ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭᠠᠭᠤᠯᠤᠶ᠎ᠠ
2021-04-21 09:28:34
ᠵᠣᠬᠢᠶᠠᠭ᠍ᠴᠢ᠄
ᠪᠦᠦ ᠰᠡᠴᠡᠨ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠮᠠᠨ᠎ᠤ ᠤᠯᠤᠰ᠎ᠤᠨ 《ᠬᠥᠳᠡᠭᠡ ᠠᠵᠤ ᠠᠬᠤᠶ ᠬᠥᠳᠡᠭᠡ ᠲᠣᠰᠭᠤᠨ ᠲᠠᠷᠢᠶᠠᠴᠢᠨ》 ᠎ᠤ ᠠᠵᠢᠯ᠎ᠤᠨ ᠭᠤᠤᠯᠳᠠᠯᠭ᠎ᠠ᠎ᠶ᠋ᠢᠨ ᠲᠡᠦᠬᠡᠲᠦ ᠴᠢᠨᠠᠷᠲᠠᠶ ᠱᠢᠯᠵᠢᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭ᠎ᠠ ᠪᠠᠢᠵᠤ᠂ ᠡᠬᠢ ᠪᠠᠶᠠᠯᠢᠭ᠎ᠢ ᠲᠥᠪᠯᠡᠷᠡᠭᠦᠯᠦᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠳᠡᠮᠵᠢᠵᠦ᠍ ᠪᠠᠢᠭ᠍ᠰᠠᠨ᠎ᠠᠴᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠦ᠌ ᠲᠠᠯ᠎ᠠ᠎ᠪᠠᠷ ᠠᠬᠢᠭᠤᠯᠬᠤ ᠲᠡᠢᠰᠢ ᠲᠣᠭ᠍ᠲᠠᠭᠤᠨ ᠱᠢᠯᠵᠢᠬᠦ᠌᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠬᠦ᠌ ᠪᠣᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠶᠠᠳᠠᠭᠤ᠎ᠠᠴᠠ ᠠᠩᠭᠢᠵᠢᠷᠠᠭᠤᠯᠬᠤ᠎ᠨᠢ ᠡᠴᠦᠰ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠲᠡ ᠪᠣᠯᠤᠨ᠎ᠠ ᠭᠡᠵᠦ᠍ ᠴᠢᠬᠤᠯᠠᠴᠢᠯᠠᠪᠠ᠃ ᠪᠢᠳᠡ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠤᠷᠢᠭ᠎ᠠ ᠱᠤᠭᠤᠮ᠎ᠢ ᠪᠠᠲᠤ ᠰᠠᠬᠢᠨ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ ᠲᠠᠪᠤᠨ ᠵᠢᠯ᠎ᠤᠨ ᠱᠢᠯᠵᠢᠯᠲᠡ᠎ᠶ᠋ᠢᠨ ᠬᠤᠭᠤᠴᠠᠭᠠᠨ᠎ᠳᠠᠬᠢ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ ᠱᠢᠯᠢᠳᠡᠭ᠌ᠵᠢᠭᠦᠯᠬᠦ᠌ ᠪᠣᠳᠠᠲᠠᠶ ᠬᠡᠷᠡᠭ᠌ᠵᠢᠭᠦᠯᠬᠦ᠌ ᠠᠷᠭ᠎ᠠ᠎ᠶ᠋ᠢ ᠱᠠᠯᠠᠪᠳᠠᠨ ᠨᠡᠢᠲᠡᠯᠡᠵᠦ᠍᠂ ᠠᠵᠢᠯ ᠪᠠ ᠲᠥᠷᠥ᠎ᠶ᠋ᠢᠨ ᠪᠣᠳᠣᠯᠭ᠎ᠠ᠎ᠳᠤ ᠬᠤᠭᠤᠰᠣᠨ ᠵᠠᠶ ᠦᠯᠡᠳᠡᠭᠡᠬᠦ᠌ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ ᠪᠠ ᠡᠳ᠋᠎ᠤᠨ ᠵᠠᠰᠠᠭ᠎ᠤᠨ ᠣᠷᠣᠭᠤᠯᠤᠯᠲᠠ᠎ᠶ᠋ᠢᠨ ᠡᠷᠴᠢᠮ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠲᠥᠯᠥᠪᠵᠢᠭᠦᠯᠭᠡ᠂ ᠲᠥᠷᠥ᠎ᠶ᠋ᠢᠨ ᠪᠣᠳᠣᠯᠭ᠎ᠠ᠂ ᠠᠵᠤ ᠦᠶᠯᠡᠰ᠂ ᠵᠣᠬᠢᠶᠠᠨ ᠪᠠᠢᠭᠤᠯᠤᠯᠲᠠ ᠪᠠ ᠴᠢᠳᠠᠪᠤᠷᠢᠲᠠᠨ ᠵᠡᠷᠭᠡ ᠲᠠᠯ᠎ᠠ᠎ᠪᠠᠷ ᠪᠦᠲᠦᠮᠵᠢᠲᠡᠶ ᠵᠣᠯᠭᠠᠭᠤᠯᠬᠤ᠎ᠶ᠋ᠢ ᠴᠢᠩᠭᠠᠳᠭᠠᠨ᠂ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠤᠨ᠎ᠠ᠃ ᠦᠨᠳᠦᠰᠦᠲᠡᠨ᠎ᠢᠶᠠᠨ ᠰᠡᠷᠭᠦᠭᠡᠨ ᠮᠠᠨᠳᠤᠭᠤᠯᠬᠤ᠎ᠳᠤ ᠬᠥᠳᠡᠭᠡ ᠲᠣᠰᠭᠤᠨ᠎ᠢ ᠵᠠᠪᠠᠯ ᠬᠥᠭ᠌ᠵᠢᠭᠦᠯᠦᠨ ᠮᠠᠨᠳᠤᠭᠤᠯᠬᠤ ᠬᠡᠷᠡᠭ᠌ᠲᠡᠢ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠬᠥᠳᠡᠭᠡ ᠲᠣᠰᠭᠤᠨ᠎ᠤ ᠠᠵᠤ ᠦᠶᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠂ ᠮᠠᠯ ᠠᠵᠤ ᠠᠬᠤᠶ ᠲᠠᠷᠢᠶᠠᠯᠠᠩ ᠪᠣᠯᠤᠨ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠥᠨᠳᠥᠷ ᠪᠦᠲᠦᠮᠵᠢᠲᠡᠶ᠂ ᠬᠥᠳᠡᠭᠡ ᠲᠣᠰᠭᠤᠨ᠎ᠤ ᠣᠷᠣᠱᠢᠨ ᠰᠠᠭᠤᠷᠢᠱᠢᠬᠤ ᠦᠶᠯᠡᠰ ᠪᠤᠰᠭᠠᠬᠤ᠎ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠠᠢᠬᠤ᠎ᠶ᠋ᠢ ᠪᠡᠶᠡᠯᠡᠭᠦᠯᠬᠦ᠌ ᠬᠡᠷᠡᠭ᠌ᠲᠡᠶ᠃ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠥᠷᠭᠡᠨ ᠣᠯᠠᠨ ᠮᠠᠯᠴᠢᠨ ᠲᠠᠷᠢᠶᠠᠴᠢᠨ᠎ᠢ ᠨᠠᠩ ᠰᠠᠢᠨ ᠰᠠᠢᠬᠠᠨ ᠠᠮᠢᠳᠤᠷᠠᠯ᠎ᠲᠠᠢ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号