ᠬᠢᠩᠭᠠᠨ ᠠᠢᠮᠠᠭ᠎ᠤᠨ ᠨᠠᠮ᠎ᠤᠨ ᠬᠤᠷᠢᠶ᠎ᠠ 《ᠡᠷᠲᠡ᠎ᠠᠴᠠ ᠲᠥᠯᠥᠪᠵᠢᠭᠦᠯᠬᠦ᠂ ᠤᠷᠢᠤᠨ᠎ᠢᠶᠠᠷ ᠡᠬᠢᠯᠡᠭᠦᠯᠬᠦ᠂ ᠦᠨᠡᠨ ᠪᠣᠳᠠᠲᠠᠶ ᠠᠵᠢᠯᠯᠠᠬᠤ᠂ ᠲᠦᠷᠭᠡᠨ ᠨᠠᠢᠳᠠᠪᠤᠷᠢᠵᠢᠭᠤᠯᠬᠤ》 ᠠᠵᠢᠯ᠎ᠤᠨ ᠵᠠᠷᠴᠢᠮ᠎ᠢ ᠪᠠᠷᠢᠮᠲᠠᠯᠠᠵᠤ᠂ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠨᠠᠷᠢᠨ ᠨᠢᠮᠪᠠᠶ ᠪᠠᠢᠷᠢᠯᠠᠭᠤᠯᠵᠤ᠂ ᠬᠢᠩᠭᠠᠨ ᠠᠢᠮᠠᠭ᠎ᠤᠨ ᠣᠨᠴᠠᠯᠢᠭ᠎ᠲᠠᠢ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ ᠲᠡᠬᠡᠳᠤ ᠲᠤᠤᠷᠠᠳᠤ ᠱᠠᠲᠤ ᠬᠠᠷᠢᠯᠴᠠᠨ ᠨᠡᠪᠲᠡᠷᠡᠯᠴᠡᠬᠦ᠂ ᠵᠣᠬᠢᠴᠠᠯᠳᠤᠨ ᠬᠠᠮᠵᠢᠯᠴᠠᠬᠤ᠂ ᠢᠵᠢᠯᠢ ᠴᠢᠭ᠌ᠯᠡᠯ᠎ᠢᠶᠠᠷ ᠬᠦᠴᠦᠯᠡᠬᠦ᠌ ᠰᠠᠢᠨ ᠰᠠᠢᠬᠠᠨ ᠪᠠᠢᠳᠠᠯ᠎ᠢ ᠪᠣᠶ ᠪᠣᠯᠭᠠᠪᠠ᠃
ᠬᠢᠩᠭᠠᠨ ᠠᠢᠮᠠᠭ᠎ᠤᠨ᠎ᠬᠢᠨ ᠰᠤᠷᠤᠯᠴᠠᠯᠭ᠎ᠠ ᠬᠥᠮᠦᠵᠢᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ 《ᠶᠠᠭᠤ᠎ᠶ᠋ᠢ ᠰᠤᠷᠤᠯᠴᠠᠬᠤ》᠂ 《ᠬᠡᠷᠬᠢᠨ ᠰᠤᠷᠤᠯᠴᠠᠬᠤ》᠂ 《ᠰᠤᠷᠤᠯᠴᠠᠬᠤ ᠪᠠ ᠬᠡᠷᠡᠭ᠌ᠯᠡᠬᠦ᠌᠎ᠶ᠋ᠢ ᠤᠶᠠᠯᠳᠤᠭᠤᠯᠬᠤ》 ᠵᠡᠷᠭᠡ ᠠᠰᠠᠭᠤᠳᠠᠯ᠎ᠤᠨ ᠲᠣᠭᠤᠷᠢᠨ᠎ᠳᠤ᠂ ᠠᠴᠢᠶᠠᠯᠠᠪᠤᠷᠢ᠂ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠪᠠ᠃ ᠪᠦᠬᠦ᠌ ᠠᠢᠮᠠᠭ᠎ᠤᠨ ᠱᠢᠭᠦᠬᠦ᠌ ᠬᠤᠷᠢᠶᠠᠨ᠎ᠤ ᠱᠢᠰᠲ᠋ᠧᠮ᠎ᠤᠨ᠎ᠬᠢᠨ ᠬᠥᠮᠦᠵᠢᠯ ᠴᠡᠭ᠌ᠴᠡᠯᠡᠯᠲᠡ ᠪᠣᠯᠤᠨ ᠨᠠᠮ᠎ᠤᠨ ᠲᠡᠦᠬᠡ᠎ᠶ᠋ᠢᠨ ᠰᠣᠷᠣᠯᠴᠠᠯᠭ᠎ᠠ ᠬᠥᠮᠦᠵᠢᠯ᠎ᠢ ᠠᠭᠤᠰᠤᠯᠴᠠᠭᠤᠯᠤᠨ ᠠᠬᠢᠭᠤᠯᠵᠤ᠂ 《ᠤᠯᠤᠰ ᠲᠦᠷᠦ᠎ᠶ᠋ᠢ ᠡᠷᠬᠢᠮᠯᠡᠵᠦ᠍᠂ ᠤᠭ ᠰᠠᠨᠠᠭ᠎ᠠ᠎ᠪᠠᠨ ᠣᠢᠯᠠᠭᠠᠬᠤ》᠂ 《ᠨᠠᠮ᠎ᠤᠨ ᠰᠠᠬᠢᠯᠭ᠎ᠠ ᠪᠠᠲᠤ᠎ᠶ᠋ᠢ ᠰᠠᠬᠢᠵᠤ᠂ ᠶᠣᠰᠣ ᠳᠦᠷᠢᠮ᠎ᠢ ᠵᠢᠷᠣᠮᠯᠠᠬᠤ》᠂ 《ᠨᠡᠢᠲᠡᠯᠢᠭ ᠵᠢᠱ᠌ᠢᠶ᠎ᠡ᠎ᠠᠴᠠ ᠰᠤᠷᠤᠯᠴᠠᠵᠤ᠂ ᠲᠡᠷᠢᠭᠦᠨ᠎ᠤ᠎ᠬᠢ ᠪᠣᠯᠬᠤ᠎ᠪᠠᠷ ᠴᠢᠷᠮᠠᠢᠬᠤ》 ᠱᠢᠷᠢᠰ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠪᠥᠬᠦ᠌ ᠠᠢᠮᠠᠭ᠎ᠤᠨ ᠪᠠᠢᠴᠠᠭᠠᠬᠤ ᠱᠢᠰᠲ᠋ᠧᠮ᠎ᠤᠨ᠎ᠬᠢᠨ 《ᠵᠢᠭᠠᠰᠤᠨ ᠶᠠᠰᠤᠨ᠎ᠤ ᠵᠢᠷᠤᠭ》 ᠤᠨ ᠠᠵᠢᠯ᠎ᠤᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠭᠠᠷᠠᠭ ᠪᠦᠷᠢ᠎ᠶ᠋ᠢᠨ ᠠᠵᠢᠯ᠎ᠤᠨ ᠲᠣᠬᠢᠷᠠᠭᠤᠯᠤᠯᠲᠠ᠎ᠶ᠋ᠢ ᠪᠣᠳᠠᠲᠠᠶ ᠠᠵᠢᠯ᠎ᠤᠨ ᠡᠳᠦᠷ᠎ᠲᠤ ᠬᠦᠷᠳᠡᠯ᠎ᠡ ᠨᠠᠢᠳᠠᠪᠤᠷᠢᠵᠢᠭᠤᠯᠪᠠ᠃ ᠪᠥᠬᠦ᠌ ᠠᠢᠮᠠᠭ᠎ᠤᠨ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠨᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠤᠨ ᠪᠠᠭᠠᠲᠤᠷ ᠵᠢᠱ᠌ᠢᠶᠡᠴᠢ᠎ᠶ᠋ᠢᠨ ᠴᠤᠭ ᠵᠢᠪᠬᠤᠭ᠎ᠠ᠎ᠶ᠋ᠢ ᠨᠠᠢᠷᠠᠭᠤᠯᠤᠨ ᠬᠡᠪᠯᠡᠭᠦᠯᠬᠦ᠌ ᠠᠵᠢᠯ᠎ᠳᠤ ᠬᠠᠮᠵᠢᠯᠴᠠᠵᠤ᠂ ᠥᠯᠢᠭᠡᠷ ᠳᠠᠭᠤᠷᠢᠶᠠᠯ᠎ᠤᠨ ᠬᠦᠴᠦᠨ᠎ᠢᠶᠠᠷ ᠳᠠᠮᠵᠢᠭᠤᠯᠤᠨ᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠺᠠᠳ᠋ᠷ ᠴᠠᠭ᠍ᠳᠠᠭ᠎ᠠ ᠪᠠ ᠬᠠᠤᠯᠢ ᠴᠠᠭᠠᠵᠠ᠎ᠶ᠋ᠢᠨ ᠦᠶᠯᠡᠴᠢᠯᠡᠭᠡᠨ᠎ᠤ ᠠᠵᠢᠯᠲᠠᠨ᠎ᠤ ᠵᠢᠳᠭᠦᠯ ᠴᠢᠷᠮᠠᠢᠯᠭ᠎ᠠ ᠭᠠᠷᠭᠠᠵᠣ ᠦᠶᠯᠡᠰ ᠪᠣᠰᠭᠠᠬᠤ ᠬᠠᠯᠠᠭᠤᠨ ᠰᠡᠳᠭᠢᠯᠭᠡ᠎ᠶ᠋ᠢ ᠬᠦᠭ᠌ᠵᠢᠭᠡᠪᠡ᠃ ᠪᠦᠬᠦ᠌ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠱᠢᠰᠲ᠋ᠧᠮ᠎ᠨᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠵᠢᠴᠢ ᠬᠥᠮᠦᠵᠢᠯ ᠴᠡᠭ᠌ᠴᠡᠯᠡᠯᠲᠡ᠎ᠶ᠋ᠢᠨ ᠤᠯᠤᠰ ᠲᠥᠷᠦ᠎ᠶ᠋ᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠡᠷᠬᠢᠯᠡᠵᠦ᠍᠂ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠢᠶᠠᠷ ᠭᠤᠣᠯᠳᠠᠯᠭ᠎ᠠ ᠪᠣᠯᠭᠠᠨ᠂ ᠤᠯᠤᠰ ᠲᠥᠷᠦ᠎ᠶ᠋ᠢᠨ ᠬᠥᠮᠦᠵᠢᠯ᠂ ᠨᠠᠮ᠎ᠤᠨ ᠲᠡᠦᠬᠡ᠎ᠶ᠋ᠢᠨ ᠬᠥᠮᠦᠵᠢᠯ᠂ ᠰᠡᠷᠡᠮᠵᠢᠯᠡᠭᠦᠯᠬᠦ᠌ ᠬᠥᠮᠦᠵᠢᠯ ᠪᠠ ᠪᠠᠭᠠᠲᠤᠷ ᠵᠢᠱ᠌ᠢᠶᠡᠴᠢ᠎ᠶ᠋ᠢᠨ ᠬᠥᠮᠦᠵᠢᠯ ᠥᠷᠨᠢᠭᠦᠯᠪᠡ᠃
ᠤᠯᠠᠨ ᠲᠦᠮᠡᠨ᠎ᠤ ᠬᠡᠷᠡᠭ᠌ᠴᠡᠭᠡ᠎ᠪᠠᠷ ᠭᠤᠣᠯᠳᠠᠭᠤᠯᠵᠤ᠂ ᠬᠢᠩᠭᠠᠨ ᠠᠢᠮᠠᠭ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ᠍ ᠥᠭ᠌ᠬᠦ》 ᠶ᠋ᠢ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠴᠢᠬᠤᠯᠠ ᠠᠭᠤᠯᠭ᠎ᠠ ᠪᠣᠯᠭᠠᠵᠤ᠂ ᠬᠠᠤᠯᠢ ᠴᠠᠭᠠᠵᠠ᠎ᠶ᠋ᠢᠨ ᠺᠠᠳ᠋ᠷ ᠴᠠᠭ᠍ᠳᠠᠭ᠎ᠠ᠎ᠶ᠋ᠢ ᠵᠣᠬᠢᠶᠠᠨ ᠪᠠᠢᠭᠤᠯᠵᠤ ᠦᠨᠳᠦᠰᠦᠨ ᠱᠠᠲᠤᠨ᠎ᠳᠤ ᠭᠦᠨᠵᠡᠭᠡᠢᠷᠡᠨ ᠪᠣᠳᠠᠲᠤ ᠪᠠᠢᠳᠠᠯ᠎ᠢ ᠣᠢᠯᠠᠭᠠᠵᠤ᠂ ᠤᠯᠠᠨ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠰᠣᠨᠣᠰᠴᠤ᠌᠂ ᠤᠯᠠᠨ ᠲᠦᠮᠡᠨ᠎ᠤ ᠰᠠᠨᠠᠯ ᠰᠠᠨᠠᠭᠤᠯᠭ᠎ᠠ᠎ᠶ᠋ᠢ ᠬᠤᠷᠢᠶᠠᠵᠤ᠂ ᠤᠯᠠᠨ ᠲᠦᠮᠡᠨ᠎ᠤ ᠪᠠᠴᠢᠮ ᠲᠤᠯᠭᠠᠮ ᠠᠰᠠᠭᠤᠳᠠᠯ᠂ ᠬᠦᠴᠢᠷ ᠠᠰᠠᠭᠤᠳᠠᠯ᠂ ᠰᠠᠨᠠᠭᠠᠱᠢᠷᠠᠵᠤ ᠪᠠᠢᠭ᠎ᠠ ᠠᠰᠠᠭᠤᠳᠠᠯ᠂ ᠬᠦᠰᠡᠵᠦ᠍ ᠪᠠᠢᠭ᠎ᠠ ᠠᠰᠠᠭᠤᠳᠠᠯ᠎ᠠᠴᠠ ᠭᠠᠷᠳᠠᠵᠤ ᠠᠷᠭ᠎ᠠ ᠬᠡᠮᠵᠢᠶ᠎ᠡ ᠰᠤᠳᠤᠯᠤᠨ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠬᠠᠤᠯᠢ ᠴᠠᠭᠠᠵᠠ᠎ᠶ᠋ᠢᠨ ᠦᠢᠯᠡᠴᠢᠯᠡᠭᠡ᠎ᠶ᠋ᠢᠨ ᠨᠡᠩ ᠳᠣᠲᠣᠨᠣ᠂ ᠨᠡᠩ ᠠᠷᠠᠳ᠎ᠲᠤ ᠠᠱᠢᠭ ᠬᠦᠷᠲᠡᠭᠡᠬᠦ᠌᠎ᠶ᠋ᠢ ᠯᠠᠪᠳᠠᠭᠤᠨ ᠪᠠᠲᠤᠲᠠᠢ ᠠᠬᠢᠭᠤᠯᠪᠠ᠃ ᠬᠢᠩᠭᠠᠨ ᠠᠢᠮᠠᠭ᠎ᠤᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶ᠎ᠠ ᠪᠥᠬᠦ᠌ ᠠᠢᠮᠠᠭ᠎ᠤᠨ 16 ᠠᠵᠤ ᠠᠬᠤᠢᠯᠠᠯ᠎ᠤᠨ ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠵᠤ ᠠᠵᠤ ᠠᠬᠤᠢᠯᠠᠯ᠎ᠲᠠᠢ ᠬᠤᠯᠪᠣᠭ᠍ᠳᠠᠭ᠍ᠰᠠᠨ ᠬᠡᠷᠡᠭ᠎ᠤᠨ ᠲᠠᠩᠬᠢᠮ᠎ᠤᠨ ᠱᠢᠭᠦᠯᠲᠡ᠎ᠶ᠋ᠢ ᠰᠤᠯᠠ ᠰᠣᠨᠣᠰᠤᠭᠤᠯᠵᠤ᠂ ᠠᠵᠤ ᠠᠬᠤᠢᠯᠠᠯᠲᠠᠳ᠎ᠤᠨ ᠶᠠᠷᠢᠯᠴᠠᠬᠤ ᠬᠤᠷᠠᠯ ᠬᠢᠵᠤ᠂ ᠡᠯ᠎ᠡ ᠱᠢᠭᠦᠨ ᠲᠠᠰᠤᠯᠬᠤ ᠲᠤᠬᠠᠢᠯᠠᠭ᠍ᠰᠠᠨ ᠠᠵᠢᠯ᠎ᠤᠨ ᠰᠠᠯᠠᠭ᠎ᠠ ᠮᠥᠴᠢᠷ᠎ᠤᠨ ᠱᠢᠭᠦᠬᠦ᠌ ᠲᠤᠱᠢᠶᠠᠯᠲᠠᠨ ᠭᠤᠷᠪᠠᠨ ᠡᠳᠦᠷ᠎ᠤᠨ ᠳᠣᠲᠣᠷ᠎ᠠ᠂ ᠤᠷᠢᠳ ᠬᠤᠵᠢᠳ ᠬᠠᠷᠢᠶ᠎ᠠ ᠣᠷᠣᠨ᠎ᠤ᠎ᠪᠠᠨ 16 ᠭᠤᠤᠯᠳᠠᠯᠭ᠎ᠠ᠎ᠲᠠᠢ ᠠᠵᠤ ᠠᠬᠤᠢᠯᠠᠯ᠎ᠢ ᠰᠤᠷᠪᠤᠯᠵᠢᠯᠠᠵᠤ᠂ 《ᠬᠡᠷᠡᠭ᠎ᠢᠶᠠᠷ ᠬᠠᠤᠯᠢ᠎ᠶ᠋ᠢ ᠲᠠᠢᠯᠪᠤᠷᠢᠯᠠᠬᠤ ᠤᠬᠠᠭᠤᠯᠭ᠎ᠠ᠎ᠶ᠋ᠢᠨ ᠬᠠᠭᠤᠳᠠᠰᠤ》᠂ 《ᠠᠵᠤ ᠠᠬᠤᠢᠯᠠᠯ᠎ᠳᠤ ᠪᠠᠢᠩᠭᠤ ᠲᠣᠬᠢᠶᠠᠯᠳᠤᠳᠠᠭ ᠬᠠᠤᠯᠢ ᠴᠠᠭᠠᠵᠠ ᠠᠶᠤᠯ ᠲᠦᠭ᠌ᠰᠢᠭᠦᠷᠢ᠎ᠶ᠋ᠢᠨ ᠰᠠᠨᠠᠭᠤᠯᠤᠮᠵᠢ᠎ᠶ᠋ᠢᠨ ᠨᠠᠷᠢᠨ ᠳᠠᠩᠰᠠ》 ᠶ᠋ᠢ 800 ᠭᠠᠷᠤᠶ ᠬᠤᠪᠢ ᠲᠠᠷᠬᠠᠭᠠᠭ᠍ᠰᠠᠨ ᠪᠥᠭᠡᠳ ᠠᠵᠤ ᠠᠬᠤᠢᠯᠠᠯ᠎ᠤᠨ ᠡᠵᠡᠩᠨᠡᠯᠲᠡ ᠵᠡᠷᠭᠡ᠎ᠳᠤ ᠪᠠᠢᠩᠭᠤ ᠲᠣᠬᠢᠶᠠᠯᠳᠤᠳᠠᠭ ᠠᠰᠠᠭᠤᠳᠠᠯ ᠵᠢᠴᠢ ᠠᠶᠤᠯ ᠲᠦᠭ᠌ᠰᠢᠭᠦᠷᠢ᠎ᠳᠤ ᠴᠢᠭ᠌ᠯᠡᠭᠦᠯᠦᠨ ᠦᠨᠡᠨ ᠬᠦ᠌ ᠬᠡᠷᠡᠭ᠌ᠵᠢᠭᠦᠯᠦᠬᠦᠱᠢᠳᠠᠢ ᠵᠢᠯᠣᠭᠤᠳᠭᠤ ᠰᠠᠨᠠᠭᠤᠯᠭ᠎ᠠ ᠳᠤᠷᠠᠳᠪᠠ᠃ ᠬᠢᠩᠭᠠᠨ ᠠᠢᠮᠠᠭ᠎ᠤᠨ ᠬᠠᠤᠯᠢ ᠴᠠᠭᠠᠵᠠ᠎ᠶ᠋ᠢᠨ ᠲᠣᠪᠴᠢᠶ᠎ᠠ ᠪᠣᠯᠤᠨ ᠠᠢᠮᠠᠭ᠎ᠤᠨ ᠦᠶᠯᠡᠳᠪᠦᠷᠢ ᠬᠤᠳᠠᠯᠳᠤᠭᠠᠨ᠎ᠤ ᠬᠤᠯᠪᠣᠭ᠎ᠠ᠂ ᠠᠢᠮᠠᠭ᠎ᠤᠨ ᠬᠠᠤᠯᠢᠴᠢ᠎ᠶ᠋ᠢᠨ ᠨᠡᠢᠭᠡᠮᠯᠢᠭ ᠬᠠᠮᠲᠤᠷᠠᠨ 《ᠬᠠᠤᠯᠢᠵᠢᠯ᠎ᠤᠨ ᠡᠷᠡᠭᠦᠯ᠎ᠤᠨ ᠪᠠᠢᠴᠠᠭᠠᠯᠲᠠ᠎ᠶ᠋ᠢᠨ ᠭᠤᠷᠪᠠ᠎ᠶ᠋ᠢ ᠣᠷᠣᠭᠤᠯᠵᠣ ᠭᠤᠷᠪᠠ᠎ᠶ᠋ᠢ ᠬᠦᠷᠭᠡᠬᠦ᠌》 ᠠᠵᠢᠯᠯᠠᠭ᠎ᠠ ᠥᠷᠨᠢᠭᠦᠯᠵᠦ᠍᠂ ᠬᠤᠳᠠᠯᠳᠤᠭᠠᠴᠢᠳ᠎ᠤᠨ ᠡᠪᠯᠡᠯ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠂ ᠴᠢᠬᠤᠯᠠ ᠶᠡᠭᠡ ᠲᠥᠷᠥᠯ ᠵᠦᠶᠯ᠎ᠤᠨ ᠲᠤᠬᠠᠶ᠎ᠶ᠋ᠢᠨ ᠲᠠᠯᠠᠪᠠᠶ᠎ᠳᠤ ᠬᠦᠷᠴᠦ᠍᠂ ᠲᠤᠰᠭᠠᠶ ᠰᠡᠳᠦᠪᠲᠦ ᠲᠠᠢᠯᠤᠮᠵᠢ᠂ ᠲᠤᠰᠭᠠᠶ ᠡᠷᠡᠭᠦᠯ᠎ᠤᠨ ᠪᠠᠢᠴᠠᠭᠠᠯᠲᠠ᠂ ᠲᠤᠰᠭᠠᠶ ᠡᠶᠡᠳᠡᠭᠦᠯᠭᠡ ᠬᠦᠷᠭᠡᠵᠦ᠍᠂ ᠠᠵᠤ ᠠᠬᠤᠢᠯᠠᠯ᠎ᠢ ᠬᠠᠪᠰᠤᠷᠤᠨ ᠬᠠᠤᠯᠢ ᠴᠠᠭᠠᠵᠠ᠎ᠶ᠋ᠢᠨ ᠲᠦᠭ᠌ᠰᠢᠭᠦᠷᠢ᠎ᠠᠴᠠ ᠵᠠᠢᠯᠠᠭᠤᠯᠵᠤ᠂ ᠵᠠᠬ᠎ᠠ ᠳᠡᠯᠭᠡᠭᠦᠷ᠎ᠤᠨ ᠥᠷᠢᠰᠦᠯᠳᠦᠬᠦ᠌ ᠬᠦᠴᠦᠨ᠎ᠢ᠎ᠨᠢ ᠳᠡᠭᠡᠭ᠌ᠰᠢᠯᠡᠭᠦᠯᠪᠡ᠃ ᠪᠦᠬᠦ᠌ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠱᠢᠰᠲ᠋ᠧᠮ᠎ᠤᠨ᠎ᠬᠢᠨ ᠪᠦᠬᠦ᠌ ᠠᠷᠠᠳ᠎ᠤᠨ ᠴᠠᠭ᠍ᠳᠠᠭ᠎ᠠ᠎ᠶ᠋ᠢ ᠬᠥᠮᠦᠵᠢᠭᠦᠯᠦᠨ ᠵᠢᠯᠣᠭᠤᠳᠴᠤ᠌ ᠪᠠᠢᠭᠠᠳ ᠨᠠᠮ᠎ᠤᠨ ᠱᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠬᠠᠮᠤᠭ᠎ᠤᠨ ᠳᠤᠪᠤᠢᠮ᠎ᠠ ᠠᠰᠠᠭᠤᠳᠠᠯ᠂ ᠬᠠᠮᠤᠭ᠎ᠤᠨ ᠬᠦᠴᠢᠷᠳᠡᠯᠲᠡᠢ ᠬᠥᠮᠦᠰ ᠂ ᠬᠠᠮᠤᠭ᠎ᠤᠨ ᠪᠣᠳᠠᠲᠠᠢ ᠠᠵᠢᠯ᠎ᠠᠴᠠ ᠭᠠᠷᠳᠠᠨ ᠠᠳᠭᠤᠵᠤ᠂ ᠤᠯᠠᠨ ᠲᠦᠮᠡᠨ᠎ᠤ ᠬᠦᠴᠢᠷ ᠵᠣᠪᠠᠭᠤᠷᠢ᠎ᠶ᠋ᠢ ᠢᠳᠡᠪᠬᠢᠲᠡᠢ ᠱᠢᠢᠳᠪᠦᠷᠢᠯᠡᠵᠦ᠍ ᠥᠭ᠌ᠪᠡ᠃