ᠤᠷᠢᠬᠠᠨ ᠬᠠᠪᠤᠷ ᠬᠤᠸᠠᠷ ᠴᠡᠴᠡᠭ ᠳᠡᠯᠭᠡᠷᠡᠨ ᠤᠳᠠ ᠤᠯᠢᠶᠠᠰᠤ ᠨᠣᠭᠤᠭᠠᠷᠠᠵᠤ᠂ ᠲᠦᠮᠡᠨ ᠪᠣᠳᠠᠰ ᠠᠮᠢᠵᠢᠷᠠᠯ᠎ᠤᠨ ᠬᠦᠴᠦᠨ᠎ᠢᠶᠠᠷ ᠪᠢᠯᠬᠠᠨ᠎ᠠ᠃ ᠥᠷᠯᠥᠭᠡ᠎ᠶ᠋ᠢᠨ ᠨᠠᠷᠠ ᠠᠭᠤᠯᠠᠨ ᠤᠷᠤᠢ ᠳᠡᠭᠡᠷ᠎ᠡ ᠲᠤᠰᠤᠮᠠᠭ᠍ᠴᠠ᠂ ᠨᠠᠮ ᠵᠢᠮ ᠬᠥᠳᠡᠭᠡ ᠲᠣᠰᠭᠤᠨ᠎ᠤ ᠤᠭ᠍ᠲᠠᠷᠭᠤᠢ᠎ᠳᠤ ᠤᠲᠤᠭ᠎ᠠ ᠰᠤᠭᠤᠨᠠᠭ᠍ᠯᠠᠵᠤ᠂ ᠦᠵᠡᠰᠭᠦᠯᠡᠩᠲᠦ ᠰᠠᠢᠬᠠᠨ ᠬᠥᠳᠡᠭᠡ ᠨᠤᠲᠤᠭ᠎ᠤᠨ ᠵᠢᠷᠤᠭ ᠠᠯᠭᠤᠷᠬᠠᠨ ᠳᠡᠯᠭᠡᠭ᠌ᠳᠡᠨ᠎ᠡ᠃
ᠯᠢᠨᠰᠢ ᠱᠢᠶᠠᠨ᠎ᠤ ᠱᠡᠭᠡᠷᠲᠦ ᠱᠢᠶᠠᠩ᠎ᠤᠨ ᠰᠢ ᠱᠠᠨ ᠭᠧᠨ ᠲᠣᠰᠭᠤᠨ᠎ᠳᠤ ᠬᠦᠷᠬᠦ᠌᠎ᠳᠤ᠂ ᠴᠡᠪᠡᠷ ᠲᠡᠭ᠌ᠰᠢᠬᠡᠨ ᠭᠡᠷ ᠪᠠᠢᠱᠢᠩ᠂ ᠢᠳᠡᠱᠢᠨ ᠨᠤᠭᠤᠭ᠎ᠠ᠎ᠶ᠋ᠢᠨ ᠰᠤᠷᠭᠤᠭ ᠦᠨᠦᠷ ᠬᠠᠩᠬᠤᠯᠤᠭ᠍ᠰᠠᠨ ᠲᠤᠮᠤ ᠬᠦᠯᠡᠮᠵᠢ᠂ ᠦᠬᠡᠷ ᠬᠤᠨᠢ᠎ᠶ᠋ᠢ ᠲᠦᠪᠯᠡᠷᠡᠭᠦᠯᠦᠠ ᠮᠠᠯᠵᠢᠬᠤ ᠲᠣᠭᠤᠷᠢᠭ ᠡᠮᠬᠢ ᠳᠢᠭ᠌ᠯᠢᠮ᠎ᠲᠠᠢ ᠵᠢᠭ᠌ᠳᠡᠷᠡᠨ ᠵᠢᠭ᠍ᠰᠠᠵᠤ᠂ ᠬᠡᠷᠡᠯ ᠴᠡᠨᠡᠭ᠎ᠤᠨ ᠴᠠᠬᠢᠯᠭᠠᠨ ᠬᠠᠪᠲᠠᠰᠤ ᠬᠢᠯᠠᠯᠵᠠᠵᠤ᠂ ᠲᠣᠰᠭᠤᠨ᠎ᠤ ᠠᠷᠠᠳ᠎ᠤᠨ ᠴᠢᠷᠠᠢ᠎ᠳᠤ ᠪᠠᠶᠠᠷ᠎ᠤᠨ ᠢᠨᠢᠶᠡᠲᠦ ᠪᠢᠯᠬᠠᠨ᠎ᠠ᠃
《ᠮᠠᠨ᠎ᠤ ᠲᠣᠰᠭᠤᠨ᠎ᠢ ᠤᠳᠤ ᠶᠠᠭ ᠬᠤᠳᠠ ᠱᠢᠭ᠋ ᠪᠦᠳᠦᠭᠡᠨ ᠪᠠᠢᠭᠤᠯᠵᠠᠢ᠂ ᠤᠷᠴᠢᠨ ᠲᠤᠭᠤᠷᠢᠨ ᠭᠡᠷ ᠪᠠᠢᠱᠢᠩ ᠪᠦᠷ ᠲᠤᠬᠢᠯᠢᠭ ᠲᠠᠭᠠᠯᠠᠮᠵᠢᠲᠠᠢ ᠪᠤᠯᠵᠤ᠂ ᠪᠤᠰᠤᠳ ᠲᠣᠰᠭᠤᠨ᠎ᠤ ᠠᠷᠠᠳ ᠬᠡᠴᠢᠨᠡᠨ ᠪᠠᠭ᠍ᠠᠷᠬᠠᠵᠤ ᠪᠠᠢᠬᠤ᠎ᠶ᠋ᠢ ᠪᠦᠦ ᠮᠡᠳᠡ!》 ᠭᠡᠵᠦ᠍ ᠲᠣᠰᠭᠤᠨ᠎ᠤ ᠠᠷᠠᠳ ᠢᠦᠢ ᠱᠢᠤ ᠶᠦᠨ ᠣᠮᠣᠭ᠍ᠰᠢᠨ᠎ᠠ᠃
ᠥᠩᠭᠡᠷᠡᠭ᠌ᠰᠡᠨ᠎ᠤ ᠰᠢ ᠱᠠᠨ ᠭᠧᠨ ᠲᠣᠰᠭᠤᠨ ᠬᠡᠳᠦᠢ ᠭᠤᠶᠤ ᠪᠠᠢᠬ᠍ᠰᠠᠠ ᠴᠤ᠌ ᠠᠷᠠᠳ ᠶᠠᠳᠠᠭᠤ ᠲᠤᠰᠭᠤᠨ ᠬᠦᠴᠢᠷᠳᠡᠯᠲᠡᠢ᠂ ᠶᠠᠳᠠᠭᠤᠷᠠᠯ᠎ᠤᠨ ᠨᠤᠷᠮ᠎ᠠ 46% ᠬᠦᠷᠴᠦ᠍ ᠪᠠᠢᠵᠠᠢ᠃ ᠡᠨᠡ ᠬᠦ᠌ ᠪᠠᠢᠳᠠᠯ᠎ᠢ ᠦᠭᠡᠷᠡᠴᠢᠯᠡᠬᠦ᠌᠎ᠶ᠋ᠢᠨ ᠲᠥᠯᠥᠭᠡ ᠲᠣᠰᠭᠤᠨ᠎ᠤ ᠤᠳᠤᠷᠢᠳᠭᠤ ᠪᠠᠭ ᠲᠦᠬᠦᠭᠡᠷᠤᠮᠵᠢᠳᠤ ᠲᠠᠷᠢᠶᠠᠯᠠᠩ᠂ ᠮᠢᠬᠠᠨ᠎ᠤ ᠦᠬᠡᠷ ᠮᠠᠯᠵᠢᠬᠤ ᠠᠵᠤ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠲᠣᠰᠭᠤᠨ᠎ᠤ ᠠᠷᠠᠳ᠎ᠲᠤ ᠠᠵᠤ ᠦᠢᠯᠡᠰ᠎ᠢᠶᠠᠷ ᠪᠠᠶᠠᠵᠢᠬᠤ ᠵᠠᠮ᠎ᠢ ᠳᠡᠪᠢᠰᠴᠦ᠍ ᠥᠭ᠌ᠴᠡᠢ᠃ 2016 ᠣᠨ᠎ᠠᠴᠠ 2020 ᠤᠨ ᠪᠣᠯᠲᠠᠯ᠎ᠠ᠂ ᠲᠤᠰ ᠲᠣᠰᠭᠤᠨ 7000 ᠭᠠᠷᠤᠢ ᠮᠦ᠍ ᠭᠠᠵᠠᠷ ᠱᠢᠷᠣᠢ᠎ᠶ᠋ᠢ ᠮᠦ᠍ ᠪᠦᠷᠢ᠎ᠶ᠋ᠢ 400 ᠠᠴᠠ 600 ᠲᠥᠭᠦᠷᠢᠭ᠎ᠤᠨ ᠦᠨ᠎ᠡ᠎ᠪᠠᠷ ᠡᠷᠬᠢᠯᠳᠤᠬᠦᠯᠤᠠ ᠱᠢᠯᠵᠢᠭᠦᠯᠵᠦ᠍᠂ 1000 ᠰᠠᠭᠤᠷᠢ ᠨᠡᠷᠡᠨ᠎ᠤ ᠭᠡᠷᠡᠯ᠎ᠤᠨ ᠬᠦᠯᠡᠮᠵᠢ ᠪᠠᠢᠭᠤᠯᠪᠠ᠃ ᠲᠤᠰ ᠲᠣᠰᠭᠤᠨ᠎ᠤ 70% ᠶ᠋ᠢᠨ ᠠᠷᠠᠳ ᠭᠠᠵᠠᠷ ᠱᠢᠷᠣᠢ᠎ᠶ᠋ᠢᠨ ᠠᠱᠢᠭ᠎ᠢ ᠡᠳ᠋ᠯᠡᠵᠦ᠍᠂ ᠬᠡᠰᠡᠭ ᠲᠣᠰᠭᠤᠨ᠎ᠤ ᠠᠷᠠᠳ ᠳᠤᠯᠠᠭᠠᠨ ᠬᠦᠯᠡᠮᠵᠢ ᠬᠤᠳᠠᠯᠳᠤᠨ ᠠᠪᠬᠤ ᠪᠤᠶᠤ ᠪᠡᠶ᠎ᠡ᠎ᠪᠠᠨ ᠳᠠᠭᠠᠭᠠᠠ ᠡᠵᠡᠩᠨᠡᠵᠦ᠍ ᠱᠢᠨ᠎ᠡ ᠴᠠᠭ ᠦᠶ᠎ᠠ᠎ᠶ᠋ᠢᠨ ᠲᠠᠷᠢᠶᠠᠴᠢᠨ ᠪᠣᠯᠪᠠ᠃ ᠡᠭᠦᠨ᠎ᠳᠤ 6 ᠶᠠᠳᠠᠭᠤ ᠬᠦᠴᠢᠷᠳᠡᠯᠲᠡᠢ ᠡᠷᠦᠬᠡ ᠪᠡᠶ᠎ᠡ᠎ᠪᠠᠨ ᠳᠠᠭᠠᠭᠠᠵᠤ ᠡᠵᠡᠩᠨᠡᠬᠦ᠌᠎ᠪᠠᠷ ᠳᠠᠮᠵᠢᠨ ᠴᠢᠨᠡᠭᠡᠯᠢᠭ ᠡᠷᠦᠬᠡ ᠪᠣᠯᠵᠦ᠍᠂ ᠡᠷᠦᠬᠡ ᠪᠦᠷᠢ᠎ᠶ᠋ᠢᠨ ᠵᠢᠯ᠎ᠤᠨ ᠣᠷᠣᠯᠭ᠎ᠠ 15 ᠲᠦᠮᠡᠨ ᠲᠥᠭᠦᠷᠢᠭ ᠬᠦᠷᠴᠦ᠍᠂ 《ᠨᠢᠭᠡ ᠬᠦᠯᠡᠮᠵᠢ᠎ᠪᠠᠷ ᠶᠠᠳᠠᠭᠤ᠎ᠠᠴᠠ ᠠᠩᠭᠢᠵᠢᠷᠠᠭᠤᠯᠵᠤ᠂ ᠬᠤᠶᠠᠷ ᠬᠦᠯᠡᠮᠵᠢ᠎ᠪᠠᠷ ᠪᠠᠶᠠᠵᠢᠭᠤᠯᠬᠤ》 ᠬᠠᠷᠠᠯᠲᠠ᠎ᠶ᠋ᠢ ᠦᠨᠡᠨ ᠬᠦ᠌ ᠪᠡᠶᠡᠯᠡᠭᠦᠯᠪᠡ᠃
《ᠬᠦᠯᠡᠮᠵᠢ᠎ᠶ᠋ᠢᠨ ᠢᠳᠡᠱᠢᠨ ᠨᠣᠭᠤᠭ᠎ᠠ ᠮᠢᠨᠦ᠍ ᠠᠮᠢᠳᠤᠷᠠᠯ᠎ᠢ ᠬᠤᠪᠢᠷᠠᠭᠤᠯᠵᠠᠢ》᠂ 《ᠤᠯᠤᠰ᠎ᠠᠴᠠ ᠭᠡᠷ ᠪᠠᠢᠱᠢᠩ ᠪᠣᠯᠤᠨ ᠬᠦᠯᠡᠮᠵᠢ ᠬᠠᠩᠭᠠᠵᠤ ᠪᠠᠢᠬᠤ᠎ᠳᠤ ᠪᠢᠳᠡ ᠴᠢᠷᠮᠠᠢᠬᠤ ᠦᠭᠡᠢ ᠱᠢᠯᠲᠠᠭᠠᠨ ᠪᠠᠢᠨ᠎ᠠ ᠤᠤ? ᠤᠳᠤ ᠵᠢᠯ᠎ᠤᠨ ᠣᠷᠣᠯᠭ᠎ᠠ 2 ~ 3 ᠲᠦᠮᠡᠨ ᠲᠥᠭᠦᠷᠢᠭ ᠬᠦᠷᠴᠦ᠍᠂ ᠠᠮᠢᠳᠤᠷᠠᠯ ᠡᠳᠦᠷ᠎ᠠᠴᠠ ᠡᠳᠦᠷ ᠦᠭᠡᠳᠡᠯᠡᠨ ᠰᠠᠢᠵᠢᠷᠠᠵᠤ ᠪᠠᠢᠨ᠎ᠠ》 ᠭᠡᠵᠦ᠍ ᠲᠣᠰᠭᠤᠨ᠎ᠤ ᠠᠷᠠᠳ ᠮᠧᠩ ᠱᠢᠶᠠᠨ ᠳᠣᠭ᠍ᠳᠣᠯᠤᠭ᠍ᠰᠠᠨ ᠰᠡᠳᠭᠢᠯᠭᠡ᠎ᠪᠠᠨ ᠳᠠᠷᠤᠵᠤ ᠶᠠᠳᠠᠠ ᠬᠡᠯᠡᠨ᠎ᠠ᠃
ᠬᠦᠯᠡᠮᠵᠢ᠎ᠶ᠋ᠢᠨ ᠨᠣᠭᠤᠭ᠎ᠠ ᠲᠠᠷᠢᠬ᠍ᠴᠢᠳᠲᠤ ᠵᠢᠷᠭᠠᠯᠲᠤ ᠠᠮᠢᠳᠤᠷᠠᠯ᠎ᠤᠨ ᠡᠭᠦᠳᠡ᠎ᠶ᠋ᠢ ᠨᠡᠬᠡᠭᠡᠵᠦ᠍ ᠦᠭ᠌ᠬᠦ᠎ᠳᠤ᠂ ᠮᠢᠬᠠᠨ᠎ᠤ ᠦᠬᠡᠷ ᠮᠠᠯᠵᠢᠬᠤ ᠦᠢᠯᠡᠰ ᠪᠠᠰᠠ ᠠᠷᠠᠳ᠎ᠲᠤ ᠡᠳ᠋ ᠬᠥᠷᠥᠩᠭᠡ ᠠᠪᠴᠢᠷᠠᠪᠠ᠃ ᠵᠧᠤ ᠭᠦᠸᠧ ᠸᠧᠨ ᠪᠤᠯ ᠲᠤᠰᠭᠤᠨ᠎ᠤ ᠲᠡᠵᠢᠭᠡᠪᠤᠷᠢ᠎ᠶ᠋ᠢᠨ ᠲᠣᠮᠣ ᠡᠷᠦᠬᠡ ᠪᠤᠯᠤᠨ᠎ᠠ᠂ ᠲᠡᠷᠡ ᠪᠤᠯ 9 ᠵᠢᠯ ᠦᠬᠡᠷ ᠮᠠᠯᠵᠢᠬ᠍ᠰᠠᠠ ᠲᠤᠷᠱᠢᠯᠭ᠎ᠠ᠎ᠲᠠᠢ ᠬᠠᠱᠢᠷ ᠮᠠᠯᠴᠢᠨ ᠪᠢᠯᠡ᠃ ᠦᠬᠡᠷ ᠮᠠᠯᠵᠢᠬᠤ᠎ᠶ᠋ᠢᠨ ᠰᠠᠢᠨᠲᠠᠢ ᠲᠠᠯ᠎ᠠ᠎ᠶ᠋ᠢ ᠶᠠᠷᠢᠬᠤ᠎ᠳᠤ ᠲᠡᠬᠦᠠ᠎ᠤ ᠤᠷᠮ᠎ᠠ ᠰᠡᠷᠭᠦᠵᠦ᠍᠄ 《ᠦᠬᠡᠷ ᠮᠠᠯᠵᠢᠬᠤ ᠦᠨᠡᠬᠡᠷ ᠰᠠᠢᠨ᠂ ᠵᠢᠯ᠎ᠤᠨ ᠣᠷᠣᠯᠭ᠎ᠠ 50 ᠭᠠᠷᠤᠶ ᠲᠦᠮᠡᠨ ᠲᠥᠭᠦᠷᠢᠭ᠎ᠲᠤ ᠬᠦᠷᠴᠦ᠍ ᠪᠠᠢᠨ᠎ᠠ》 ᠭᠡᠪᠡ᠃
ᠲᠣᠰᠭᠤᠨ᠎ᠤ ᠨᠠᠮ᠎ᠤᠨ ᠡᠭᠦᠷ᠎ᠤᠨ ᠱᠦᠵᠢ ᠯᠢᠦ ᠵᠠᠨ ᠯᠢᠨ᠄ 《ᠮᠠᠨ᠎ᠤ ᠲᠣᠰᠭᠤᠨ᠎ᠤ ᠦᠬᠡᠷ ᠮᠠᠯᠵᠢᠬᠤ ᠡᠷᠦᠬᠡ ᠬᠡᠳᠦᠨ ᠠᠷᠪᠠ ᠪᠠᠢᠭ᠍ᠰᠠᠨ᠎ᠠᠴᠠ᠎ᠪᠠᠨ ᠤᠳᠤ 180 ᠭᠠᠷᠤᠢ ᠡᠷᠦᠬᠡ ᠪᠤᠯᠵᠤ᠂ ᠵᠢᠯ᠎ᠳᠤ 1 ᠲᠦᠮᠡ ᠭᠠᠷᠤᠢ ᠦᠬᠡᠷ ᠬᠤᠳᠠᠯᠳᠤᠵᠤ᠂ 3000 ᠲᠦᠮᠡᠨ ᠲᠥᠭᠦᠷᠢᠭ᠎ᠠᠴᠠ ᠳᠡᠭᠡᠭ᠌ᠰᠢ ᠴᠡᠪᠡᠷ ᠣᠷᠣᠯᠭ᠎ᠠ ᠣᠯᠵᠤ ᠪᠠᠢᠨ᠎ᠠ᠃ ᠪᠢᠳᠡ ᠤᠳᠤ ᠨᠢᠭᠡ ᠭᠠᠷ᠎ᠲᠠᠭᠠᠨ ᠢᠳᠡᠱᠢᠨ ᠨᠤᠭᠤᠭ᠎ᠠ ᠳᠡᠭᠦᠵᠢᠯᠡᠵᠦ᠍᠂ ᠨᠦᠭᠦᠭᠡ ᠭᠠᠷ᠎ᠲᠠᠭᠠᠨ ᠲᠠᠱᠢᠭᠤᠷ ᠠᠳᠭᠤᠭᠠᠳ ᠦᠬᠡᠷ᠎ᠢᠶᠠᠨ ᠲᠠᠭᠤᠵᠤ ᠴᠢᠨᠡᠭᠡᠯᠢᠭ ᠨᠡᠢᠭᠡᠮ ᠵᠦᠭ ᠤᠷᠤᠭ᠍ᠰᠢᠯᠠᠵᠤ ᠪᠠᠢᠨ᠎ᠠ》 ᠬᠡᠮᠡᠨ ᠢᠨᠢᠶᠠᠨ᠎ᠠ᠃
ᠰᠢ ᠱᠠᠨ ᠭᠧᠨ ᠲᠣᠰᠭᠤᠨ 《ᠣᠨᠳᠣᠣ ᠭᠠᠵᠠᠷ᠎ᠲᠤ ᠨᠡᠭᠦᠯᠭᠡᠬᠦ᠌ + ᠨᠠᠰᠤᠵᠢᠯ᠎ᠤᠨ ᠠᠰᠠᠷᠠᠮᠵᠢ》 ᠶ᠋ᠢᠨ ᠵᠠᠭ᠍ᠪᠤᠷ᠎ᠢᠶᠠᠷ 65 ᠨᠠᠰᠤᠨ᠎ᠠᠴᠠ ᠳᠡᠭᠡᠭ᠌ᠰᠢᠬᠢ ᠬᠥᠳᠡᠯᠮᠦᠷᠢᠯᠡᠬᠦ᠌ ᠴᠢᠳᠠᠪᠤᠷᠢ ᠦᠭᠡᠢ ᠨᠠᠰᠤᠲᠠᠢᠴᠤᠳ᠎ᠢ ᠵᠣᠯ ᠵᠢᠷᠭᠠᠯᠲᠤ ᠬᠠᠪᠰᠤᠷᠤᠯᠴᠠᠬᠤ ᠬᠦᠷᠢᠶᠡᠯᠡᠩ᠎ᠳᠤ ᠨᠡᠭᠦᠯᠭᠡᠵᠦ᠍᠂ 《ᠦᠨᠳᠦᠰᠦᠨ ᠵᠦᠢᠯ᠎ᠢ ᠪᠠᠲᠤᠯᠠᠬᠤ + ᠠᠵᠤ ᠦᠢᠯᠡᠰ᠎ᠤᠨ ᠠᠱᠢᠭ ᠬᠤᠪᠢᠶᠠᠷᠢᠯᠠᠯᠲᠠ + ᠲᠠᠷᠬᠠᠯᠲᠠ᠎ᠶ᠋ᠢᠨ ᠮᠠᠶᠢᠭ᠎ᠤᠨ ᠭᠡᠷᠡᠯ ᠴᠡᠨᠡᠭ》 ᠤᠨ ᠶᠠᠳᠠᠭᠤ᠎ᠶ᠋ᠢ ᠲᠡᠳᠬᠦᠬᠦ᠌ ᠵᠠᠭ᠍ᠪᠤᠷ᠎ᠢ ᠬᠡᠷᠡᠭ᠌ᠵᠢᠭᠦᠯᠵᠦ᠍᠂ ᠤᠯᠠᠨ ᠲᠦᠮᠡᠨ᠎ᠢ ᠨᠠᠬᠦᠯᠬᠡᠡ ᠠᠮᠢᠳᠤᠷᠠᠯ᠎ᠢ᠎ᠨᠢ ᠲᠣᠭ᠍ᠲᠠᠪᠤᠷᠢᠵᠢᠭᠤᠯᠬᠤ᠂ ᠠᠵᠤ ᠦᠢᠯᠡᠰ ᠲᠣᠭ᠍ᠲᠠᠭᠤᠨ ᠪᠠᠢᠬᠤ᠂ ᠪᠠᠶᠠᠵᠢᠵᠤ ᠳᠡᠢᠯᠬᠦ᠌᠎ᠶ᠋ᠢ ᠦᠨᠡᠨ ᠬᠦ᠌ ᠪᠠᠲᠤᠯᠠᠨ᠎ᠠ᠃ ᠵᠣᠯ ᠵᠢᠷᠭᠠᠯᠲᠤ ᠬᠠᠪᠰᠤᠷᠤᠯᠴᠠᠬᠤ ᠬᠦᠷᠢᠶᠡᠯᠡᠩ᠎ᠳᠤ ᠪᠠᠰᠠ ᠤᠰᠤ ᠬᠠᠮᠠᠭᠠᠯᠠᠭ᠍ᠴᠢ᠂ ᠵᠠᠮ ᠬᠠᠮᠠᠭᠠᠯᠠᠭ᠍ᠴᠢ᠂ ᠳ᠋ᠧᠩ ᠬᠠᠮᠠᠭᠠᠯᠠᠭ᠍ᠴᠢ ᠪᠠ ᠠᠷᠢᠭᠤᠨ ᠴᠡᠪᠡᠷ᠎ᠤᠨ ᠬᠠᠮᠠᠭᠠᠯᠠᠭ᠍ᠴᠢ ᠵᠡᠷᠭᠡ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ ᠭᠠᠷᠭᠠᠵᠤ᠂ ᠶᠠᠳᠠᠭᠤ ᠬᠦᠴᠢᠷᠳᠠᠯᠳᠠᠢ ᠡᠷᠤᠬᠡ᠎ᠶ᠋ᠢ ᠲᠤᠬᠢᠷᠠᠭᠤᠯᠤᠠ ᠤᠷᠤᠯᠭ᠎ᠠ᠎ᠶ᠋ᠢ᠎ᠨᠢ ᠨᠡᠮᠡᠭ᠌ᠳᠡᠬᠦᠯᠵᠤ ᠪᠤᠢ᠃ ᠤᠨᠳᠤᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠌ ᠲᠦᠷᠦ᠎ᠶ᠋ᠢᠨ ᠪᠤᠳᠤᠯᠭ᠎ᠠ᠎ᠪᠠᠷ ᠵᠣᠯ ᠵᠢᠷᠭᠠᠯᠲᠤ ᠬᠠᠪᠰᠤᠷᠤᠯᠴᠠᠬᠤ ᠬᠦᠷᠢᠶᠡᠯᠡᠩ᠎ᠤᠨ 50 ᠡᠷᠦᠬᠡ 97 ᠬᠥᠮᠦᠨ ᠱᠢᠨ᠎ᠡ ᠠᠮᠢᠳᠤᠷᠠᠯ᠎ᠢᠶᠠᠨ ᠡᠬᠢᠯᠡᠭᠦᠯᠪᠡ᠃
ᠲᠠᠩ ᠭᠤᠸᠠᠩ ᠱᠢᠶᠠ᠄ 《ᠵᠣᠯ ᠵᠢᠷᠭᠠᠯᠲᠤ ᠬᠠᠪᠰᠤᠷᠤᠯᠴᠠᠬᠤ ᠬᠦᠷᠢᠶᠡᠯᠡᠩ᠎ᠤᠨ ᠬᠤᠭᠤᠯᠠ ᠪᠤᠳᠠᠭ᠎ᠠ᠎ᠨᠢ ᠠᠮᠳᠠ ᠱᠢᠮ᠎ᠠ᠎ᠲᠠᠢ᠂ ᠬᠡᠷ ᠤᠷᠤᠠ᠎ᠨᠢ ᠲᠡᠭᠠᠯᠠᠮᠵᠢᠳᠠᠢ᠂ ᠤᠴᠢᠷ ᠦᠭᠡᠢ ᠪᠣᠯ ᠬᠥᠳᠡᠯᠭᠡᠭᠡᠨ᠎ᠤ ᠲᠠᠰᠤᠬ᠂ ᠨᠣᠮ᠎ᠤᠨ ᠲᠠᠰᠤᠭ᠎ᠢᠶᠠᠷ ᠲᠤᠭᠤᠷᠢᠵᠤ᠂ ᠲᠣᠯᠣᠭᠠᠢ ᠡᠪᠡᠳᠴᠦ᠍ ᠬᠠᠯᠠᠭᠤᠷᠠᠪᠠᠯ ᠡᠷᠡᠭᠦᠯ ᠬᠠᠮᠠᠭᠠᠯᠠᠯ᠎ᠤᠨ ᠲᠠᠰᠤᠭ᠎ᠲᠠᠢ᠂ ᠡᠳᠦᠷ ᠪᠦᠷᠢ ᠴᠡᠪᠡᠷᠯᠡᠭ᠌ᠴᠢ ᠬᠦᠷᠢᠶ᠎ᠡ ᠬᠠᠱᠢᠶ᠎ᠠ᠎ᠶ᠋ᠢ ᠴᠠᠪ ᠴᠡᠪᠡᠷᠬᠡᠨ ᠴᠡᠪᠡᠷᠯᠡᠳᠡᠭ》 ᠭᠡᠵᠦ᠍ ᠪᠠᠶᠠᠷᠯᠠᠨ᠎ᠠ᠃
2018 ᠣᠨ᠎ᠤ 7 ᠰᠠᠷ᠎ᠠ᠎ᠳᠤ᠂ ᠰᠢ ᠱᠠᠨ ᠭᠧᠨ ᠲᠣᠰᠭᠤᠨ᠎ᠤ ᠶᠠᠳᠠᠭᠤ ᠬᠦᠴᠢᠷᠳᠡᠯᠲᠡᠢ ᠬᠥᠮᠦᠨ ᠪᠦᠷ ᠶᠠᠳᠠᠭᠤ᠎ᠠᠴᠠ ᠠᠩᠭᠢᠵᠢᠷᠠᠪᠠ᠃ ᠲᠣᠰᠭᠤᠨ᠎ᠤ ᠠᠷᠠᠳ ᠶᠠᠳᠠᠭᠤ ᠪᠠᠢᠭ᠍ᠰᠠᠨ᠎ᠠᠴᠠ᠎ᠪᠠᠨ ᠪᠠᠶᠠᠵᠢᠵᠤ᠂ ᠠᠷᠠᠳ᠎ᠤᠨ ᠵᠠᠩ ᠰᠤᠷᠲᠠᠯ ᠪᠤᠯᠪᠠᠰᠤᠨ᠎ᠤ ᠬᠡᠮᠵᠢᠶ᠎ᠡ ᠮᠠᠭᠤ ᠪᠠᠢᠭ᠍ᠰᠠᠨ᠎ᠠᠴᠠ᠎ᠪᠠᠨ ᠰᠠᠢᠵᠢᠷᠠᠵᠦ᠍᠂ ᠤᠷᠢᠳ ᠬᠤᠵᠢᠳ 《ᠪᠦᠬᠦ᠌ ᠤᠯᠤᠰ᠎ᠤᠨ ᠪᠣᠯᠪᠠᠰᠤᠨ ᠲᠣᠰᠭᠤᠨ》᠂ 《ᠪᠦᠬᠦ᠌ ᠣᠷᠣᠨ᠎ᠤ ᠠᠷᠢᠭᠤᠨ ᠴᠡᠪᠡᠷ ᠲᠣᠰᠭᠤᠨ》᠂ 《ᠪᠦᠬᠦ᠌ ᠣᠷᠣᠨ᠎ᠤ ᠱᠢᠯᠢᠳᠡᠭ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ》 ᠵᠡᠷᠭᠡ ᠢᠷᠠᠭᠤ ᠠᠯᠳᠠᠷ᠎ᠢ ᠬᠦᠷᠲᠡᠪᠡ᠃
《ᠡᠨᠡ ᠵᠢᠯ ᠲᠥᠬᠦᠭᠡᠷᠦᠮᠵᠢᠲᠦ ᠬᠦᠷᠢᠶᠡᠯᠡᠩ ᠲᠣᠭᠤᠷᠢᠭ᠎ᠤᠨ ᠪᠦᠳᠦᠭᠡᠨ ᠪᠠᠢᠭᠤᠯᠤᠯᠲᠠ ᠪᠣᠯᠤᠨ ᠮᠢᠬᠠᠨ᠎ᠤ ᠦᠬᠡᠷ ᠮᠠᠯᠵᠢᠬᠤ ᠲᠣᠭᠤᠷᠢᠭ᠎ᠤᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠨ ᠲᠡᠭᠦᠯᠳᠡᠷᠵᠢᠭᠦᠯᠵᠦ᠍᠂ ᠲᠠᠬᠢᠨ 4 ᠲᠦᠮᠡᠨ ᠲᠡᠭ᠌ᠰᠢ ᠳᠥᠷᠪᠡᠯᠵᠢᠨ ᠮᠧᠲᠷ᠎ᠤᠨ ᠮᠠᠯᠵᠢᠬᠤ ᠲᠣᠭᠤᠷᠢᠭ ᠪᠠᠢᠭᠤᠯᠵᠤ᠂ ᠵᠢᠯ᠎ᠳᠤ 1.5 ᠲᠦᠮᠡᠡ ᠮᠢᠬᠠᠨ᠎ᠤ ᠦᠬᠡᠷ ᠬᠤᠳᠠᠯᠳᠤᠵᠥ᠍ ᠪᠤᠷᠤᠯᠠᠭᠤᠯᠬᠤ᠎ᠪᠠᠷ ᠴᠢᠷᠮᠠᠢᠨ᠎ᠠ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ ᠲᠠᠯ᠎ᠠ᠎ᠪᠠᠷ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠂ ᠲᠣᠰᠭᠤᠨ᠎ᠤ ᠳᠦᠷᠢᠮ ᠠᠷᠠᠳ᠎ᠤᠨ ᠭᠡᠷ᠎ᠡ ᠪᠣᠯᠤᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯ᠎ᠤᠨ ᠪᠠᠢᠷᠢ᠎ᠶ᠋ᠢᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠤᠨ᠎ᠠ᠃ ᠪᠢ ᠦᠷᠭᠦᠯᠵᠢᠯᠡᠨ ᠤᠯᠠᠨ ᠲᠦᠮᠡᠨ᠎ᠢ ᠳᠠᠭᠠᠭᠤᠯᠤᠨ ᠪᠠᠶᠠᠵᠢᠯ᠎ᠤᠨ ᠵᠠᠮ᠎ᠢᠶᠠᠷ ᠵᠤᠷᠢᠭ᠍ᠲᠠᠢ ᠤᠷᠤᠭ᠍ᠰᠢᠯᠠᠵᠤ᠂ ᠠᠵᠤ ᠦᠢᠯᠡᠰ ᠬᠥᠭ᠌ᠵᠢᠭ᠌ᠰᠡᠨ᠂ ᠠᠷᠠᠳ ᠪᠠᠶᠠᠵᠢᠭ᠍ᠰᠠᠨ᠂ ᠠᠢᠯ ᠲᠣᠰᠭᠤᠨ ᠦᠵᠡᠰᠭᠦᠯᠡᠩᠲᠦ ᠰᠠᠢᠬᠠᠨ᠂ ᠠᠷᠠᠳ ᠤᠯᠠᠨ ᠡᠶ᠎ᠡ ᠵᠣᠬᠢᠴᠠᠩᠭᠤᠢ ᠪᠠᠢᠬᠤ ᠬᠠᠷᠠᠯᠲᠠ᠎ᠶ᠋ᠢ ᠴᠢᠷᠮᠠᠢᠨ ᠪᠡᠶᠡᠯᠡᠭᠦᠯᠦᠨ᠎ᠡ》 ᠭᠡᠵᠦ᠍ ᠯᠢᠦ ᠵᠠᠨ ᠯᠢᠨ ᠢᠲᠡᠭᠡᠯ ᠳᠦᠭᠦᠷᠡᠩ ᠬᠡᠯᠡᠵᠥ᠍ ᠪᠠᠢᠯ᠎ᠠ᠃
ᠥᠨᠥᠳᠦᠷ᠎ᠤᠨ ᠰᠢ ᠱᠠᠨ ᠭᠧᠨ ᠲᠣᠰᠭᠤᠨ ᠭᠤᠶᠤᠵᠢᠵᠤ᠂ ᠴᠢᠨᠡᠭᠡᠯᠢᠭ᠌ᠵᠢᠵᠦ᠍᠂ ᠲᠣᠰᠭᠤᠨ᠎ᠤ ᠳᠦᠷᠰᠦ ᠪᠠᠢᠳᠠᠯ ᠪᠣᠯᠤᠨ ᠠᠷᠠᠳ ᠤᠯᠠᠨ᠎ᠤ ᠦᠢᠯᠡᠳᠪᠦᠷᠢᠯᠡᠯ ᠠᠮᠢᠳᠤᠷᠠᠯ᠎ᠳᠤ ᠴᠥᠮ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠤ᠌᠂ ᠱᠢᠨ᠎ᠡ ᠴᠠᠭ ᠦᠶ᠎ᠡ᠎ᠶ᠋ᠢᠨ ᠬᠥᠳᠡᠭᠡ ᠲᠣᠰᠭᠤᠨ ᠪᠤᠯᠵᠤ᠂ ᠵᠣᠯ ᠵᠢᠷᠭᠠᠯᠲᠦ ᠬᠠᠭᠤᠳᠠᠰᠤ᠎ᠶ᠋ᠢ ᠪᠢᠴᠢᠭ᠍ᠯᠠᠨᠠ᠃