ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠢ ᠰᠠᠢᠲᠤᠷ ᠬᠢᠶ᠎ᠡ
2021-04-21 09:28:24
ᠵᠣᠬᠢᠶᠠᠭ᠍ᠴᠢ᠄
ᠸᠠᠩ ᠸᠧᠨ ᠵᠢᠩ
ᠣᠩᠱᠢᠭ᠍ᠰᠠᠨ ᠣᠳᠠᠭ᠎ᠠ᠄
★★★☆☆

ᠦᠨᠳᠦᠰᠦᠲᠡᠨ᠎ᠢᠶᠠᠨ ᠰᠡᠷᠭᠦᠭᠡᠨ ᠮᠠᠨᠳᠤᠭᠤᠯᠬᠤ᠎ᠳᠤ ᠬᠥᠳᠡᠭᠡ ᠲᠣᠰᠭᠤᠨ᠎ᠢ ᠵᠠᠪᠠᠯ ᠬᠥᠭ᠌ᠵᠢᠭᠦᠯᠦᠨ ᠮᠠᠨᠳᠤᠭᠤᠯᠬᠤ ᠬᠡᠷᠡᠭ᠌ᠲᠡᠢ᠃ ᠶᠠᠳᠠᠭᠤ᠎ᠠᠴᠠ ᠠᠩᠭᠢᠵᠢᠷᠠᠭᠤᠯᠵᠦ᠍ ᠪᠣᠭᠤᠮᠲᠠ ᠱᠢᠪᠳᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠭ᠌ᠰᠡᠨ ᠰᠠᠭᠤᠷᠢᠨ ᠳᠡᠭᠡᠷ᠎ᠡ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠡᠨᠡ ᠬᠦ᠌ ᠶᠡᠭᠡ ᠶᠠᠪᠤᠳᠠᠯ᠎ᠢ ᠰᠠᠢᠲᠤᠷ ᠬᠢᠵᠦ᠍᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠭ᠌ᠵᠢᠯᠲᠡ ᠪᠣᠯᠤᠨ ᠤᠯᠠᠨ ᠲᠦᠮᠡᠨ᠎ᠤ ᠠᠮᠢᠳᠤᠷᠠᠯ᠎ᠤᠨ ᠰᠠᠢᠵᠢᠷᠠᠯᠲᠠ᠎ᠶ᠋ᠢ ᠦᠷᠭᠦᠯᠵᠢᠯᠡᠨ ᠠᠬᠢᠭᠤᠯᠬᠤ ᠪᠣᠯ ᠪᠦᠬᠦ᠌ ᠲᠠᠯ᠎ᠠ᠎ᠳᠤ ᠬᠤᠯᠪᠣᠭ᠍ᠳᠠᠬᠤ ᠴᠢᠬᠤᠯᠠ ᠶᠡᠭᠡ ᠠᠰᠠᠭᠤᠳᠠᠯ ᠪᠣᠯᠬᠤ ᠪᠥᠭᠡᠳ ᠱᠢᠨ᠎ᠡ ᠴᠠᠭ ᠦᠶ᠎ᠡ᠎ᠶ᠋ᠢᠨ 《ᠬᠦᠳᠡᠭᠡ ᠠᠵᠤ ᠠᠬᠤᠢ ᠬᠦᠳᠡᠭᠡ ᠳᠤᠰᠭᠤᠨ ᠲᠠᠷᠢᠶᠠᠴᠢᠨ》 ᠎ᠤ ᠠᠵᠢᠯ᠎ᠢ ᠰᠠᠢᠲᠤᠷ ᠬᠢᠬᠦ᠌ ᠶᠡᠷᠦᠩᠬᠡᠢ ᠭᠠᠷᠳᠠᠴᠠ ᠪᠣᠯᠤᠨ᠎ᠠ᠃ ᠡᠨᠡ ᠬᠦ᠌ ᠠᠤᠭ᠎ᠠ ᠲᠥᠰᠦᠪ᠎ᠢ ᠪᠡᠶᠡᠯᠡᠭᠦᠯᠬᠦ᠌᠎ᠳᠤ ᠪᠠᠰᠠ ᠨᠡᠩ ᠪᠡᠷᠬᠡ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ ᠴᠢᠬᠤᠯᠠᠲᠠᠢ ᠶᠤᠮ᠃

ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠨᠢ ᠱᠢᠲᠠᠷ᠎ᠠ ᠲᠠᠯᠪᠢᠬᠤ᠎ᠲᠠᠢ ᠠᠳᠠᠯᠢ ᠪᠠᠢᠵᠦ᠍᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢ ᠪᠦᠷᠢᠯᠳᠦᠭᠦᠯᠵᠦ᠍᠂ ᠨᠢᠭᠡᠳᠦᠯᠲᠡᠶ ᠲᠥᠯᠥᠪᠵᠢᠭᠦᠯᠦᠨ ᠰᠦᠪᠡᠭ᠌ᠴᠢᠯᠡᠵᠦ᠍᠂ ᠲᠥᠯᠥᠪᠵᠢᠭᠦᠯᠦᠨ ᠲᠣᠭ᠍ᠲᠠᠭᠠᠬᠤ ᠬᠡᠷᠡᠭ᠌ᠲᠡᠶ᠃ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌᠎ᠠᠴᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ 《ᠲᠣᠭ᠍ᠲᠠᠭᠤᠨ ᠪᠠᠢᠯᠭᠠᠬᠤ》 ᠪᠠ 《ᠬᠤᠪᠢᠷᠠᠭᠤᠯᠬᠤ》 ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠶᠳᠪᠦᠷᠢᠯᠡᠵᠦ᠍᠂ ᠬᠡᠪᠴᠢᠶᠡᠵᠢᠯ᠎ᠤᠨ ᠴᠢᠨᠠᠷᠲᠠᠶ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠤᠷᠢᠭ᠎ᠠ ᠱᠤᠭᠤᠮ᠎ᠢ ᠡᠷᠡᠰ ᠰᠠᠬᠢᠵᠤ᠂ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠷᠠᠭᠤᠯᠤᠯᠲᠠ᠎ᠶ᠋ᠢᠨ ᠠᠢᠵᠠᠮ᠂ ᠡᠷᠴᠢᠮ᠎ᠢ ᠵᠦᠶ ᠵᠣᠬᠢᠰᠲᠠᠶ ᠡᠵᠡᠮᠳᠡᠵᠦ᠍᠂ ᠪᠣᠳᠠᠲᠠᠶ ᠪᠠᠢᠳᠠᠯ᠎ᠢ ᠦᠨᠳᠦᠰᠦᠯᠡᠨ ᠦᠷᠭᠦᠯᠵᠢᠯᠡᠭᠦᠯᠬᠦ᠌ ᠶᠣᠰᠣᠲᠠᠶ᠎ᠶ᠋ᠢ᠎ᠨᠢ ᠦᠷᠭᠦᠯᠵᠢᠯᠡᠬᠦᠯᠦᠨ᠂ ᠲᠣᠬᠢᠷᠠᠭᠤᠯᠤᠨ ᠱᠢᠯᠢᠳᠡᠭ᠌ᠵᠢᠭᠦᠯᠬᠦ᠌ ᠶᠣᠰᠣᠲᠠᠶ᠎ᠶ᠋ᠢ᠎ᠨᠢ ᠲᠣᠬᠢᠷᠠᠭᠤᠯᠤᠨ ᠱᠢᠯᠢᠳᠡᠭ᠌ᠵᠢᠭᠦᠯᠵᠦ᠍᠂ ᠤᠬ᠍ᠵᠤᠮ ᠡᠷᠬᠢᠯᠳᠡ ᠭᠠᠷᠬᠤ᠎ᠠᠴᠠ ᠵᠠᠢᠯᠠᠰᠭᠢᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ᠎ᠶ᠋ᠢ ᠪᠠᠬᠢᠵᠢᠭᠦᠯᠦᠨ ᠥᠷᠭᠡᠳᠭᠡᠬᠦ᠌ ᠬᠡᠷᠡᠭ᠌ᠲᠡᠶ᠃

ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠵᠠᠩᠭᠢᠯᠠᠭ᠎ᠠ᠎ᠨᠢ ᠨᠢᠭ᠍ᠲᠠ᠎ᠠᠴᠠ ᠨᠢᠭ᠍ᠲᠠ ᠪᠠᠢᠬᠤ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠭᠤᠷᠠᠢ ᠭᠤᠭ᠍ᠴᠤᠭ᠎ᠠ᠎ᠶ᠋ᠢ ᠴᠢᠩᠭ᠎ᠠ ᠠᠳᠭᠤᠵᠤ᠂ ᠪᠣᠳᠠᠲᠠᠢ ᠠᠷᠭ᠎ᠠ ᠬᠡᠮᠵᠢᠶ᠎ᠡ ᠠᠪᠬᠤ ᠬᠡᠷᠡᠭ᠌ᠲᠡᠢ᠂ ᠬᠦᠩᠬᠡᠨ ᠬᠠᠭᠤᠳᠠᠮ ᠬᠠᠰᠢ ᠶᠠᠰᠢ᠎ᠪᠠᠷ ᠬᠠᠨᠳᠤᠵᠤ ᠪᠣᠯᠬᠤ ᠦᠭᠡᠢ᠃ ᠮᠠᠨ᠎ᠤ ᠣᠷᠣᠨ ᠭᠠᠵᠠᠷ ᠠᠭᠤᠳᠠᠮ ᠬᠥᠮᠦᠨ ᠴᠥᠭᠡᠨ᠂ ᠮᠠᠯᠴᠢᠨ ᠲᠠᠷᠢᠶᠠᠴᠢᠳ ᠨᠡᠯᠢᠶᠡᠳ ᠲᠠᠷᠠᠬᠠᠶ ᠪᠤᠲᠠᠷᠬᠠᠶ ᠠᠮᠢᠳᠤᠷᠠᠨ ᠰᠠᠭᠤᠷᠢᠱᠢᠵᠦ᠍᠂ ᠬᠤᠲᠠ ᠬᠥᠳᠡᠭᠡ᠎ᠶ᠋ᠢᠨ ᠬᠥᠭ᠌ᠵᠢᠯᠲᠡ ᠲᠡᠩᠴᠡᠭᠦᠷᠢ ᠥᠬᠡᠶ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠦᠬᠦᠭᠡᠷᠦᠮᠵᠢ ᠵᠢᠴᠢ ᠣᠯᠠᠨ ᠨᠡᠢᠲᠡ᠎ᠶ᠋ᠢᠨ ᠦᠶᠯᠡᠴᠢᠯᠡᠭᠡ ᠲᠡᠭᠦᠯᠳᠡᠷ ᠪᠤᠰᠤ᠂ ᠮᠡᠷᠭᠡᠵᠢᠯ᠂ ᠪᠠᠯᠠ ᠮᠥᠩᠭᠦ᠌᠂ ᠴᠢᠳᠠᠪᠤᠷᠢᠲᠠᠨ᠂ ᠵᠠᠬ᠎ᠠ ᠳᠡᠯᠭᠡᠭᠦᠷ ᠵᠡᠷᠭᠡ ᠬᠦᠴᠦᠨ ᠵᠦᠢᠯ᠎ᠤᠨ ᠲᠤᠯᠭᠠᠭᠤᠷᠢᠯᠠᠯ ᠪᠠᠰᠠ ᠴᠢᠩᠭ᠎ᠠ ᠪᠤᠰᠤ ᠪᠠᠢᠨ᠎ᠠ᠃

ᠵᠣᠯ ᠵᠢᠷᠭᠠᠯ᠎ᠢ ᠲᠡᠮᠡᠴᠡᠵᠦ᠍ ᠪᠠᠢᠭᠠᠳ ᠣᠯᠳᠠᠭ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠱᠢᠨ᠎ᠡ ᠠᠶᠠᠨ᠎ᠳᠤ ᠮᠣᠷᠳᠠᠬᠤ᠎ᠳᠤ᠂ ᠪᠢᠳᠡ ᠱᠢᠨᠲᠠᠷᠠᠰᠢ ᠦᠭᠡᠢ ᠴᠢᠷᠮᠠᠢᠵᠤ᠂ ᠯᠠᠪᠳᠠᠭᠤᠨ ᠪᠠᠲᠤᠲᠠᠢ ᠠᠵᠢᠯᠯᠠᠵᠤ᠂ ᠥᠪᠥᠷ ᠮᠣᠩᠭᠤᠯ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠰᠦᠷᠯᠢᠭ ᠰᠠᠢᠬᠠᠨ ᠬᠠᠭᠤᠳᠠᠰᠤ᠎ᠶ᠋ᠢ ᠵᠢᠷᠤᠭ᠍ᠯᠠᠵᠤ᠂ ᠬᠠᠮᠲᠤ᠎ᠪᠠᠷ ᠴᠢᠨᠡᠭᠡᠯᠢᠭ᠌ᠵᠢᠬᠦ᠌ ᠬᠠᠷᠠᠯᠲᠠ ᠲᠡᠢᠰᠢ ᠯᠠᠪᠳᠠᠭᠤᠨ᠎ᠢᠶᠠᠷ ᠤᠷᠤᠭ᠍ᠰᠢᠯᠠᠬᠤ ᠬᠡᠷᠡᠭ᠌ᠲᠡᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号