎ᠠ᠎ᠶ᠋ᠢᠨ᠎ᠢᠶᠠᠨ ᠳᠣᠮᠳᠠ ᠤᠷᠤᠢ ᠪᠤᠯᠭᠠᠨ᠎ᠤ ᠲᠤᠬ᠍ᠳᠠᠬ᠍ᠰᠠᠨ ᠴᠠᠬ᠎ᠲᠤ 《ᠣᠷᠣᠢ᠎ᠶ᠋ᠢᠨ ᠪᠣᠯᠪᠠᠰᠤᠷᠠᠯ》 ᠤᠨ ᠠᠵᠢᠯᠯᠠᠭ᠎ᠠ ᠥᠷᠨᠢᠭᠦᠯᠵᠣ᠂ ᠪᠦᠬᠦ᠌ ᠠᠷᠠᠳ᠎ᠤᠨ ᠴᠠᠬ᠍ᠳᠠᠭ᠎ᠠ ᠲᠤᠰᠠᠯᠠᠬ᠍ᠴᠢ ᠴᠠᠭ᠍ᠳᠠᠭ᠎ᠠ ᠲᠤᠰᠭᠠᠢ ᠮᠡᠷᠬᠡᠵᠢᠯ᠎ᠤᠨ ᠡᠩᠨᠡᠭᠡ ᠵᠢᠬ᠍ᠰᠠᠭᠠᠯᠤᠨ ᠪᠤᠯᠪᠠᠰᠤᠷᠠᠯ᠎ᠢᠶᠠᠷ ᠡᠩᠨᠡᠬᠡᠨ᠎ᠤ ᠴᠤᠬ ᠰᠦᠯᠳᠡ᠎ᠪᠠᠨ ᠲᠡᠭᠡᠭ᠌ᠰᠢᠯᠡᠬᠦᠯᠦᠨ᠂ ᠰᠠᠢᠨ ᠰᠠᠢᠬᠠᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠴᠠᠭ᠍ᠳᠠᠭ᠎ᠠ᠎ᠶ᠋ᠢᠨ ᠳᠦᠷᠢ ᠲᠥᠷᠬᠦ᠌᠎ᠶ᠋ᠢ ᠱᠤᠭᠤᠵᠣ ᠪᠠᠢᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号