ᠦᠷ᠎ᠡ ᠪᠦᠲᠦᠭᠡᠯ᠎ᠢᠶᠠᠨ ᠪᠠᠬᠢᠵᠢᠭᠦᠯᠦᠨ ᠬᠦᠴᠦᠨ᠎ᠢᠶᠠᠨ ᠬᠤᠷᠠᠮᠳᠤᠭᠤᠯᠵᠤ ᠬᠦᠭ᠌ᠵᠢᠬᠦᠯᠦᠨ ᠮᠠᠨᠳᠤᠭᠤᠯᠤᠨ᠎ᠠ
2021-04-21 09:28:41
ᠵᠣᠬᠢᠶᠠᠭ᠍ᠴᠢ᠄
ᠬᠠᠨ ᠱᠢᠤᠸᠠᠢ ᠷᠦ᠋ ᠴᠢᠮᠡᠭᠡᠯᠡᠭ᠌ᠴᠢ ᠳ᠋ᠦᠩ ᠸᠧᠨ ᠳ᠋ᠠ
ᠣᠩᠱᠢᠭ᠍ᠰᠠᠨ ᠣᠳᠠᠭ᠎ᠠ᠄
★★★☆☆

ᠦᠬᠡ᠎ᠶ᠋ᠢᠨ ᠲᠡᠬᠦᠪᠤᠷᠢ

ᠶᠠᠳᠠᠭᠤ᠎ᠠᠴᠠ ᠠᠩᠭᠢᠵᠢᠷᠠᠭᠤᠯᠬᠤ ᠪᠣᠯ ᠡᠴᠦᠰ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠲᠡ ᠪᠣᠯᠤᠨ᠎ᠠ᠃ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠱᠢᠢᠳᠪᠦᠷᠢᠯᠡᠵᠦ᠍᠂ ᠬᠤᠳᠠ ᠬᠥᠳᠡᠭᠡ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠵᠦᠷᠢᠶ᠎ᠡ᠎ᠶ᠋ᠢ ᠪᠠᠭᠠᠰᠭᠠᠨ᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ ᠪᠤᠯᠤᠨ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯ᠎ᠢ ᠪᠡᠶᠡᠯᠡᠭᠦᠯᠬᠦ᠌᠎ᠳᠤ ᠮᠥᠨ ᠬᠦ᠌ ᠡᠭᠦᠷᠭᠡ ᠬᠦᠨᠳᠦ ᠵᠠᠮ ᠬᠤᠯᠠ ᠪᠠᠢᠨ᠎ᠠ᠃ ᠥᠪᠥᠷ ᠮᠣᠩᠭᠤᠯ᠎ᠤᠨ ᠭᠠᠵᠠᠷ ᠠᠭᠤᠳᠠᠮ ᠬᠥᠮᠦᠨ ᠴᠥᠭᠡᠨ᠂ ᠮᠠᠯᠴᠢᠨ ᠲᠠᠷᠢᠶᠠᠴᠢᠳ ᠨᠡᠯᠢᠶᠡᠳ ᠲᠠᠷᠠᠬᠠᠢ ᠪᠤᠲᠠᠷᠬᠠᠢ ᠰᠠᠭᠤᠷᠢᠱᠢᠨ ᠠᠮᠢᠳᠤᠷᠠᠵᠤ᠂ ᠠᠮᠢ ᠠᠬᠤᠢ ᠣᠷᠴᠢᠨ ᠲᠣᠭᠤᠷᠢᠨ ᠬᠡᠪᠡᠷᠡᠭ ᠪᠠᠢᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢᠶᠠᠨ ᠪᠠᠬᠢᠵᠢᠭᠦᠯᠦᠨ ᠥᠷᠭᠡᠳᠭᠡᠬᠦ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠲᠠᠯ᠎ᠠ᠎ᠪᠠᠷ ᠬᠦᠴᠢᠷᠳᠡᠯ ᠶᠡᠭᠡ ᠥᠷᠢᠰᠥᠯᠳᠦᠭᠡᠨ ᠤᠯᠠᠨ ᠪᠠᠢᠨ᠎ᠠ᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ᠃ ᠦᠪᠡᠷᠮᠢᠴᠡ ᠣᠨᠴᠠᠯᠢᠭ᠎ᠲᠠᠢ ᠲᠠᠪᠠᠭᠤᠯᠢᠭ᠍ᠳᠤ ᠠᠵᠤ ᠦᠢᠯᠡᠰ᠎ᠢ ᠬᠥᠭ᠌ᠵᠢᠭᠦᠯᠦᠨ᠂ ᠵᠣᠬᠢᠰᠲᠠᠢ ᠬᠡᠪᠴᠢᠶᠡᠲᠦ ᠡᠵᠡᠩᠨᠡᠯᠲᠡ᠎ᠶ᠋ᠢ ᠬᠥᠭ᠌ᠵᠢᠭᠦᠯᠵᠦ᠍᠂ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠯᠲᠡ᠂ ᠲᠦᠷᠦᠯ ᠲᠡᠮᠳᠡᠭ᠌ᠵᠢᠯᠲᠡ᠎ᠶ᠋ᠢ ᠠᠬᠢᠭᠤᠯᠬᠤ᠎ᠶ᠋ᠢᠨ ᠬᠠᠮᠲᠤ ᠰᠣᠶᠣᠯ ᠵᠢᠭᠤᠯᠴᠢᠯᠠᠯ᠂ ᠬᠥᠳᠡᠭᠡ ᠲᠣᠰᠭᠤᠨ᠎ᠤ ᠵᠢᠭᠤᠯᠴᠢᠯᠠᠯ᠎ᠢ ᠬᠥᠭ᠌ᠵᠢᠭᠦᠯᠬᠦ᠌᠎ᠲᠠᠢ ᠤᠶᠠᠯᠳᠤᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠬᠡᠷᠡᠭ᠌ᠲᠡᠢ᠃

— 2021 ᠣᠨ᠎ᠤ 3 ᠰᠠᠷ᠎ᠠ᠎ᠶ᠋ᠢᠨ 5 ᠎ᠤ ᠡᠳᠦᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠡ

 

 

ᠶᠠᠳᠠᠭᠤ ᠬᠦᠴᠢᠷᠳᠡᠯ᠎ᠢ ᠠᠷᠢᠯᠭᠠᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠤᠨ᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠬᠦ᠌ ᠪᠣᠯ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠮᠠᠨ᠎ᠤ ᠨᠠᠮ᠎ᠤᠨ ᠴᠢᠬᠤᠯᠠ ᠡᠭᠦᠷᠭᠡ ᠶᠤᠮ᠃

ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠳᠠᠢᠯᠠᠯᠳᠤᠭᠠᠨ ᠡᠬᠢᠯᠡᠭ᠌ᠰᠡᠨ᠎ᠠᠴᠠ ᠨᠠᠭᠠᠰᠢ᠂ ᠮᠠᠨ᠎ᠤ ᠣᠷᠣᠨ ᠨᠡᠢᠲᠡ 58 ᠲᠦᠮᠡᠨ ᠡᠷᠦᠬᠡ᠂ 157 ᠲᠦᠮᠡᠨ ᠬᠥᠮᠦᠨ᠂ 3681 ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠤᠯᠤᠰ᠎ᠤᠨ ᠲᠠᠰ᠎ᠤᠨ 31 ᠶᠠᠳᠠᠭᠤ ᠬᠦᠴᠢᠷᠳᠡᠯᠲᠡᠶ ᠬᠤᠱᠢᠭᠤ ᠱᠢᠶᠠᠨ᠂ ᠦᠪᠡᠷᠲᠡᠭᠡᠨ ᠵᠠᠰᠠᠬᠤ ᠣᠷᠣᠨ᠎ᠤ ᠲᠠᠰ᠎ᠤᠨ 26 ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠤᠯᠳᠡ᠎ᠶ᠋ᠢᠨ ᠬᠠᠷᠠᠯᠲᠠ ᠡᠭᠦᠷᠭᠡ᠎ᠶ᠋ᠢ ᠲᠤᠭ᠍ᠳᠠᠭ᠍ᠰᠠᠨ ᠬᠤᠭᠤᠴᠠᠭᠠᠨ᠎ᠳᠤ ᠪᠡᠶᠡᠯᠡᠭᠦᠯᠪᠡ᠃

ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠥᠪᠥᠷ ᠮᠣᠩᠭᠤᠯ ᠱᠢᠨ᠎ᠠ ᠠᠶᠠᠨ᠎ᠳᠠᠭᠠᠨ ᠲᠠᠬᠢᠨ ᠮᠣᠷᠳᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠤᠷᠢᠭ᠎ᠠ ᠱᠤᠭᠤᠮ᠎ᠢ ᠪᠠᠲᠤ ᠰᠠᠬᠢᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭᠠᠭᠤᠯᠬᠤ ᠡᠨᠡ ᠬᠦ᠌ ᠲᠤᠮᠤ ᠶᠠᠪᠤᠳᠠᠯ᠎ᠢ ᠨᠢᠮᠪᠠᠢ ᠲᠥᠯᠥᠪᠵᠢᠭᠦᠯᠵᠦ᠍᠂ ᠶᠠᠳᠠᠭᠤ᠎ᠠᠴᠠ ᠠᠩᠬᠢᠵᠢᠷᠠᠭᠤᠯᠬᠤ ᠭᠠᠵᠠᠷ ᠣᠷᠣᠨ᠎ᠤ ᠬᠥᠭ᠌ᠵᠢᠯᠲᠡ ᠪᠣᠯᠤᠨ ᠤᠯᠠᠨ ᠲᠦᠮᠡᠨ᠎ᠤ ᠠᠮᠢᠳᠤᠷᠠᠯ᠎ᠤᠨ ᠰᠠᠢᠵᠢᠷᠠᠯᠲᠠ᠎ᠶ᠋ᠢ ᠦᠷᠭᠦᠯᠵᠢᠯᠡᠨ ᠠᠬᠢᠭᠤᠯᠤᠨ᠎ᠠ᠃ 


ᠡᠨᠡ ᠪᠣᠯ ᠨᠢᠭᠡ ᠬᠦᠨᠳᠦ᠎ᠶ᠋ᠢᠨ ᠵᠢᠩ᠎ᠲᠠᠢ ᠬᠢᠷᠢ ᠪᠦᠲᠦᠮᠵᠢ᠎ᠶ᠋ᠢᠨ ᠬᠠᠭᠤᠳᠠᠰᠤ᠃ ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢᠨ ᠬᠥᠮᠦᠨ ᠳᠤᠮᠳᠠᠴᠢ᠎ᠶ᠋ᠢᠨ ᠣᠷᠣᠯᠭ᠎ᠠ 2015 ᠣᠨ᠎ᠳᠤ 3019 ᠲᠥᠭᠦᠷᠢᠭ ᠪᠠᠢᠭ᠍ᠰᠠᠨ᠎ᠠᠴᠠ 2020 ᠤᠨ ᠪᠣᠯᠬᠤ᠎ᠳᠤ 13159 ᠲᠥᠭᠦᠷᠢᠭ ᠪᠣᠯᠵᠣ᠂ ᠵᠢᠯ ᠳᠤᠮᠳᠠᠴᠢ᠎ᠪᠠᠷ 34.2 % ᠎ᠢᠶᠠᠷ ᠨᠡᠮᠡᠭ᠌ᠳᠡᠪᠡ; ᠪᠤᠶ ᠪᠦᠬᠦᠢ ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ᠎ᠳᠤ ᠴᠥᠮ ᠡᠷᠡᠭᠦᠯ ᠬᠠᠮᠠᠭᠠᠯᠠᠯ᠎ᠤᠨ ᠲᠠᠰᠤᠭ᠂ ᠲᠣᠰᠭᠤᠨ᠎ᠤ ᠡᠮᠴᠢ᠂ ᠰᠣᠶᠣᠯ᠎ᠤᠨ ᠲᠠᠰᠤᠭ᠂ ᠰᠣᠶᠣᠯ᠎ᠤᠨ ᠠᠭᠤᠳᠠᠮ ᠲᠠᠯᠠᠪᠠᠶ ᠪᠣᠯᠤᠨ ᠬᠠᠮ ᠳᠡᠯᠭᠡᠭᠦᠷ ᠲᠤᠬᠢᠷᠠᠭᠤᠯᠵᠤ᠂ ᠬᠠᠮᠲᠤ᠎ᠶ᠋ᠢᠨ ᠠᠵᠤ ᠠᠬᠤᠶ ᠴᠥᠮ ᠲᠣᠭ᠍ᠲᠠᠭᠤᠨ ᠣᠷᠣᠯᠭ᠎ᠠ᠎ᠲᠠᠢ ᠪᠤᠯᠤᠭ᠍ᠰᠠᠨ ᠪᠥᠭᠡᠳ ᠤᠷᠤᠯᠭ᠎ᠠ᠎ᠨᠢ ᠦᠷᠬᠦᠯᠵᠢᠯᠡᠨ ᠨᠡᠮᠡᠭ᠌ᠳᠡᠪᠡ; ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠡᠮᠦᠨ᠎ᠡ ᠹᠷᠣᠨᠲ᠎ᠲᠤ ᠨᠡᠢᠲᠡ 8.5 ᠲᠦᠮᠡᠨ ᠱᠢᠯᠢᠳᠡᠭ ᠨᠠᠮ᠎ᠤᠨ ᠭᠡᠱᠢᠭᠦᠨ ᠺᠠᠳ᠋ᠷ᠎ᠢ ᠰᠣᠩᠭᠤᠨ ᠲᠣᠮᠢᠯᠠᠵᠤ᠂ ᠡᠯ᠎ᠡ ᠱᠠᠲᠤᠨ᠎ᠤ ᠶᠠᠳᠠᠭᠤ᠎ᠶ᠋ᠢ ᠲᠡᠳᠬᠦᠬᠦ᠌ ᠺᠠᠳ᠋ᠷ᠎ᠢ ᠨᠡᠢᠲᠡ 50.3 ᠲᠦᠮᠡᠨ ᠬᠥᠮᠦᠨ ᠤᠳᠠᠭ᠎ᠠ ᠪᠤᠯᠪᠠᠰᠤᠷᠠᠯ ᠬᠦᠷᠲᠡᠭᠡᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠭᠡ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠪᠠ ᠁

ᠠᠯᠢᠪᠠ ᠠᠭᠤᠤ ᠶᠡᠭᠡ ᠠᠮᠵᠢᠯᠲᠠ ᠪᠦᠲᠦᠮᠵᠢ ᠪᠣᠯ ᠴᠥᠮ ᠴᠦᠬᠦᠷᠡᠰᠢ ᠦᠬᠡᠢ ᠲᠡᠮᠡᠴᠡᠭ᠌ᠰᠡᠨ ᠦᠷ᠎ᠡ ᠳ᠋ᠦᠩ ᠮᠥᠨ᠂ ᠠᠯᠢᠪᠠ ᠠᠭᠤᠤ ᠶᠡᠭᠡ ᠦᠢᠯᠡᠰ᠎ᠢ ᠴᠥᠮ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠬᠦ᠌ ᠳᠤᠮᠳᠠ ᠠᠬᠢᠭᠤᠯᠬᠤ ᠴᠢᠬᠤᠯᠠᠲᠠᠢ ᠶᠤᠮ᠃ ᠥᠪᠥᠷ ᠮᠣᠩᠭᠤᠯ ᠦᠷ᠎ᠡ ᠪᠦᠲᠦᠭᠡᠯ᠎ᠢᠶᠠᠨ ᠪᠠᠬᠢᠵᠢᠭᠦᠯᠵᠤ᠂ ᠬᠤᠷᠢᠭ᠎ᠠ ᠱᠤᠭᠤᠮ᠎ᠢ ᠪᠠᠲᠤ ᠰᠠᠬᠢᠵᠤ᠂ ᠬᠠᠷᠢᠭᠤᠴᠠᠯᠭ᠎ᠠ᠎ᠶ᠋ᠢ ᠱᠠᠲᠤ ᠱᠠᠲᠤ᠎ᠪᠠᠷ ᠴᠢᠩᠭ᠎ᠠ ᠨᠠᠢᠳᠠᠪᠤᠷᠢᠵᠢᠭᠤᠯᠤᠨ᠎ᠠ᠃

— ᠪᠥᠬᠦ᠌ ᠣᠷᠣᠨ᠎ᠤ ᠡᠯ᠎ᠡ ᠭᠠᠵᠠᠷ᠎ᠤᠨ᠎ᠬᠢᠨ 《ᠳᠥᠷᠪᠡ᠎ᠶ᠋ᠢ ᠦᠯᠦ᠍ ᠲᠠᠶᠠᠭ᠍ᠳᠠᠬᠤ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠣᠲᠣ᠎ᠶ᠋ᠢᠨ ᠪᠠᠢᠭ᠎ᠠ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠂ ᠪᠠᠯᠠ ᠮᠦᠩᠬᠦᠨ᠎ᠤ ᠳᠡᠮᠵᠢᠯᠭᠡ ᠪᠤᠯᠤᠨ ᠬᠠᠪᠰᠤᠷᠤᠨ ᠲᠡᠳᠬᠦᠬᠦ᠌ ᠬᠦᠴᠦᠨ᠎ᠤ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ᠎ᠢ ᠪᠠᠲᠤᠯᠠᠬᠤ᠎ᠶ᠋ᠢᠨ ᠬᠠᠮᠲᠤ᠌᠂ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠠᠷᠢᠯᠢᠭ᠍ᠵᠢᠭᠤᠯᠤᠨ ᠨᠠᠢᠳᠠᠪᠤᠷᠢᠵᠢᠭᠤᠯᠤᠨ᠎ᠠ᠃

— ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠪᠦᠷᠢᠨᠱᠢᠬᠦᠯᠦᠨ᠎ᠠ᠃ ᠶᠠᠳᠠᠭᠤ᠎ᠠᠴᠠ ᠠᠩᠭᠢᠵᠢᠷᠠᠭ᠍ᠰᠠᠨ ᠲᠣᠭ᠍ᠲᠠᠭᠤᠨ ᠪᠤᠰᠤ ᠡᠷᠦᠬᠡ ᠪᠠ ᠠᠮᠠᠷᠬᠠᠨ ᠶᠠᠳᠠᠭᠤᠷᠠᠬᠤ ᠡᠷᠦᠬᠡ᠎ᠶ᠋ᠢ ᠬᠢᠨᠠᠨ ᠬᠡᠮᠵᠢᠬᠦ᠌ ᠬᠡᠪᠴᠢᠶᠡᠨ᠎ᠳᠤ ᠣᠷᠣᠭᠤᠯᠬᠤ᠎ᠠᠴᠠ ᠭᠠᠳᠠᠨ᠎ᠠ᠂ ᠪᠠᠰᠠ ᠪᠣᠶ ᠪᠥᠬᠦᠶ ᠮᠠᠯᠵᠢᠬᠤ ᠲᠠᠷᠢᠶᠠᠯᠠᠬᠤ ᠡᠷᠦᠬᠡ᠎ᠶ᠋ᠢ ᠲᠠᠰ ᠳᠠᠪᠬᠤᠷᠭ᠎ᠠ ᠲᠥᠷᠥᠯ ᠬᠤᠪᠢᠶᠠᠨ ᠬᠥᠳᠡᠯᠦᠩᠭᠦᠶ ᠬᠢᠨᠠᠨ ᠬᠡᠮᠵᠢᠵᠦ᠍᠂ ᠬᠢᠨᠠᠨ ᠬᠡᠮᠵᠢᠬᠦ᠌ ᠪᠠᠷᠢᠮᠵᠢᠶ᠎ᠠ᠎ᠶ᠋ᠢ ᠵᠦᠶ ᠵᠣᠬᠢᠰᠲᠠᠶ ᠲᠣᠭ᠍ᠲᠠᠭᠠᠨ᠎ᠠ᠃

— 《ᠬᠤᠶᠠᠷ᠎ᠲᠤ ᠵᠣᠪᠠᠭ᠍ᠤ ᠥᠬᠡᠶ ᠭᠤᠷᠪᠠ᠎ᠶ᠋ᠢ ᠪᠠᠲᠤᠯᠠᠬᠤ》 ᠦᠷ᠎ᠡ ᠪᠦᠲᠦᠭᠡᠯ᠎ᠢ ᠪᠠᠬᠢᠵᠢᠬᠦᠯᠤᠨ᠎ᠠ᠃ ᠰᠤᠷᠭᠠᠨ ᠬᠥᠮᠦᠵᠢᠯ᠂ ᠡᠮ ᠡᠮᠨᠡᠯᠭᠡ᠎ᠶ᠋ᠢᠨ ᠳᠠᠭᠠᠳᠭᠠᠯ᠂ ᠣᠷᠣᠨ ᠰᠠᠭᠤᠴᠠ ᠪᠠ ᠪᠦᠲᠦᠭᠡᠨ ᠪᠠᠢᠭᠤᠯᠤᠯᠲᠠ᠂ ᠤᠰᠤᠨ ᠠᠱᠢᠬ᠍ᠯᠠᠯᠳᠠ ᠵᠡᠷᠭᠡ ᠠᠵᠢᠯ ᠲᠥᠷᠥᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠤᠱᠢᠶᠠᠯ ᠬᠠᠷᠢᠭᠤᠴᠠᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌ ᠨᠡᠢᠯᠡᠯ ᠬᠦᠴᠦᠨ᠎ᠢ ᠪᠤᠢ ᠪᠣᠯᠭᠠᠨ᠎ᠠ᠃

— ᠣᠨᠳᠣᠣ ᠭᠠᠵᠠᠷ᠎ᠲᠤ ᠨᠡᠬᠦᠯᠭᠡᠨ ᠱᠢᠯᠵᠢᠬᠦᠯᠵᠤ ᠶᠠᠳᠠᠭᠤ᠎ᠶ᠋ᠢ ᠲᠡᠳᠬᠦᠭ᠌ᠰᠡᠨ᠎ᠤ ᠳᠠᠷᠠᠭᠠᠬᠢ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠦᠢᠴᠡᠳᠭᠡᠨ᠎ᠠ᠃ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠠᠵᠤ ᠦᠶᠯᠡᠰ᠎ᠢ ᠲᠡᠳᠬᠦᠨ ᠳᠡᠮᠵᠢᠬᠦ᠌ ᠪᠤᠯᠤᠨ ᠠᠵᠢᠯ ᠣᠯᠭᠤᠯᠲᠠ᠎ᠶ᠋ᠢ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠥᠷᠨᠢᠭᠦᠯᠵᠦ᠍᠂ ᠲᠣᠭ᠍ᠲᠠᠪᠤᠷᠢᠵᠢᠵᠤ ᠳᠡᠢᠯᠬᠦ᠂ ᠠᠵᠢᠯ ᠣᠯᠵᠤ ᠳᠡᠢᠯᠬᠦ᠂ ᠠᠯᠬᠤᠮ ᠠᠯᠬᠤᠮ᠎ᠢᠶᠠᠷ ᠪᠠᠶᠠᠵᠢᠨ ᠴᠢᠨᠡᠭᠡᠯᠢᠭ᠌ᠵᠢᠬᠦ᠌᠎ᠶ᠋ᠢ ᠦᠨᠡᠨ ᠬᠦ᠌ ᠪᠠᠲᠤᠯᠠᠨ᠎ᠠ᠃

— ᠶᠠᠳᠠᠭᠤ᠎ᠶ᠋ᠢ ᠲᠡᠳᠬᠦᠬᠦ᠌ ᠲᠥᠷᠥᠯ ᠵᠦᠢᠯ᠎ᠤᠨ ᠪᠠᠯᠠ ᠬᠥᠷᠥᠩᠭᠡ᠎ᠶ᠋ᠢᠨ ᠬᠠᠮᠢᠶᠠᠷᠤᠯᠲᠠ ᠪᠤᠯᠤᠨ ᠬᠢᠨᠡᠯᠳᠡ ᠲᠠᠯᠪᠢᠬᠤ᠎ᠶ᠋ᠢ ᠴᠢᠩᠭᠠᠳᠭᠠᠨ᠎ᠠ᠃ ᠶᠠᠳᠠᠭᠤ᠎ᠶ᠋ᠢ ᠲᠡᠳᠬᠦᠬᠦ᠌ ᠪᠡᠯᠡ ᠬᠥᠷᠥᠩᠭᠡ᠎ᠶ᠋ᠢ ᠪᠦᠷᠢᠳᠭᠡᠨ ᠬᠠᠷᠭᠤᠭᠤᠯᠬᠤ ᠠᠵᠢᠯ᠎ᠢ ᠥᠷᠨᠢᠭᠦᠯᠵᠦ᠍᠂ 2012 ᠣᠨ᠎ᠠᠴᠠ ᠨᠠᠭᠠᠱᠢᠬᠢ ᠶᠠᠳᠠᠭᠤ᠎ᠶ᠋ᠢ ᠲᠡᠳᠬᠦᠬᠦ᠌ ᠪᠠᠯᠠ ᠮᠥᠩᠭᠦ᠎ᠶ᠋ᠢᠨ ᠣᠷᠣᠭᠤᠯᠤᠯᠲᠠ᠎ᠶ᠋ᠢᠨ ᠬᠠᠮᠢᠶ᠎ᠠ ᠪᠥᠬᠦᠶ ᠲᠥᠷᠥᠯ ᠵᠦᠢᠯ᠎ᠳᠤ ᠪᠣᠶ ᠪᠣᠯᠤᠭ᠍ᠰᠠᠨ ᠶᠠᠳᠠᠭᠤ᠎ᠶ᠋ᠢ ᠲᠡᠳᠬᠦᠬᠦ᠌ ᠪᠠᠯᠠ ᠬᠥᠷᠥᠩᠭᠡ᠎ᠳᠤ ᠱᠠᠲᠤ ᠲᠥᠷᠥᠯ ᠬᠤᠪᠢᠶᠠᠨ ᠡᠷᠬᠡ᠎ᠶ᠋ᠢ ᠨᠤᠲᠠᠯᠠᠨ ᠲᠠᠩᠰᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠬᠤᠱᠢᠭᠤ ᠱᠢᠶᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ᠂ ᠡᠵᠡᠩᠨᠡᠯᠲᠡ᠎ᠶ᠋ᠢᠨ ᠲᠥᠷᠥᠯ ᠪᠠ ᠡᠷᠦᠬᠡ᠎ᠳᠤ ᠬᠦᠷᠭᠡᠬᠦ᠌ ᠲᠥᠷᠥᠯ᠎ᠤᠨ ᠭᠤᠷᠪᠠᠨ ᠲᠠᠩᠰᠠ ᠪᠠᠢᠭᠤᠯᠬᠤ᠎ᠶ᠋ᠢ ᠵᠢᠯᠣᠭᠤᠳᠤᠨ᠂ ᠬᠠᠮᠢᠶᠠᠷᠴᠤ᠌ ᠬᠠᠮᠠᠭᠠᠯᠠᠬᠤ ᠭᠤᠤᠯ ᠴᠣᠭ᠍ᠴᠠ᠎ᠶ᠋ᠢ ᠨᠠᠢᠳᠠᠪᠤᠷᠢᠵᠢᠭᠤᠯᠵᠤ᠂ ᠵᠢᠷᠤᠮᠵᠢᠭ᠍ᠰᠠᠨ ᠬᠠᠮᠢᠶᠠᠷᠤᠯᠳᠡ᠎ᠶ᠋ᠢ ᠰᠠᠢᠲᠤᠷ ᠬᠦᠢᠴᠡᠳᠭᠡᠨ᠎ᠠ᠃


QQ图片20210421085204.png


58 ᠲᠦᠮᠡᠨ ᠡᠷᠦᠬᠡ᠂ 157 ᠲᠦᠮᠡᠨ ᠬᠦᠮᠦᠨ᠂ 3681 ᠶᠠᠳᠠᠭᠤ ᠬᠦᠴᠢᠷᠳᠡᠯᠳᠡᠢ ᠭᠠᠴᠠᠭ᠎ᠠ ᠲᠤᠰᠭᠤᠨ᠎ᠢ ᠪᠦᠬᠦᠨ᠎ᠢ ᠶᠠᠳᠠᠭᠤ᠎ᠠᠴᠠ ᠠᠩᠬᠢᠵᠢᠷᠠᠭᠤᠯᠪᠠ

ᠤᠯᠤᠰ᠎ᠤᠨ ᠲᠡᠰ᠎ᠤᠨ 31 ᠶᠠᠳᠠᠭᠤ ᠬᠦᠴᠢᠷᠳᠡᠯᠳᠡᠢ ᠬᠤᠱᠢᠭᠤ ᠱᠢᠶᠠᠨ᠂ ᠦᠪᠡᠷᠳᠡᠭᠡᠨ ᠵᠠᠰᠠᠬᠤ ᠤᠷᠤᠨ᠎ᠤ ᠲᠡᠰ᠎ᠤᠨ 26 ᠶᠠᠳᠠᠭᠤ ᠬᠦᠴᠢᠷᠳᠡᠯᠳᠡᠢ ᠬᠤᠱᠢᠭᠤ ᠱᠢᠶᠠᠨ᠎ᠢ ᠪᠦᠬᠦᠨ᠎ᠢ ᠶᠠᠳᠠᠭᠤ᠎ᠠᠴᠠ ᠠᠩᠬᠢᠵᠢᠷᠠᠭᠤᠯᠪᠠ


ᠦᠵᠡᠭ᠌ᠳᠡᠯ 1 —

ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ 《ᠬᠠᠮᠠᠭᠠᠯᠠᠭ᠍ᠴᠢ》 ᠎ᠶ᠋ᠢ ᠴᠤᠭ᠍ᠴᠠᠯᠠᠨ᠎ᠠ

 

ᠤᠯᠠᠭᠠᠨᠬᠠᠳᠠ ᠬᠤᠳᠠ᠎ᠶ᠋ᠢᠨ ᠪᠠᠭᠠᠷᠢᠨ ᠵᠡᠭᠦᠨ ᠬᠤᠱᠢᠭᠤᠨ᠎ᠤ ᠯᠦᠩᠴᠠᠩ ᠪᠠᠯᠭᠠᠰᠤᠨ᠎ᠤ ᠯᠦᠩ ᠱᠢᠩ ᠲᠣᠰᠭᠤᠨ᠎ᠳᠤ᠂ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠷᠧᠨ ᠬᠠᠢ᠎ᠶ᠋ᠢᠨ᠎ᠬᠢᠨ ᠱᠢᠨ᠎ᠡ ᠠᠮᠢᠳᠤᠷᠠᠯ᠎ᠢᠶᠠᠨ ᠤᠭ᠍ᠲᠤᠨ ᠠᠪᠤᠯ᠎ᠠ᠃ 《ᠡᠨᠡ ᠬᠦ᠌ 10 ᠲᠦᠮᠡᠨ ᠲᠦᠬᠦᠷᠢᠭ᠎ᠤᠨ ᠲᠡᠳᠬᠦᠮᠵᠢ᠎ᠶ᠋ᠢᠨ ᠮᠥᠩᠭᠦ᠎ᠶ᠋ᠢᠨ ᠠᠴᠢ᠎ᠪᠠᠷ᠂ ᠠᠮᠢᠳᠤᠷᠠᠯ ᠱᠢᠨ᠎ᠡ ᠬᠦᠰᠡᠯ ᠡᠷᠡᠮᠡᠯᠵᠡᠯ᠎ᠲᠠᠢ ᠪᠤᠯᠤᠯ᠎ᠠ》 ᠬᠡᠵᠤ ᠷᠧᠨ ᠬᠠᠢ ᠬᠡᠯᠡᠨ᠎ᠠ᠃ 2019 ᠣᠨ᠎ᠳᠤ᠂ ᠷᠧᠨ ᠬᠠᠶ᠎ᠶ᠋ᠢᠨ ᠬᠦᠭ᠌ᠰᠢᠨ᠎ᠨᠢ ᠲᠠᠷᠢᠬᠢᠨ᠎ᠤ ᠴᠢᠰᠤᠨ ᠰᠤᠳᠠᠯ᠎ᠤᠨ ᠳᠦᠭ᠌ᠵᠢᠷᠡᠯ᠎ᠢᠶᠠᠨ ᠵᠠᠰᠠᠭᠤᠯᠬᠤ ᠬᠡᠵᠦ᠍ ᠵᠦᠭ ᠪᠤᠯᠭᠠᠨ᠎ᠳᠤ ᠡᠮᠴᠢᠯᠡᠬᠦᠯᠵᠦ᠍᠂ ᠡᠮᠴᠢᠯᠡᠭᠡᠨ᠎ᠤ ᠵᠠᠷᠤᠳᠠᠯ᠎ᠨᠢ 40 ᠭᠠᠷᠤᠶ ᠲᠦᠮᠡᠨ ᠲᠥᠭᠦᠷᠢᠭ᠎ᠲᠤ ᠬᠦᠷᠴᠡᠶ᠃ ᠡᠮ ᠡᠮᠨᠡᠯᠭᠡ᠎ᠶ᠋ᠢᠨ ᠳᠠᠭᠠᠳᠭᠠᠯ᠂ ᠬᠤᠳᠠᠯᠳᠤᠭᠠᠨ᠎ᠤ ᠳᠠᠭᠠᠳᠭᠠᠯ᠂ ᠬᠦᠨᠳᠦ ᠡᠪᠡᠳᠴᠢᠨ᠎ᠤ ᠠᠪᠤᠷᠠᠨ ᠲᠤᠰᠠᠯᠠᠯᠲᠠ ᠵᠡᠷᠭᠡ ᠲᠥᠷᠥ᠎ᠶ᠋ᠢᠨ ᠪᠣᠳᠣᠯᠭ᠎ᠠ᠎ᠪᠠᠷ ᠨᠢᠬᠡ ᠪᠦᠯᠦᠭ᠎ᠢ᠎ᠨᠢ ᠱᠢᠢᠳᠪᠦᠷᠢᠯᠡᠭ᠌ᠰᠡᠨ ᠴᠤ᠌ ᠪᠠᠰᠠ 22 ᠲᠦᠮᠡ ᠭᠠᠷᠤᠶ ᠲᠥᠭᠦᠷᠢᠭ᠎ᠢ ᠦᠪᠡᠷ᠎ᠲᠡᠭᠡᠨ ᠭᠠᠷᠭᠠᠬᠤ ᠴᠢᠬᠤᠯᠠᠳᠡᠢ ᠪᠠᠢᠵᠡᠢ᠃ ᠷᠧᠨ ᠬᠠᠢ ᠶᠠᠭ ᠭᠠᠴᠢᠭ᠍ᠳᠠᠨ ᠵᠤᠪᠠᠵᠤ ᠪᠠᠢᠬᠤ ᠦᠶ᠎ᠠ᠎ᠳᠤ ᠰᠠᠢᠨ ᠴᠢᠮᠡᠭᠡ ᠰᠤᠨᠤᠰᠳᠠᠪᠠ᠃ 2020 ᠣᠨ᠎ᠤ 8 ᠰᠠᠷ᠎ᠠ᠎ᠳᠤ᠂ ᠯᠦᠩᠴᠠᠩ ᠪᠠᠯᠭᠠᠰᠤ ᠤᠯᠠᠭᠠᠨᠬᠠᠳᠠ ᠬᠤᠲᠠ᠎ᠶ᠋ᠢᠨ ᠤᠯᠤᠰ᠎ᠤᠨ ᠶᠠᠳᠠᠭᠤ᠎ᠶ᠋ᠢ ᠲᠡᠳᠬᠦᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠲᠠᠢ ᠤᠶᠠᠯᠳᠤᠭᠤᠯᠤᠨ᠂ ᠳᠠᠬᠢᠨ ᠶᠠᠳᠠᠭᠤᠷᠠᠬᠤ᠎ᠶ᠋ᠢ ᠪᠠᠭᠠᠰᠭᠠᠬᠤ ᠪᠠ ᠱᠢᠨ᠎ᠡ᠎ᠪᠠᠷ ᠶᠠᠳᠠᠭᠤᠷᠠᠬᠤ᠎ᠶ᠋ᠢ ᠰᠡᠷᠭᠡᠢᠯᠡᠬᠦ᠌ ᠲᠣᠭᠤᠷᠢᠨ᠎ᠳᠤ᠂ 《ᠶᠠᠳᠠᠭᠤᠷᠠᠬᠤ᠎ᠶ᠋ᠢ ᠰᠡᠷᠭᠡᠢᠯᠡᠬᠦ᠌ ᠪᠠᠲᠤᠯᠠᠭ᠎ᠠ᠎ᠶ᠋ᠢᠨ ᠰᠠᠭᠤᠷᠢ ᠮᠥᠩᠭᠦ᠌》 ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠪᠠ᠃ ᠯᠦᠩ ᠱᠢᠩ ᠲᠣᠰᠭᠤᠨ᠎ᠤ ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ ᠷᠧᠨ ᠬᠠᠶ᠎ᠶ᠋ᠢᠨ ᠭᠡᠷ᠎ᠤᠨ ᠪᠠᠢᠳᠠᠯ᠎ᠢ ᠦᠨᠳᠦᠰᠦᠯᠡᠨ᠂ ᠲᠡᠭᠦᠨ᠎ᠳᠤ ᠶᠠᠳᠠᠭᠤᠷᠠᠬᠤ᠎ᠶ᠋ᠢ ᠰᠡᠷᠭᠡᠢᠯᠡᠬᠦ᠌ ᠪᠠᠲᠤᠯᠠᠭ᠎ᠠ᠎ᠶ᠋ᠢᠨ ᠮᠥᠩᠭᠦ᠌ ᠭᠤᠶᠤᠴᠢᠯᠠᠵᠤ ᠦᠭ᠌ᠴᠡᠢ᠃ 10 ᠲᠦᠮᠡᠨ ᠲᠥᠭᠦᠷᠢᠭ᠎ᠤᠨ ᠶᠠᠳᠠᠭᠤᠷᠠᠬᠤ᠎ᠶ᠋ᠢ ᠰᠡᠷᠭᠡᠢᠯᠡᠬᠦ᠌ ᠪᠠᠲᠤᠯᠠᠭ᠎ᠠ᠎ᠶ᠋ᠢᠨ ᠮᠥᠩᠭᠦ᠎ᠨᠢ ᠡᠨᠡ ᠬᠦ᠌ ᠬᠡᠷ ᠪᠦᠯᠢ᠎ᠶ᠋ᠢᠨ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ 《ᠬᠠᠮᠠᠭᠠᠯᠠᠭ᠍ᠴᠢ》 ᠪᠣᠯᠤᠭ᠍ᠰᠠᠨ ᠪᠠᠢᠨ᠎ᠠ᠃


ᠦᠵᠡᠭ᠌ᠳᠡᠯ 2 —

ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠵᠢᠷᠤᠭ ᠲᠡᠯᠭᠡᠭ᠌ᠳᠡᠨ᠎ᠠ

 

ᠠᠭᠤᠷ ᠠᠮᠢᠰᠭᠤᠯ ᠲᠤᠯᠠᠭᠠᠷᠠᠵᠤ᠂ ᠵᠢᠭᠤᠯᠴᠢᠯᠠᠬᠤ ᠰᠠᠢᠬᠠᠨ ᠴᠠᠭ ᠪᠤᠯᠤᠯ᠎ᠠ᠃ ᠣᠷᠳᠣᠰ ᠬᠤᠲᠠ᠎ᠶ᠋ᠢᠨ ᠡᠵᠡᠨ ᠬᠤᠷᠤᠭ᠎ᠠ ᠬᠤᠱᠢᠭᠤᠨ᠎ᠤ ᠡᠵᠡᠨ ᠬᠤᠷᠤᠭ᠎ᠠ ᠪᠠᠯᠭᠠᠰᠤᠨ᠎ᠤ ᠯᠦᠩ ᠬᠤ᠌ ᠴᠢᠦᠶ ᠲᠣᠰᠭᠤᠨ᠎ᠳᠤ᠂ ᠬᠤᠲᠠ᠎ᠠᠴᠠ ᠢᠷᠡᠭ᠌ᠰᠡᠨ ᠨᠢᠭᠡ ᠪᠦᠯᠦᠭ ᠪᠢᠴᠢᠬᠠᠨ ᠨᠠᠢᠵᠠ ᠨᠠᠷ ᠰᠤᠳᠤᠯᠤᠨ ᠰᠤᠷᠤᠯᠴᠠᠬᠤ ᠰᠠᠭᠤᠷᠢᠨ᠎ᠳᠤ ᠰᠤᠳᠤᠯᠭᠠᠨ ᠬᠢᠨ᠎ᠠ᠃ ᠯᠦᠩ ᠬᠤ᠌ ᠴᠢᠦᠶ ᠲᠣᠰᠭᠤᠨ ᠲᠡᠦᠬᠡ ᠰᠣᠶᠣᠯ᠂ ᠬᠤᠲᠠ᠎ᠶ᠋ᠢᠨ ᠲᠡᠭᠦᠷᠭᠡ᠎ᠶ᠋ᠢᠨ ᠣᠷᠣᠨ ᠪᠠᠢᠷᠢ᠂ ᠠᠮᠢ ᠠᠬᠤᠶ ᠣᠷᠴᠢᠨ ᠲᠣᠭᠤᠷᠢᠨ ᠪᠠ ᠵᠠᠮ ᠬᠠᠷᠢᠯᠴᠠᠭ᠎ᠠ ᠳᠥᠭᠦᠮ ᠳᠥᠲᠡ ᠵᠡᠷᠭᠡ ᠳᠠᠪᠠᠭᠤᠯᠢᠭ᠎ᠲᠠᠭᠠᠨ ᠰᠠᠭᠤᠷᠢᠯᠠᠨ᠂ ᠠᠵᠤ ᠦᠶᠯᠡᠰ᠎ᠤᠨ ᠬᠥᠭ᠌ᠵᠢᠯᠲᠡ ᠪᠤᠯᠤᠨ ᠬᠥᠳᠡᠭᠡ ᠲᠣᠰᠭᠤᠨ᠎ᠤ ᠨᠡᠢᠭᠡᠮ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ ᠰᠣᠶᠣᠯ ᠵᠢᠭᠤᠯᠴᠢᠯᠠᠯ᠎ᠤᠨ ᠦᠶᠯᠡᠰ᠂ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ ᠪᠠ ᠬᠤᠲᠠ᠎ᠶ᠋ᠢᠨ ᠲᠡᠭᠦᠷᠭᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠤᠭ᠍ᠳᠠᠭᠠᠵᠤ᠂ ᠲᠥᠷᠥ᠎ᠶ᠋ᠢᠨ ᠪᠣᠳᠣᠯᠭ᠎ᠠ᠎ᠪᠠᠷ ᠲᠡᠳᠬᠦᠬᠦ᠂ ᠳᠠᠭᠠᠭᠤᠯᠤᠭ᠍ᠴᠢ ᠠᠵᠤ ᠠᠬᠤᠢᠯᠠᠯ ᠳᠠᠢᠴᠢᠯᠠᠬᠤ᠂ ᠬᠤᠷᠱᠢᠭ᠍ᠰᠠᠨ ᠵᠣᠬᠢᠶᠠᠨ ᠪᠠᠢᠭᠤᠯᠤᠯᠲᠠ ᠪᠦᠯᠬᠦᠮ᠎ᠢᠶᠠᠷ ᠡᠵᠡᠩᠨᠡᠬᠦ᠂ ᠳᠠᠷᠢᠵᠤ ᠲᠡᠵᠢᠭᠡᠬᠦ᠌ ᠲᠣᠮᠣ ᠡᠷᠦᠬᠡ᠎ᠪᠠᠷ ᠬᠥᠲᠥᠯᠥᠨ ᠲᠠᠭᠠᠭᠤᠯᠬᠤ᠎ᠪᠠᠷ ᠳᠠᠮᠵᠢᠭᠤᠯᠤᠨ᠂ ᠠᠵᠤ ᠦᠶᠯᠡᠰ᠎ᠤᠨ ᠬᠥᠭ᠌ᠵᠢᠯᠲᠡ᠎ᠶ᠋ᠢ ᠲᠠᠰᠤᠷᠠᠯᠲᠠ ᠥᠬᠡᠶ ᠠᠬᠢᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠵᠠᠮ᠎ᠢᠶᠠᠷ ᠵᠠᠮᠨᠠᠪᠠ᠃

ᠤᠯᠤᠰ᠎ᠢ ᠵᠠᠰᠠᠬᠤ ᠶᠤᠰᠤ ᠠᠨᠤ ᠠᠷᠠᠳ᠎ᠢ ᠪᠠᠶᠠᠵᠢᠭᠤᠯᠬᠤ᠎ᠠᠴᠠ ᠡᠬᠢᠯᠡᠳᠡᠭ᠃ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢᠨ 《ᠬᠤᠶᠠᠷ᠎ᠲᠤ ᠵᠣᠪᠠᠭ᠍ᠤ ᠦᠬᠡᠢ ᠭᠤᠷᠪᠠ᠎ᠶ᠋ᠢ ᠪᠠᠲᠤᠯᠠᠬᠤ》 ᠎ᠪᠠᠷ ᠭᠤᠣᠯᠳᠠᠯᠭ᠎ᠠ ᠪᠣᠯᠭᠠᠵᠤ ᠪᠠᠢᠭ᠍ᠰᠠᠨ᠎ᠠᠴᠠ 《ᠬᠥᠳᠡᠭᠡ ᠲᠣᠰᠭᠤᠨ᠎ᠤ ᠠᠵᠤ ᠦᠢᠯᠡᠰ ᠬᠥᠭ᠌ᠵᠢᠭ᠌ᠰᠡᠨ᠂ ᠠᠮᠢ ᠠᠬᠤᠢ᠎ᠨᠢ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠢ᠂ ᠨᠤᠲᠤᠭ᠎ᠤᠨ ᠵᠠᠩᠱᠢᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭ᠌ᠵᠢᠭ᠌ᠰᠡᠨ》 ᠱᠢᠨ᠎ᠡ ᠬᠠᠷᠠᠯᠲᠠ᠎ᠶ᠋ᠢ ᠪᠡᠶᠡᠯᠡᠭᠦᠯᠬᠦ᠌ ᠪᠣᠯᠭᠠᠨ ᠬᠤᠪᠢᠷᠠᠭᠤᠯᠬᠤ᠂ ᠡᠬᠢ ᠪᠠᠶᠠᠯᠢᠭ᠎ᠢ ᠲᠥᠪᠯᠡᠷᠡᠭᠦᠯᠦᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠳᠡᠮᠵᠢᠵᠦ᠍ ᠪᠠᠢᠭ᠍ᠰᠠᠨ᠎ᠠᠴᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠪᠣᠯᠭᠠᠨ ᠬᠤᠪᠢᠷᠠᠭᠤᠯᠬᠤ ᠥᠪᠥᠷ ᠮᠣᠩᠭᠤᠯ᠎ᠤᠨ ᠬᠠᠷᠠᠯᠳᠡ ᠲᠣᠳᠣᠷᠬᠠᠢ᠂ ᠠᠷᠭ᠎ᠠ ᠵᠠᠮ ᠲᠣᠳᠣᠷᠬᠠᠢ ᠪᠤᠯᠪᠠ᠃ ᠱᠢᠨ᠎ᠡ ᠭᠠᠷᠤᠭ᠎ᠠ᠎ᠳᠤ ᠰᠠᠭᠤᠷᠢᠯᠠᠵᠤ᠂ ᠱᠢᠨ᠎ᠡ ᠠᠶᠠᠨ᠎ᠳᠠᠭᠠᠨ ᠮᠣᠷᠳᠠᠵᠤ᠂ ᠥᠪᠥᠷ ᠮᠣᠩᠭᠤᠯ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ ᠱᠢᠨ᠎ᠡ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠠᠵᠤ ᠦᠢᠯᠡᠰ ᠬᠥᠭ᠌ᠵᠢᠭ᠌ᠰᠡᠨ᠂ ᠠᠮᠢ ᠠᠬᠤᠢ᠎ᠨᠢ ᠣᠷᠣᠱᠢᠨ ᠰᠠᠭᠤᠷᠢᠱᠢᠬᠤ᠎ᠳᠤ ᠲᠤᠬᠢᠷᠠᠮᠵᠢᠳᠡᠢ᠂ ᠨᠤᠲᠤᠭ᠎ᠤᠨ ᠵᠠᠩᠱᠢᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭ᠌ᠵᠢᠭ᠌ᠰᠡᠨ ᠴᠠᠭ ᠦᠶ᠎ᠡ᠎ᠶ᠋ᠢᠨ ᠬᠠᠭᠤᠳᠠᠰᠤ᠎ᠶ᠋ᠢ ᠪᠢᠴᠢᠭ᠌ᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号