ᠤᠯᠠᠭᠠᠨᠬᠠᠳᠠ ᠬᠤᠳᠠ᠎ᠶ᠋ᠢᠨ ᠯᠢᠨᠰᠢ ᠱᠢᠶᠠᠨ᠎ᠤ ᠶᠤᠸᠠᠢ ᠭᠧ ᠵᠤᠸᠠᠩ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢᠨ ᠪᠦᠲᠦᠭᠡᠭ᠌ᠳᠡᠬᠦᠨ᠎ᠤ ᠠᠷᠠᠯᠵᠢᠶᠠᠨ᠎ᠤ ᠲᠥᠪ᠎ᠤᠨ ᠪᠥᠭᠡᠮ᠎ᠢᠶᠠᠷ ᠬᠤᠳᠠᠯᠳᠤᠬᠤ ᠲᠢᠩᠬᠢᠮ ᠪᠣᠯᠤᠨ ᠢᠵᠢ ᠪᠦᠷᠢᠳᠦᠭ᠌ᠰᠡᠨ ᠬᠤᠳᠠᠯᠳᠤᠭᠠᠨ᠎ᠤ ᠠᠰᠠᠷ᠎ᠤᠳ ᠭᠤᠢᠳᠠ ᠰᠠᠢᠬᠠᠨ ᠦᠵᠡᠮᠵᠢ ᠪᠤᠯᠵᠤ ᠵᠢᠭ᠌ᠳᠡᠷᠡᠨᠠ᠃
ᠯᠢᠨᠰᠢ ᠱᠢᠶᠠᠨ ᠵᠢᠯ ᠭᠠᠷᠤᠶ᠎ᠶ᠋ᠢᠨ ᠪᠠᠴᠢᠮ ᠶᠠᠭᠠᠷᠠᠯᠲᠠᠶ ᠪᠥᠲᠥᠭᠡᠨ ᠪᠠᠢᠭᠤᠯᠤᠯᠲᠠ᠎ᠪᠠᠷ ᠳᠡᠮᠵᠢᠵᠤ᠂ ᠪᠡᠭᠡᠵᠢᠩ ᠬᠤᠲᠠ᠎ᠶ᠋ᠢᠨ ᠹᠧᠩᠲ᠋ᠡᠶ ᠲᠣᠭᠤᠷᠢᠭ᠎ᠤᠨ ᠯᠦ᠍ ᠭᠧ ᠴᠢᠶᠣᠤ ᠱᠢᠶᠠᠩ᠎ᠤᠨ ᠶᠤᠸᠠᠢ ᠭᠧ ᠵᠤᠸᠠᠩ ᠲᠣᠰᠭᠤᠨ᠂ ᠵᠧᠩ ᠴᠠᠩ ᠵᠤᠸᠠᠩ ᠲᠣᠰᠭᠤᠨ 2 ᠳ᠋ᠦᠩᠱᠢᠭᠤᠷ ᠲᠦᠬᠦᠷᠢᠭ᠎ᠤᠨ ᠪᠠᠯᠠ ᠤᠷᠤᠭᠤᠯᠤᠨ᠂ ᠯᠢᠨᠰᠢ ᠱᠢᠶᠠᠨ᠎ᠤ ᠶᠤᠸᠠᠢ ᠭᠧ ᠵᠤᠸᠠᠩ ᠲᠠᠷᠢᠶᠠᠯᠠᠩ᠎ᠤᠨ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠤ ᠠᠷᠠᠯᠵᠢᠶᠠᠨ᠎ᠤ ᠲᠥᠪ᠎ᠢ ᠪᠠᠢᠭᠤᠯᠵᠤ᠂ ᠯᠢᠨᠰᠢ ᠱᠢᠶᠠᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠦᠷ᠎ᠠ ᠪᠦᠳᠦᠮᠵᠢ᠎ᠶ᠋ᠢ ᠪᠠᠬᠢᠵᠢᠭᠦᠯᠬᠦ᠌᠎ᠳᠤ ᠳᠠᠬᠢᠨᠲᠠ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠵᠠᠢ᠃
ᠣᠳᠣ ᠲᠣᠰ ᠲᠠᠷᠢᠶᠠᠯᠠᠩ᠎ᠤᠨ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠤ ᠠᠷᠠᠯᠵᠢᠶᠠᠨ᠎ᠤ ᠲᠦᠪ᠎ᠤᠨ ᠭᠤᠤᠯ ᠴᠣᠭ᠍ᠴᠠ᠎ᠶ᠋ᠢᠨ ᠪᠥᠲᠥᠭᠡᠨ ᠪᠠᠢᠭᠤᠯᠤᠯᠲᠠ ᠪᠠ ᠳᠣᠲᠣᠷᠡᠬᠢ ᠵᠠᠰᠠᠯ ᠴᠢᠮᠡᠭ᠌ᠯᠡᠯᠢ ᠨᠢᠭᠡᠨᠲᠡ ᠳᠠᠭᠤᠰᠭᠠᠵᠤ᠂ ᠠᠵᠢᠯᠴᠢᠳ ᠶᠠᠭ ᠰᠠᠢᠬᠠᠨ ᠴᠡᠪᠡᠷᠯᠡᠬᠦ᠌ ᠵᠡᠷᠭᠡ ᠰᠡᠭᠦᠯᠴᠢ᠎ᠶ᠋ᠢᠨ ᠠᠵᠢᠯ᠎ᠢ ᠬᠢᠵᠦ᠍ ᠪᠠᠢᠨ᠎ᠠ᠃ 《ᠲᠠᠯᠠᠪᠤᠷ᠎ᠢ ᠬᠠᠲᠠᠭᠤᠷᠠᠭᠤᠯᠬᠤ᠂ ᠨᠣᠭᠤᠭᠠᠷᠠᠭᠤᠯᠬᠤ ᠪᠠ ᠭᠠᠵᠠᠷ ᠳᠣᠣᠷᠠᠬᠢ ᠬᠤᠭᠤᠯᠠᠢ ᠲᠣᠣᠷ᠎ᠢ ᠳᠡᠪᠢᠰᠭᠦ ᠵᠡᠷᠭᠡ ᠠᠵᠢᠯ᠎ᠢ ᠡᠨᠡ ᠵᠢᠯ᠎ᠤᠨ 5 ᠰᠠᠷ᠎ᠠ᠎ᠳᠤ ᠳᠠᠭᠤᠰᠭᠠᠵᠤ᠂ 6 ᠰᠠᠷ᠎ᠠ᠎ᠳᠤ ᠪᠦᠬᠦ᠌ ᠲᠠᠯ᠎ᠠ᠎ᠪᠠᠷ ᠠᠱᠢᠬ᠍ᠯᠠᠯᠲᠠ᠎ᠳᠤ ᠣᠷᠣᠭᠤᠯᠤᠨ᠎ᠠ》 ᠬᠡᠵᠤ ᠲᠥᠷᠥᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠤᠨ ᠬᠠᠷᠢᠭᠤᠴᠠᠯᠭᠠᠲᠠᠨ ᠯᠢᠦ ᡁᠢ ᠭᠦᠸᠧ ᠲᠠᠨᠢᠯᠴᠠᠭᠤᠯᠤᠯ᠎ᠠ᠃
2019 ᠣᠨ᠎ᠳᠤ᠂ ᠯᠢᠨᠰᠢ ᠱᠢᠶᠠᠨ ᠤᠯᠠᠭᠠᠨᠬᠠᠳᠠ᠎ᠶ᠋ᠢᠨ ᠬᠤᠢᠳᠤ ᠬᠡᠰᠡᠭ᠂ ᠱᠢᠯᠢᠩᠬᠤᠳᠠ᠎ᠶ᠋ᠢᠨ ᠡᠮᠤᠨ᠎ᠠ ᠪᠠᠢᠷᠢᠯᠠᠳᠠᠭ ᠭᠠᠵᠠᠷ ᠵᠦᠢ᠎ᠶ᠋ᠢᠨ ᠤᠨᠴᠠᠯᠢᠭ᠎ᠲᠠᠭᠠᠨ ᠰᠠᠭᠤᠷᠢᠯᠠᠨ᠂ ᠪᠡᠭᠡᠵᠢᠩ ᠥᠪᠥᠷ ᠮᠣᠩᠭᠤᠯ᠎ᠤᠨ ᠣᠷᠣᠨ ᠪᠦᠰᠡ᠎ᠶ᠋ᠢᠨ ᠴᠢᠨᠠᠷᠲᠠᠶ ᠠᠵᠤ ᠠᠬᠤᠶ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠬᠤ᠎ᠶ᠋ᠢᠨ ᠲᠦᠯᠦᠭᠡ᠂ ᠪᠡᠭᠡᠵᠢᠩ ᠥᠪᠥᠷ ᠮᠣᠩᠭᠤᠯ᠎ᠤᠨ ᠠᠵᠤ ᠦᠢᠯᠡᠰ᠎ᠤᠨ ᠬᠠᠮᠵᠢᠯᠴᠠᠬᠤ ᠲᠠᠪᠴᠠᠩ᠎ᠳᠤ ᠲᠦᠱᠢᠭ᠌ᠯᠡᠨ᠂ ᠤᠯᠠᠭᠠᠨᠬᠠᠳᠠ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠤ ᠴᠢᠨᠠᠷ ᠰᠠᠢᠲᠠᠶ ᠲᠠᠷᠢᠶᠠᠯᠠᠩ᠎ᠤᠨ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠤ ᠡᠬᠢ ᠪᠠᠶᠠᠯᠢᠭ᠎ᠢ ᠲᠥᠪᠯᠡᠷᠡᠭᠦᠯᠦᠨ ᠨᠡᠢᠯᠡᠭᠦᠯᠬᠦ᠌᠎ᠪᠠᠷ ᠳᠠᠮᠵᠢᠭᠤᠯᠵᠤ᠂ ᠪᠡᠭᠡᠵᠢᠩ᠎ᠤᠨ ᠶᠤᠸᠠᠢ ᠭᠧ ᠵᠤᠸᠠᠩ ᠲᠠᠷᠢᠶᠠᠯᠠᠩ᠎ᠤᠨ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠤ ᠠᠷᠠᠯᠵᠢᠶᠠᠨ᠎ᠤ ᠲᠥᠪ᠎ᠤᠨ ᠲᠥᠷᠥᠯ ᠵᠦᠢᠯ᠎ᠢ ᠤᠷᠤᠭᠤᠯᠤᠨ ᠠᠪᠴᠢᠷᠠᠵᠤ᠂ ᠦᠢᠯᠠᠳᠪᠦᠷᠢᠯᠠᠯ ᠪᠠ ᠬᠡᠷᠡᠭ᠌ᠯᠡᠭᠡ᠎ᠶ᠋ᠢ ᠤᠨᠤᠪᠴᠢᠳᠠᠢ ᠵᠤᠯᠭᠠᠭᠤᠯᠤᠨ᠂ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢᠨ ᠪᠦᠳᠦᠬᠡᠭ᠌ᠳᠡᠬᠦᠨᠢ ᠡᠳ᠋ᠱᠢᠬᠦᠯᠬᠦ᠂ ᠬᠠᠳᠠᠭᠠᠯᠠᠬᠤ᠂ ᠬᠡᠯᠬᠢᠶ᠎ᠠ᠎ᠳᠦ ᠪᠠᠷᠠᠭᠠᠨ᠎ᠤ ᠭᠦᠶᠯᠭᠡᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠲᠣᠮᠣ ᠬᠡᠯᠪᠡᠷᠢ᠎ᠶ᠋ᠢᠨ ᠣᠷᠣᠨ ᠪᠦᠰᠡ᠎ᠶ᠋ᠢᠨ ᠴᠢᠨᠠᠷᠲᠠᠶ᠂ ᠶᠡᠷᠦᠩᠬᠡᠢᠯᠡᠭ᠌ᠰᠡᠨ ᠴᠢᠨᠠᠷᠲᠠᠶ ᠰᠤᠯᠢᠯᠴᠠᠭᠠᠨ᠎ᠤ ᠲᠠᠪᠴᠠᠩ᠎ᠢ ᠪᠠᠢᠭᠤᠯᠵᠠᠢ᠃ 《ᠡᠨᠡ ᠬᠦ᠌ ᠲᠤᠮᠤ ᠠᠷᠠᠯᠵᠢᠶᠠᠨ᠎ᠤ ᠲᠦᠪ ᠡᠵᠡᠩᠨᠡᠯᠲᠡ᠎ᠪᠠᠨ ᠡᠬᠢᠯᠡᠭᠦᠯᠦᠭ᠌ᠰᠡᠨ᠎ᠤ ᠲᠠᠷᠠᠭ᠎ᠠ᠂ ᠯᠢᠨᠰᠢ᠎ᠶ᠋ᠢᠨ ᠬᠥᠮᠦᠰ᠎ᠤᠨ ᠣᠮᠣᠭ᠍ᠰᠢᠯ ᠪᠤᠯᠵᠤ᠂ ᠠᠷᠠᠳ ᠤᠯᠠᠨ᠎ᠤ ᠬᠤᠢᠱᠢᠳᠠ᠎ᠶ᠋ᠢᠨ ᠬᠥᠭ᠌ᠵᠢᠯᠲᠡ᠎ᠳᠤ ᠬᠥᠭᠦᠷᠭᠡ ᠬᠤᠯᠪᠤᠭᠠᠰᠤ᠎ᠶ᠋ᠢᠨ ᠦᠢᠯᠡᠳᠦᠯ ᠦᠵᠡᠬᠦᠯᠵᠤ ᠬᠦᠭ᠌ᠵᠢᠯᠳᠠ᠎ᠶ᠋ᠢᠨ ᠵᠠᠮ ᠨᠠᠩ ᠰᠠᠷᠠᠭᠤᠯ ᠲᠠᠷᠳᠠᠩ ᠪᠤᠯᠤᠨ᠎ᠠ》 ᠬᠡᠵᠤ ᠵᠢᠯ᠎ᠤᠨ ᠣᠷᠣᠯᠭ᠎ᠠ᠎ᠨᠢ 50 ᠲᠦᠮᠡᠨ ᠲᠥᠭᠦᠷᠢᠭ᠎ᠲᠤ ᠬᠦᠷᠦᠭ᠌ᠰᠡᠨ ᠯᠢᠨᠰᠢ ᠱᠢᠶᠠᠨ᠎ᠤ ᠱᠡᠬᠡᠷᠳᠦ ᠱᠢᠶᠠᠩ᠎ᠤᠨ ᠳ᠋ᠠ ᠺᠠᠩ ᠠᠵᠤ ᠦᠢᠯᠡᠰ᠎ᠤᠨ ᠬᠦᠷᠢᠶᠡᠯᠡᠩ᠎ᠤᠨ ᠢᠳᠡᠱᠢᠨ ᠨᠣᠭᠤᠭ᠎ᠠ ᠲᠠᠷᠢᠬᠤ ᠲᠤᠮᠤ ᠡᠷᠦᠭᠡ ᠭᠧᠩ ᠯᠢ ᠸᠧᠢ ᠶᠠᠷᠢᠨ᠎ᠠ᠃ 《ᠪᠡᠭᠡᠵᠢᠩ᠎ᠤᠨ ᠶᠤᠸᠠᠢ ᠭᠧ ᠵᠤᠸᠠᠩ᠎ᠤᠨ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢᠨ ᠪᠦᠲᠦᠭᠡᠭ᠌ᠳᠡᠬᠦᠨ᠎ᠤ ᠠᠷᠠᠯᠵᠢᠶᠠᠨ᠎ᠤ ᠲᠥᠪ ᠠᠱᠢᠬ᠍ᠯᠠᠯᠳᠠ᠎ᠳᠤ ᠤᠷᠤᠪᠠᠯ ᠪᠢᠳᠠ ᠲᠥᠪᠡᠳ ᠬᠠᠰᠢ᠎ᠪᠠᠨ ᠱᠢᠭᠤᠳ ᠪᠡᠭᠡᠵᠢᠩ᠎ᠳᠤ ᠬᠦᠷᠭᠡᠵᠦ᠍᠂ ᠳᠤᠮᠳᠠᠬᠢ ᠭᠤᠭ᠍ᠴᠤᠭ᠎ᠠ᠎ᠶ᠋ᠢ ᠪᠠᠭᠠᠰᠭᠠᠵᠤ ᠪᠣᠯᠤᠨ᠎ᠠ᠂ ᠲᠡᠷᠡ ᠦᠶ᠎ᠡ᠎ᠳᠤ ᠮᠠᠨ᠎ᠤ ᠣᠷᠣᠯᠭ᠎ᠠ ᠯᠠᠪᠲᠠᠢ ᠨᠡᠩ ᠰᠠᠢᠨ ᠪᠣᠯᠤᠨ᠎ᠠ》 ᠬᠡᠵᠤ ᠭᠧᠩ ᠯᠢ ᠸᠧᠢ ᠬᠦᠰᠡᠵᠦ᠍ ᠪᠠᠢᠯ᠎ᠠ᠃
ᠯᠢᠨᠰᠢ ᠱᠢᠶᠠᠨ᠎ᠤ ᠶᠤᠸᠠᠢ ᠭᠧ ᠵᠤᠸᠠᠩ᠎ᠤᠨ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢᠨ ᠪᠦᠲᠦᠭᠡᠭ᠌ᠳᠡᠬᠦᠨ᠎ᠤ ᠠᠷᠠᠯᠵᠢᠶᠠᠨ᠎ᠤ ᠲᠥᠪ᠎ᠤᠨ ᠲᠥᠷᠥᠯ ᠵᠦᠢᠯ᠎ᠳᠤ ᠨᠡᠢᠲᠡ 2 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠤ᠂ 149.8 ᠮᠥ᠍ ᠭᠠᠵᠠᠷ ᠡᠵᠡᠯᠡᠨ᠂ ᠲᠥᠷᠥᠯ ᠵᠦᠢᠯ᠎ᠤᠨ ᠨᠢᠭᠡᠳᠦᠭᠡᠷ ᠬᠤᠭᠤᠴᠠᠭᠠᠨ᠎ᠤ ᠪᠠᠷᠢᠯᠭ᠎ᠠ᠎ᠶ᠋ᠢᠨ ᠲᠠᠯᠠᠪᠠᠶ 53570 ᠲᠡᠭ᠌ᠰᠢ ᠳᠥᠷᠪᠡᠯᠵᠢᠨ ᠮᠧᠲᠷ ᠪᠠᠢᠵᠤ᠂ ᠭᠤᠤᠯᠳᠠᠭᠤ ᠲᠠᠷᠢᠶᠠᠯᠠᠩ᠎ᠤᠨ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠢ ᠪᠥᠭᠡᠮ᠎ᠢᠶᠠᠷ ᠬᠤᠳᠠᠯᠳᠤᠬᠤ ᠲᠤᠰᠭᠠᠶ ᠵᠠᠬ᠎ᠠ ᠳᠡᠯᠭᠡᠭᠦᠷ᠎ᠢ ᠪᠠᠢᠭᠤᠯᠪᠠ᠃
ᠲᠥᠷᠥᠯ ᠵᠦᠢᠯ᠎ᠢ ᠪᠠᠢᠭᠤᠯᠵᠤ ᠲᠠᠭᠤᠰᠤᠬ᠍ᠰᠠᠨᠤ ᠳᠠᠷᠠᠭ᠎ᠠ᠂ ᠲᠠᠷᠢᠶᠠᠯᠠᠩ᠎ᠤᠨ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠤ ᠵᠢᠯ᠎ᠤᠨ ᠠᠷᠠᠯᠵᠢᠶ᠎ᠠ 3 ᠳ᠋ᠦᠩᠱᠢᠭᠤᠷ ᠺᠢᠯᠣᠭ᠌ᠷᠠᠮ᠎ᠳᠤ ᠬᠦᠷᠴᠦ᠍᠂ ᠠᠷᠠᠯᠵᠢᠶᠠᠨ᠎ᠤ ᠦᠷᠳᠡᠭ 28 ᠳ᠋ᠦᠩᠱᠢᠭᠤᠷ ᠲᠥᠭᠦᠷᠢᠭ᠎ᠢ ᠳᠠᠪᠠᠵᠤ᠂ ᠯᠢᠨᠰᠢ ᠱᠢᠶᠠᠨ᠎ᠤ 5 ᠲᠦᠮᠡᠨ ᠮᠥ᠍ ᠲᠦᠬᠦᠬᠡᠷᠦᠮᠵᠢᠳᠦ ᠲᠠᠷᠢᠶᠠᠯᠠᠩ᠎ᠢ ᠬᠥᠭ᠌ᠵᠢᠭᠦᠯᠬᠦ᠌᠎ᠶ᠋ᠢ ᠳᠠᠢᠴᠢᠯᠠᠨ᠂ 500 ᠠᠵᠢᠯ᠎ᠤᠨ ᠪᠠᠢᠷᠢ᠎ᠶ᠋ᠢ ᠡᠭᠦᠳᠬᠦ᠌ ᠪᠣᠯᠤᠨ᠎ᠠ᠃ ᠲᠣᠰ ᠲᠥᠷᠥᠯ ᠵᠦᠢᠯ᠎ᠳᠤ ᠪᠡᠭᠡᠵᠢᠩ ᠥᠪᠥᠷ ᠮᠣᠩᠭᠤᠯ᠎ᠤᠨ ᠶᠠᠳᠠᠭᠤ᠎ᠶ᠋ᠢ ᠲᠡᠳᠬᠦᠬᠦ᠌ ᠬᠠᠮᠵᠢᠯᠴᠠᠭ᠎ᠠ᠎ᠶ᠋ᠢᠨ ᠪᠠᠯᠠ ᠮᠥᠩᠭᠦ᠎ᠶ᠋ᠢ 854.8 ᠲᠦᠮᠡᠨ ᠲᠥᠭᠦᠷᠢᠭ ᠣᠷᠣᠭᠤᠯᠵᠤ᠂ ᠲᠠᠩᠰᠠᠯᠠᠵᠤ ᠺᠠᠷᠳ᠋ᠯᠠᠬ᠍ᠰᠠᠨ 683 ᠶᠠᠳᠠᠭᠤ ᠬᠦᠴᠢᠷᠳᠠᠯᠳᠠᠢ ᠡᠷᠦᠬᠡ ᠠᠱᠢᠭ ᠬᠦᠷᠲᠡᠬᠦ᠌ ᠪᠤᠯᠤᠨ᠎ᠠ᠃
《ᠯᠢᠨᠰᠢ ᠱᠢᠶᠠᠨ᠎ᠤ ᠶᠤᠸᠠᠢ ᠭᠧ ᠵᠤᠸᠠᠩ᠎ᠤᠨ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢᠨ ᠪᠦᠲᠦᠭᠡᠭ᠌ᠳᠡᠬᠦᠨ᠎ᠤ ᠠᠷᠠᠯᠵᠢᠶᠠᠨ᠎ᠤ ᠲᠥᠪ᠎ᠢ ᠪᠦᠳᠦᠭᠡᠨ ᠪᠠᠢᠭᠤᠯᠬᠤ᠎ᠠᠴᠠ ᠡᠮᠤᠨ᠎ᠠ ᠪᠢᠳᠠ ᠯᠢᠨᠰᠢ ᠱᠢᠶᠠᠨ᠎ᠤ ᠢᠳᠡᠱᠢᠨ ᠨᠤᠭᠤᠭ᠎ᠠ᠎ᠶ᠋ᠢᠨ ᠬᠤᠳᠠᠯᠳᠤᠭᠠᠨ᠎ᠤ ᠨᠡᠢᠭᠡᠮᠯᠢᠭ᠎ᠲᠠᠢ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ ᠳᠤᠭ᠍ᠳᠠᠵᠤ᠂ ᠵᠠᠬᠢᠶᠠᠯᠠᠭ᠎ᠠ᠎ᠶ᠋ᠢᠨ ᠬᠠᠭᠤᠳᠠᠰᠤ᠎ᠪᠠᠷ ᠨᠤᠭᠤᠭ᠎ᠠ ᠲᠠᠷᠢᠵᠤ᠂ ᠬᠦᠢᠳᠡᠨ ᠬᠡᠯᠬᠢᠶᠡᠲᠦ ᠲᠤᠬᠢᠷᠠᠭᠤᠯᠤᠨ ᠬᠦᠷᠭᠡᠬᠦ᠌ ᠪᠠ ᠬᠠᠷᠢᠯᠴᠠᠬᠤ ᠴᠡᠭ ᠪᠠᠢᠭᠤᠯᠵᠤ᠂ ᠠᠵᠤ ᠠᠬᠤᠢ᠎ᠶ᠋ᠢᠨ ᠬᠤᠬᠢᠷᠠᠯ᠎ᠢ ᠪᠠᠭᠠᠰᠭᠠᠪᠠ》 ᠬᠡᠵᠤ ᠯᠢᠨᠰᠢ ᠱᠢᠶᠠᠨ᠎ᠤ ᠱᠤᠸᠠᠩ ᠶᠢᠩ ᠲᠠᠷᠢᠶᠠᠯᠠᠩ᠎ᠤᠨ ᠲᠤᠰᠭᠠᠢ ᠬᠤᠷᠱᠢᠶ᠎ᠠ᠎ᠶ᠋ᠢᠨ ᠡᠷᠬᠢᠯᠡᠭ᠌ᠴᠢᠳ᠎ᠤᠨ ᠳᠠᠷᠤᠭ᠎ᠠ ᠷᠧᠨ ᠢᠦᠢ ᠪᠠᠶᠠᠷᠲᠠᠢ ᠬᠡᠯᠡᠨ᠎ᠠ᠃
ᠯᠢᠨᠰᠢ ᠱᠢᠶᠠᠨ ᠶᠤᠸᠠᠢ ᠭᠧ ᠵᠤᠸᠠᠩ᠎ᠤᠨ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢᠨ ᠪᠦᠲᠦᠭᠡᠭ᠌ᠳᠡᠬᠦᠨ᠎ᠤ ᠠᠷᠠᠯᠵᠢᠶᠠᠨ᠎ᠤ ᠲᠥᠪ᠎ᠲᠤ ᠲᠦᠱᠢᠭ᠌ᠯᠡᠨ ᠦᠪᠦᠷ ᠮᠤᠩᠭᠤᠯ᠎ᠤᠨ ᠵᠡᠬᠦᠨ ᠬᠡᠰᠡᠭ᠎ᠤᠨ ᠬᠠᠮᠤᠭ᠎ᠤᠨ ᠶᠡᠭᠡ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢᠨ ᠰᠠᠭᠤᠷᠢᠨ᠂ 《ᠬᠤᠯᠢᠱᠢᠨ ᠢᠳᠡᠭᠡᠨ》 ᠬᠠᠩᠭᠠᠬᠤ ᠰᠠᠭᠤᠷᠢᠨ᠂ ᠪᠡᠭᠡᠵᠢᠩ ᠥᠪᠥᠷ ᠮᠣᠩᠭᠤᠯ᠎ᠤᠨ ᠬᠡᠷᠡᠭ᠌ᠯᠡᠭᠡ᠎ᠪᠠᠷ ᠶᠠᠳᠠᠭᠤ᠎ᠶ᠋ᠢ ᠲᠡᠳᠬᠦᠬᠦ᠌ ᠪᠠ ᠠᠵᠢᠯ ᠣᠯᠭᠤᠯᠲᠠ᠎ᠪᠠᠷ ᠶᠠᠳᠠᠭᠤ᠎ᠶ᠋ᠢ ᠲᠡᠳᠬᠦᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠢ ᠪᠠᠢᠭᠤᠯᠬᠤ᠎ᠪᠠᠷ ᠴᠢᠷᠮᠠᠢᠵᠤ ᠪᠤᠢ᠃
ᠲᠤᠰ ᠠᠷᠠᠯᠵᠢᠶᠠᠨ᠎ᠤ ᠲᠥᠪ ᠠᠱᠢᠬ᠍ᠯᠠᠯᠳᠠ᠎ᠳᠤ ᠤᠷᠤᠭ᠍ᠰᠠᠨ᠎ᠤ ᠲᠠᠷᠠᠭ᠎ᠠ᠂ ᠳᠥᠭᠦᠮ ᠳᠥᠲᠡ ᠵᠠᠮ ᠬᠠᠷᠢᠯᠴᠠᠭ᠎ᠠ᠎ᠶ᠋ᠢ ᠠᠱᠢᠬ᠍ᠯᠠᠨ᠂ ᠤᠯᠠᠭᠠᠨᠬᠠᠳᠠ ᠣᠷᠣᠨ᠎ᠤ ᠤᠯᠠᠷᠢᠯ᠎ᠤᠨ ᠴᠢᠨᠠᠷᠳᠠᠢ ᠢᠳᠡᠱᠢᠨ ᠨᠣᠭᠤᠭ᠎ᠠ᠂ ᠤᠯᠠᠷᠢᠯ᠎ᠤᠨ ᠪᠤᠰᠤ ᠢᠳᠡᠱᠢᠨ ᠨᠣᠭᠤᠭ᠎ᠠ᠎ᠶ᠋ᠢ 24 ᠴᠠᠭ᠎ᠤᠨ ᠳᠣᠲᠣᠷ᠎ᠠ ᠤᠮᠠᠷᠠᠲᠤ ᠣᠷᠣᠨ᠂ ᠵᠡᠭᠦᠨ ᠬᠤᠢᠲᠤ ᠣᠷᠣᠨ᠎ᠳᠤ ᠲᠡᠭᠡᠭᠡᠪᠦᠷᠢᠯᠡᠨ ᠬᠦᠷᠭᠡᠬᠦ᠌᠎ᠶ᠋ᠢᠨ ᠬᠠᠮᠲᠤ ᠬᠠᠭᠤᠷᠠᠶ ᠵᠠᠮ᠎ᠤᠨ ᠪᠣᠭᠤᠮᠲᠠ ᠡᠷᠢᠶᠡᠨ ᠬᠤᠲᠠ ᠪᠣᠯᠤᠨ ᠮᠠᠨᠵᠤᠤᠷ᠎ᠢᠶᠠᠷ ᠳᠠᠮᠵᠢᠭᠤᠯᠤᠨ ᠮᠣᠩᠭᠤᠯ ᠤᠯᠤᠰ᠂ ᠣᠷᠣᠰ᠎ᠲᠠᠢ ᠬᠤᠯᠪᠣᠵᠤ᠂ ᠡᠭᠦᠨ᠎ᠤ ᠤᠯᠠᠮ᠎ᠢᠶᠠᠷ ᠲᠥᠪ ᠠᠽᠢᠶ᠎ᠠ ᠪᠣᠯᠤᠨ ᠧᠦ᠋ᠷᠣᠫᠠ᠎ᠳᠤ ᠬᠦᠷᠭᠡᠵᠦ᠍᠂ ᠯᠢᠨᠰᠢ ᠱᠢᠶᠠᠨ᠎ᠤ ᠠᠷᠠᠯᠵᠢᠶ᠎ᠠ ᠬᠤᠳᠠᠯᠳᠤᠭ᠎ᠠ ᠴᠢᠨᠠᠭ᠍ᠰᠢᠯᠠᠪᠠᠯ ᠤᠯᠠᠭᠠᠨᠬᠠᠳᠠ᠎ᠶ᠋ᠢᠨ ᠠᠷᠠᠯᠵᠢᠶ᠎ᠠ ᠬᠤᠳᠠᠯᠳᠤᠭ᠎ᠠ ᠪᠠᠷᠠᠭᠠᠨ᠎ᠤ ᠭᠦᠢᠯᠭᠡᠭᠡ᠎ᠶ᠋ᠢᠨ ᠠᠵᠤ ᠦᠢᠯᠡᠰ᠎ᠤᠨ ᠲᠠᠰ ᠳᠡᠪᠱᠢᠬᠦ᠌᠎ᠶ᠋ᠢ ᠳᠠᠢᠴᠢᠯᠠᠬᠤ ᠪᠤᠯᠤᠨ᠎ᠠ᠃