ᠦᠨᠳᠦᠰᠦᠳᠡᠨ᠎ᠤ ᠪᠦᠯᠬᠦᠮᠳᠡᠯ᠎ᠤᠨ ᠴᠡᠴᠡᠭᠡᠰ᠎ᠢ ᠦᠨᠢᠳᠠ ᠲᠡᠯᠭᠡᠷᠡᠭᠦᠯᠦᠶ᠎ᠠ
2021-04-23 09:07:01
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

ᠡᠬᠡ ᠤᠯᠤᠰ᠎ᠤᠨ ᠰᠠᠨᠰᠠᠷ᠎ᠤᠨ ᠠᠶᠠᠯᠠᠯ᠎ᠤᠨ ᠦᠶᠯᠡᠰ᠎ᠤᠨ ᠲᠥᠯᠥᠭᠡ᠂ ᠡᠵᠡᠨ᠎ᠡ ᠬᠤᠱᠢᠭᠤᠨ᠎ᠤ ᠮᠠᠯᠴᠢᠨ ᠲᠦᠮᠡᠨ ᠭᠡᠷ ᠣᠷᠣᠨ᠎ᠠᠴᠠ᠎ᠪᠠᠨ ᠭᠤᠷᠪᠠᠨᠲᠠ ᠨᠡᠭᠦᠪᠡ; ᠳᠡᠭᠡᠷ᠎ᠡ ᠵᠠᠭᠤᠨ᠎ᠤ ᠲᠠᠪᠢ ᠵᠢᠷᠠᠭᠠᠳ ᠣᠨ᠎ᠳᠤ᠂ ᠮᠣᠩᠭᠤᠯ ᠮᠠᠯᠴᠢᠳ ᠪᠦᠬᠦ᠌ ᠤᠯᠤᠰ᠎ᠤᠨ ᠡᠯ᠎ᠡ ᠭᠠᠵᠠᠷ᠎ᠠᠴᠠ ᠢᠷᠡᠭ᠌ᠰᠡᠨ 3000 ᠭᠠᠷᠤᠢ ᠥᠨᠥᠴᠢᠨ ᠬᠡᠦᠬᠡᠳ᠎ᠢ ᠦᠷᠡᠴᠢᠯᠡᠨ ᠲᠡᠵᠢᠭᠡᠪᠡ; ᠤᠯᠠᠭᠠᠨᠬᠤᠲᠠ᠎ᠶ᠋ᠢᠨ ᠰᠠᠨ ᠾᠧ ᠲᠣᠰᠭᠤᠨ᠎ᠳᠤ᠂ ᠰᠣᠯᠣᠩᠭᠤᠰ ᠦᠨᠳᠦᠰᠦᠲᠡᠨ ᠲᠤᠲᠤᠷᠭ᠎ᠠ ᠲᠠᠷᠢᠬᠤ ᠮᠡᠷᠭᠡᠵᠢᠯ᠎ᠢᠶᠠᠨ ᠮᠣᠩᠭᠤᠯ ᠦᠨᠳᠦᠰᠦᠲᠡᠨ᠎ᠳᠤ ᠤᠯᠠᠮᠵᠢᠯᠠᠵᠤ᠂ ᠮᠣᠩᠭᠤᠯ ᠦᠨᠳᠦᠰᠦᠲᠡᠨ ᠮᠠᠯ ᠮᠠᠯᠵᠢᠬᠤ ᠠᠷᠭ᠎ᠠ᠎ᠪᠠᠨ ᠰᠣᠯᠣᠩᠭᠤᠰ ᠦᠨᠳᠦᠰᠦᠲᠡᠨ᠎ᠳᠤ ᠵᠢᠭᠠᠨ ᠦᠭ᠌ᠴᠦ᠂ ᠭᠠᠷ ᠬᠤᠯᠪᠣᠨ ᠪᠠᠶᠠᠵᠢᠯ᠎ᠤᠨ ᠵᠠᠮ᠎ᠢᠶᠠᠷ ᠵᠠᠮᠨᠠᠪᠠ᠃ ᠣᠷᠳᠣ ᠬᠤᠭᠤᠴᠠᠭ᠎ᠠ᠎ᠪᠠᠷ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠲᠠᠢ ᠥᠪᠥᠷ ᠮᠣᠩᠭᠤᠯ᠎ᠤᠨ ᠡᠬᠡ ᠤᠯᠤᠰ᠎ᠤᠨ ᠬᠠᠯᠠᠭᠤᠨ ᠪᠦᠯᠢ᠎ᠳᠠᠬᠢ 70 ᠭᠠᠷᠤᠢ ᠵᠢᠯ᠎ᠤᠨ ᠬᠥᠭ᠌ᠵᠢᠯᠲᠡ᠎ᠶ᠋ᠢᠨ ᠲᠡᠦᠬᠡ ᠪᠤᠯ᠂ ᠲᠠᠷᠤᠢ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠦᠨᠳᠦᠰᠦᠲᠡᠨ᠎ᠤ ᠪᠦᠯᠬᠦᠮᠳᠡᠯ᠎ᠤᠨ ᠲᠡᠦᠬᠡ ᠪᠣᠯᠣᠨ᠎ᠠ᠃

ᠥᠪᠥᠷ ᠮᠣᠩᠭᠤᠯ ᠪᠣᠯ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠮᠡᠨᠳᠦᠯᠡᠭ᠌ᠰᠡᠨ ᠭᠠᠵᠠᠷ ᠪᠠᠢᠵᠤ᠂ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ᠎ᠲᠠᠢ᠃ ᠥᠩᠭᠡᠷᠡᠭ᠌ᠰᠡᠨ᠎ᠢᠶᠠᠨ ᠡᠷᠭᠢᠴᠡᠭᠦᠯᠤᠬᠦᠶ᠎ᠡ᠂ ᠥᠪᠥᠷ ᠮᠣᠩᠭᠤᠯ ᠪᠦᠯᠬᠦᠮᠳᠡᠯ᠎ᠲᠠᠢ ᠠᠮᠣᠷ ᠲᠣᠭ᠍ᠲᠠᠭᠤᠨ᠂ ᠴᠡᠴᠡᠭ᠌ᠯᠡᠨ ᠬᠥᠭ᠌ᠵᠢᠭ᠌ᠰᠡᠨ ᠪᠠᠢᠳᠠᠯ᠎ᠲᠠᠢ ᠪᠤᠯᠵᠦ᠍ ᠴᠢᠳᠠᠭ᠍ᠰᠠᠨ᠎ᠨᠢ ᠨᠠᠮ᠎ᠤᠨ ᠬᠠᠯᠠᠮᠵᠢᠯᠠᠯ ᠪᠠ ᠡᠬᠡ ᠤᠯᠤᠰ᠎ᠤᠨ ᠬᠠᠯᠠᠭᠤᠨ ᠪᠦᠯᠢ᠎ᠶ᠋ᠢᠨ ᠬᠠᠢᠷ᠎ᠠ ᠬᠠᠯᠠᠮᠵᠢ᠎ᠳᠤ ᠲᠦᠱᠢᠭ᠌ᠯᠡᠭ᠌ᠰᠡᠨ ᠶᠤᠮ᠃ ᠬᠡᠵᠢᠶ᠎ᠡ ᠴᠦ᠍ ᠭᠡᠰᠡᠨ ᠨᠠᠮ᠎ᠤᠨ ᠤᠳᠤᠷᠢᠳᠤᠯᠭ᠎ᠠ ᠪᠣᠯ ᠦᠨᠳᠦᠰᠦᠲᠡᠨ᠎ᠤ ᠠᠵᠢᠯ᠎ᠤᠨ ᠠᠮᠵᠢᠯᠲᠠ ᠤᠯᠬᠤ᠎ᠶ᠋ᠢᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠲᠡᠤᠭᠡ ᠨᠢᠭᠡᠨᠳᠡ ᠬᠡᠷᠡᠴᠢᠯᠡᠪᠡ᠃

ᠵᠦᠪᠭᠡᠨ ᠦᠨᠳᠦᠰᠦᠲᠡᠨ᠎ᠤ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠯᠠᠭᠠᠭ᠍ᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠᠯ ᠰᠠᠶᠢ ᠱᠢᠨ᠎ᠡ ᠴᠠᠭ ᠦᠶ᠎ᠡ᠎ᠳᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠵᠤ ᠴᠢᠳᠠᠨ᠎ᠠ ᠭᠡᠳᠡᠭ᠎ᠢ ᠲᠡᠤᠭᠡ ᠪᠠᠰᠠ ᠬᠡᠷᠡᠴᠢᠯᠠᠨ᠎ᠠ᠃

ᠱᠢᠨ᠎ᠡ ᠠᠶᠠᠨ᠎ᠳᠤ ᠲᠠᠬᠢᠨ ᠮᠤᠷᠳᠠᠬᠤ᠎ᠳᠤ᠂ 《ᠭᠤᠷᠪᠠᠨ ᠰᠠᠯᠵᠤ ᠴᠢᠳᠠᠬᠤ ᠦᠭᠡᠢ》 ᠦᠵᠡᠯ ᠰᠠᠨᠠᠭ᠎ᠠ᠎ᠶ᠋ᠢ ᠮᠦᠨ ᠬᠦ᠌ ᠦᠷᠭᠦᠯᠵᠢᠯᠡᠨ ᠪᠠᠲᠤ ᠪᠠᠬᠢ ᠪᠤᠯᠭᠠᠵᠦ᠍᠂ 《ᠲᠠᠪᠤᠨ ᠬᠠᠮᠳᠤ᠎ᠶ᠋ᠢᠨ ᠲᠠᠨᠢᠯᠳᠠ》 ᠎ᠪᠠᠨ ᠲᠠᠰᠤᠷᠠᠯᠳᠠ ᠦᠭᠡᠢ ᠴᠢᠩᠭᠠᠳᠭᠠᠵᠦ᠍᠂ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠠᠷᠠᠳ ᠲᠦᠮᠡᠨ᠎ᠤ ᠠᠮᠤᠷ ᠵᠢᠷᠭᠠᠨ ᠠᠵᠤ ᠲᠦᠷᠦᠭᠦ᠎ᠶ᠋ᠢ ᠪᠠᠲᠤᠯᠠᠬᠤ ᠪᠣᠳᠠᠲᠤ ᠶᠠᠪᠤᠳᠠᠯ᠎ᠤᠳ᠎ᠤᠨ ᠳᠤᠮᠳᠠ ᠨᠠᠢᠳᠠᠪᠤᠷᠢᠵᠢᠭᠤᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠭᠢᠯ᠎ᠤᠨ ᠭᠦᠨ᠎ᠳᠤ ᠦᠨᠳᠦᠰᠦᠯᠡᠭᠦᠯᠬᠦ᠌ ᠬᠡᠷᠡᠭ᠌ᠳᠡᠢ᠃ ᠢᠩᠬᠢᠪᠡᠯ ᠰᠠᠶᠢ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠤᠨ ᠡᠶ᠎ᠡ ᠨᠠᠢᠷᠲᠠᠶ᠎ᠪᠠᠷ ᠵᠡᠷᠭᠡᠴᠡᠨ ᠣᠷᠣᠱᠢᠬᠤ᠎ᠶ᠋ᠢ ᠲᠠᠰᠤᠷᠠᠯᠲᠠ ᠦᠭᠡᠢ ᠪᠠᠬᠢᠵᠢᠭᠦᠯᠦᠨ ᠬᠥᠭ᠌ᠵᠢᠭᠦᠯᠵᠦ᠍ ᠴᠢᠳᠠᠨ᠎ᠠ᠃

ᠪᠦᠯᠬᠦᠮᠳᠡᠯ ᠪᠣᠯ ᠬᠦᠴᠦᠨ᠃ ᠨᠢᠳᠤᠨ ᠴᠡᠴᠡᠭᠡᠢ᠎ᠪᠠᠨ ᠬᠠᠢᠷᠠᠯᠠᠬᠤ ᠱᠢᠭ᠋᠎ᠢᠶᠠᠷ ᠦᠨᠳᠦᠰᠦᠲᠡᠨ᠎ᠤ ᠪᠦᠯᠬᠦᠮᠳᠡᠯ᠎ᠢ ᠬᠠᠢᠷᠠᠯᠠᠵᠤ᠂ ᠠᠮᠢ ᠨᠠᠰᠤ᠎ᠪᠠᠨ ᠨᠠᠨᠳᠢᠩᠨᠠᠬᠤ ᠱᠢᠭ᠋᠎ᠢᠶᠠᠷ ᠦᠨᠳᠦᠰᠦᠲᠡᠨ᠎ᠤ ᠪᠦᠯᠬᠦᠮᠳᠡᠯ᠎ᠢ ᠨᠠᠨᠳᠢᠩᠨᠠᠵᠤ᠂ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ᠂ ᠨᠢᠭ᠍ᠲᠠᠷᠠᠨ ᠪᠦᠯᠬᠦᠮᠳᠡᠪᠡᠯ᠂ ᠦᠨᠳᠦᠰᠦᠲᠡᠨ᠎ᠤ ᠪᠦᠯᠬᠦᠮᠳᠡᠯ᠎ᠤᠨ ᠴᠡᠴᠡᠭᠡᠰ ᠰᠠᠶᠢ ᠥᠨᠢᠳᠡ ᠳᠡᠯᠭᠡᠷᠡᠭᠦᠯᠵᠦ᠍ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号