81 ᠬᠤᠤᠰ 《ᠨᠤᠭᠤᠭᠠᠨ ᠬᠠᠪᠢᠰᠤᠲᠦ ᠭᠠᠯᠲᠦ ᠲᠡᠷᠭᠡ》 ᠬᠤᠪᠢᠰᠭᠠᠯ᠎ᠤᠨ ᠡᠷᠲᠡ ᠴᠢᠯᠦᠭᠡᠯᠡᠭ᠌ᠲᠡᠭ᠌ᠰᠡᠡ ᠤᠷᠤᠨ ᠦᠨᠲᠦᠰᠦᠲᠠᠠ᠎ᠤ ᠤᠷᠤᠨ ᠬᠢᠯᠢ ᠬᠢᠵᠠᠭᠠᠷ ᠤᠷᠤᠨ᠎ᠤ ᠬᠦᠭ᠌ᠵᠢᠯᠲᠠ᠎ᠳᠤ ᠬᠦᠴᠤ᠌ ᠨᠡᠮᠡᠷᠢᠯᠡᠵᠦ᠍ ᠪᠤᠢ
2021-04-23 10:12:55
ᠵᠣᠬᠢᠶᠠᠭ᠍ᠴᠢ᠄
ᠹᠠᠨ ᠰᠢ ᠵᠧᠤ ᠶᠤᠸᠠᠨ
ᠣᠩᠱᠢᠭ᠍ᠰᠠᠨ ᠣᠳᠠᠭ᠎ᠠ᠄
★★★☆☆

 


ᠰᠤᠷᠪᠤᠯᠵᠢᠯᠠᠭ᠍ᠴᠢ 21 ᠎ᠤ ᠡᠳᠦᠷ ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠠᠴᠠ ᠣᠢᠯᠠᠭᠠᠭ᠍ᠰᠠᠨ᠎ᠢᠶᠠᠷ᠂ ᠣᠳᠣᠬᠠᠨ᠎ᠳᠤ᠂ ᠪᠥᠬᠦ᠌ ᠤᠯᠤᠰ᠎ᠲᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ 81 ᠬᠤᠤᠰ 《ᠤᠳᠠᠭᠠᠨ ᠭᠠᠯᠲᠤ ᠲᠡᠷᠭᠡ》 ᠎ᠶ᠋ᠢ ᠪᠠᠢᠩᠭᠤᠵᠢᠭᠤᠯᠤᠨ ᠨᠡᠪᠲᠡᠷᠡᠭᠦᠯᠵᠦ᠍᠂ 21 ᠮᠤᠵᠢ ᠣᠷᠣᠨ᠎ᠢ ᠬᠠᠮᠤᠷᠴᠤ᠌᠂ 530 ᠲᠡᠷᠭᠡᠨ ᠥᠷᠲᠡᠭᠡ᠎ᠪᠠᠷ ᠥᠩᠭᠡᠷᠡᠵᠦ᠍᠂ ᠭᠢᠷᠢᠨ᠎ᠤ ᠶᠠᠨᠪᠢᠶᠠᠨ᠂ ᠥᠪᠥᠷ ᠮᠣᠩᠭᠤᠯ᠎ᠤᠨ ᠵᠡᠭᠦᠨ ᠬᠡᠰᠡᠭ᠂ ᠬᠤᠨᠠᠨ᠎ᠤ ᠪᠠᠷᠠᠭᠤᠨ ᠬᠡᠰᠡᠭ᠂ ᠶᠦᠨᠨᠠᠨ ᠭᠦᠶᠵᠧᠤ᠎ᠶ᠋ᠢᠨ ᠦᠨᠳᠦᠷᠯᠢᠭ᠎ᠤᠨ ᠤᠷᠤᠨ ᠵᠡᠷᠭᠡ 35 ᠦᠨᠳᠦᠰᠦᠲᠡᠨ᠎ᠤ ᠭᠠᠵᠠᠷ ᠣᠷᠣᠨ᠎ᠢᠶᠠᠷ ᠥᠩᠭᠡᠷᠡᠵᠦ᠍᠂ ᠵᠢᠯ ᠪᠦᠷᠢ ᠵᠠᠮ ᠳᠠᠭᠠᠤ ᠭᠠᠵᠠᠷ ᠤᠷᠤᠨ᠎ᠤ ᠣᠯᠠᠨ ᠲᠦᠮᠡᠨ᠎ᠢ 1200 ᠲᠦᠮᠡᠨ ᠬᠥᠮᠦᠨ ᠤᠳᠠᠭ᠎ᠠ ᠨᠠᠭᠠᠰᠢ ᠴᠠᠭᠠᠰᠢ ᠬᠦᠷᠭᠡᠵᠤ᠂ ᠺᠢᠯᠣᠮᠧᠲᠷ ᠪᠦᠷᠢ᠎ᠶ᠋ᠢᠨ ᠪᠢᠯᠧᠲ᠎ᠤᠨ ᠦᠨ᠎ᠡ᠎ᠨᠢ 6 ᠮᠥᠩᠭᠦ᠌ ᠬᠥᠷᠬᠦ᠌ ᠥᠬᠡᠶ ᠪᠠᠢᠲᠠᠭ᠃

《ᠤᠳᠠᠭᠠᠨ ᠭᠠᠯᠲᠤ ᠲᠡᠷᠭᠡ》 ᠎ᠶ᠋ᠢ ᠶᠡᠷᠦ᠎ᠳᠡᠭᠡᠨ ᠨᠣᠭᠤᠭᠠᠨ ᠬᠠᠪᠢᠰᠤᠲᠦ ᠭᠠᠯᠲᠦ ᠳᠡᠷᠭᠡ ᠭᠡᠳᠡᠭ᠃ ᠣᠢᠯᠠᠭᠠᠭ᠍ᠰᠠᠨ᠎ᠢᠶᠠᠷ᠂ ᠬᠤᠪᠢᠰᠭᠠᠯ᠎ᠤᠨ ᠡᠷᠲᠡ ᠴᠢᠯᠦᠭᠡᠯᠡᠭ᠌ᠲᠡᠭ᠌ᠰᠡᠡ ᠤᠷᠤᠨ ᠦᠨᠳᠦᠰᠦᠲᠡᠨ᠎ᠤ ᠣᠷᠣᠨ ᠬᠢᠯᠢ ᠬᠢᠵᠠᠭᠠᠷ ᠣᠷᠣᠨ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠬᠥᠭ᠌ᠵᠢᠯᠲᠡ᠎ᠶ᠋ᠢᠨ ᠬᠡᠷᠡᠭ᠌ᠴᠡᠭᠡ᠎ᠳᠤ ᠵᠣᠬᠢᠴᠠᠭᠤᠯᠬᠤ᠎ᠶ᠋ᠢᠨ ᠲᠥᠯᠥᠭᠡ᠂ ᠲᠡᠮᠦᠷ ᠵᠠᠮ᠎ᠤᠨ ᠡᠯ᠎ᠡ ᠰᠠᠯᠠᠭ᠎ᠠ ᠮᠥᠴᠢᠷ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ 《ᠤᠳᠠᠭᠠᠨ ᠭᠠᠯᠲᠤ ᠲᠡᠷᠭᠡ》 ᠎ᠶ᠋ᠢ 《ᠬᠥᠳᠡᠭᠡ ᠲᠣᠰᠭᠤᠨ᠎ᠤ ᠴᠤᠭ᠍ᠯᠠᠭ᠎ᠠ ᠮᠠᠢᠮᠠᠶ᠎ᠶ᠋ᠢᠨ ᠵᠠᠬ᠎ᠠ ᠳᠡᠯᠭᠡᠭᠦᠷ》 ᠪᠣᠯᠭᠠᠨ ᠴᠣᠭ᠍ᠴᠠᠯᠠᠵᠤ᠂ ᠲᠡᠷᠭᠡᠨ ᠥᠷᠲᠡᠭᠡ᠎ᠳᠤ 《ᠶᠠᠳᠠᠭᠤ᠎ᠶ᠋ᠢ ᠲᠡᠳᠬᠦᠬᠦ᠌ ᠲᠤᠰᠭᠠᠶ ᠯᠠᠩᠭᠦᠶ》 ᠭᠠᠷᠭᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠣᠯᠠᠨ ᠲᠦᠮᠡᠨ᠎ᠤ ᠶᠠᠳᠠᠭᠤ᠎ᠠᠴᠠ ᠠᠩᠭᠢᠵᠢᠷᠠᠨ ᠪᠠᠶᠠᠵᠢᠬᠤ᠎ᠳᠤ ᠬᠦᠴᠦᠨ ᠨᠡᠮᠡᠷᠢᠯᠡᠪᠡ᠃ ᠣᠯᠠᠨ ᠲᠦᠮᠡᠨ᠎ᠤ ᠶᠠᠪᠤᠵᠤ ᠰᠠᠭᠤᠬᠤ᠎ᠳᠤ ᠲᠤᠯᠭᠠᠷᠠᠭ᠍ᠰᠠᠨ ᠬᠦᠴᠢᠷᠳᠡᠯ᠎ᠳᠤ ᠴᠢᠭ᠌ᠯᠡᠭᠦᠯᠦᠨ᠂ ᠨᠠᠰᠤᠲᠠᠢᠴᠤᠳ᠎ᠢ ᠲᠤᠰᠠᠯᠠᠬᠤ᠂ ᠲᠠᠷᠢᠶᠠᠴᠢᠳ᠎ᠢ ᠲᠤᠰᠠᠯᠠᠬᠤ᠂ ᠪᠢᠴᠢᠯ ᠨᠡᠢᠲᠡ᠎ᠶ᠋ᠢᠨ ᠠᠰᠠᠷᠠᠮᠵᠢ ᠵᠡᠷᠭᠡ ᠬᠠᠪᠰᠤᠷᠤᠨ ᠲᠡᠳᠬᠦᠬᠦ᠌ ᠠᠵᠢᠯ᠎ᠢ ᠢᠳᠡᠪᠬᠢᠲᠡᠶ ᠰᠠᠢᠲᠤᠷ ᠬᠢᠵᠦ᠍᠂ ᠨᠢᠭᠡ ᠪᠦᠯᠦᠭ ᠣᠷᠣᠨ ᠨᠤᠲᠤᠭ᠎ᠤᠨ ᠣᠨᠴᠠᠯᠢᠭ ᠪᠥᠬᠦᠶ 《ᠤᠳᠠᠭᠠᠨ ᠭᠠᠯᠲᠤ ᠲᠡᠷᠭᠡ》 ᠎ᠶ᠋ᠢᠨ ᠦᠶᠯᠡᠴᠢᠯᠡᠭᠡᠨ᠎ᠤ ᠨᠠᠷᠠᠲᠤ ᠲᠡᠮᠳᠡᠭ᠌ᠲᠦ᠎ᠶ᠋ᠢ ᠪᠤᠢ ᠪᠤᠯᠭᠠᠵᠠᠢ᠂ ᠵᠢᠱ᠌ᠢᠶᠡᠯᠡᠪᠡᠯ 《ᠢ ᠦᠨᠳᠦᠰᠦᠲᠡᠨ᠎ᠤ ᠬᠠᠢᠷ᠎ᠠ ᠰᠡᠳᠭᠢᠯᠭᠡ》᠂ 《ᠮᠠᠯᠴᠢᠳ᠎ᠤᠨ ᠬᠡᠷ ᠪᠦᠯᠢ》᠂ 《ᠠᠷᠠᠳ᠎ᠢ ᠪᠠᠶᠠᠵᠢᠭᠤᠯᠬᠤ ᠨᠡᠷᠡᠮᠵᠢᠲᠦ》᠂ 《ᠦᠨᠳᠦᠰᠦᠲᠡᠨ᠎ᠤ ᠪᠦᠯᠬᠦᠮᠳᠡᠯ ᠨᠡᠷᠡᠮᠵᠢᠲᠦ》 ᠭᠡᠬᠦ᠌ ᠵᠡᠷᠭᠡ ᠪᠤᠢ᠃

ᠤᠯᠤᠰ᠎ᠤᠨ ᠲᠡᠮᠦᠷ ᠵᠠᠮ᠎ᠤᠨ ᠪᠦᠯᠦᠭ᠌ᠯᠡᠯ᠎ᠤᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ᠂ ᠲᠠᠷᠠᠭᠠᠴᠢ᠎ᠶ᠋ᠢᠨ ᠠᠯᠬᠤᠮ᠎ᠳᠤ ᠲᠤᠬᠠᠶ᠎ᠶ᠋ᠢᠨ ᠭᠠᠵᠠᠷ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠂ ᠠᠷᠠᠳ ᠣᠯᠠᠨ᠎ᠤ ᠶᠠᠪᠤᠵᠤ ᠰᠠᠭᠤᠬᠤ ᠬᠡᠷᠡᠭ᠌ᠴᠡᠭᠡ ᠪᠠ ᠵᠠᠮ ᠬᠠᠷᠢᠯᠴᠠᠭᠠᠨ᠎ᠤ ᠲᠥᠬᠦᠭᠡᠷᠦᠮᠵᠢ᠎ᠶ᠋ᠢᠨ ᠬᠤᠪᠢᠷᠠᠯᠲᠠ᠎ᠶ᠋ᠢᠨ ᠪᠠᠢᠳᠠᠯ᠎ᠲᠠᠢ ᠤᠶᠠᠯᠳᠤᠭᠤᠯᠤᠨ᠂ ᠭᠠᠯᠲᠤ ᠲᠡᠷᠭᠡᠨ᠎ᠤ ᠠᠶᠠᠯᠠᠯ᠎ᠤᠨ ᠲᠥᠰᠦᠯ᠎ᠢ ᠱᠢᠯᠢᠳᠡᠭ᠌ᠵᠢᠭᠦᠯᠦᠨ᠎ᠡ᠃ ᠡᠭᠦᠨ᠎ᠤ ᠬᠠᠮᠲᠤ᠌᠂ ᠬᠦᠢᠰᠦ ᠪᠤᠯᠬᠤ ᠭᠠᠯᠲᠤ ᠲᠡᠷᠭᠡᠨ ᠥᠷᠲᠡᠭᠡ᠎ᠶ᠋ᠢᠨ ᠲᠡᠷᠭᠡ ᠰᠣᠯᠢᠬᠤ ᠴᠠᠭ ᠬᠤᠭᠤᠴᠠᠭ᠎ᠠ᠎ᠲᠠᠢ ᠵᠠᠯᠭᠠᠭᠤᠯᠬᠤ᠎ᠶ᠋ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ 《ᠤᠳᠠᠭᠠᠨ ᠭᠠᠯᠲᠤ ᠲᠡᠷᠭᠡ》 ᠎ᠶ᠋ᠢᠨ ᠨᠥᠯᠥᠭᠡᠯᠡᠨ ᠳᠠᠢᠴᠢᠯᠠᠬᠤ ᠦᠶᠯᠡᠳᠦᠯ᠎ᠢ ᠭᠦᠶᠴᠡᠳ ᠪᠠᠳᠠᠷᠠᠭᠤᠯᠵᠤ᠂ ᠦᠢᠯᠡᠴᠢᠯᠡᠭᠡᠨ᠎ᠤ ᠪᠠᠲᠤᠯᠠᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠨ᠎ᠡ ᠭᠡᠵᠦ᠍ ᠢᠯᠡᠷᠭᠡᠢᠯᠡᠪᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号