ᠬᠥᠬᠡᠬᠤᠲᠠ ᠬᠠᠭᠤᠷᠮᠠᠭ ᠮᠠᠭᠤ ᠲᠠᠷᠢᠶᠠᠯᠠᠩ᠎ᠤᠨ ᠬᠡᠷᠡᠭ᠌ᠰᠡᠯ᠎ᠳᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ ᠪᠤᠢ
2021-04-23 10:11:35
ᠵᠣᠬᠢᠶᠠᠭ᠍ᠴᠢ᠄
​ ᠪᠤᠤ ᠨᠠᠷᠠᠨᠳᠤᠶᠠᠭ᠎ᠠ
ᠣᠩᠱᠢᠭ᠍ᠰᠠᠨ ᠣᠳᠠᠭ᠎ᠠ᠄
★★★☆☆


ᠲᠠᠷᠢᠶᠠᠴᠢᠳ᠎ᠤᠨ ᠴᠢᠨᠠᠷ ᠰᠠᠢᠳᠠᠢ ᠲᠠᠷᠢᠶᠠᠯᠠᠩ᠎ᠤᠨ ᠬᠡᠷᠡᠭ᠌ᠰᠡᠯ ᠬᠤᠳᠠᠯᠳᠤᠨ ᠠᠪᠬᠤ᠎ᠶ᠋ᠢ ᠦᠨᠡᠨ ᠬᠦ᠌ ᠪᠠᠲᠤᠯᠠᠵᠤ᠂ ᠲᠠᠷᠢᠶᠠᠯᠠᠩ᠎ᠤᠨ ᠬᠡᠷᠡᠭ᠌ᠰᠡᠯ᠎ᠤᠨ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠤᠯᠠᠮ ᠨᠢᠭᠡ ᠠᠯᠬᠤᠮ ᠴᠡᠭ᠌ᠴᠡᠯᠡᠨ ᠵᠢᠷᠤᠮᠵᠢᠭᠤᠯᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠬᠦᠷᠢᠶᠡᠨ᠎ᠳᠠᠬᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠶ᠋ᠢᠨ ᠲᠥᠯᠥᠭᠡ᠂ ᠬᠦᠬᠡᠬᠤᠳᠠ ᠬᠠᠪᠤᠷ᠎ᠤᠨ ᠤᠯᠠᠷᠢᠯ᠎ᠤᠨ ᠬᠠᠭᠤᠷᠮᠠᠭ ᠮᠠᠭᠤ ᠲᠠᠷᠢᠶᠠᠯᠠᠩ᠎ᠤᠨ ᠬᠡᠷᠡᠭ᠌ᠰᠡᠯ᠎ᠳᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠦᠷᠨᠢᠭᠦᠯᠵᠦ᠍᠂ ᠲᠠᠷᠢᠶᠠᠨ ᠦᠷ᠎ᠡ᠂ ᠲᠠᠷᠢᠶᠠᠨ ᠡᠮ᠂ ᠪᠣᠷᠲᠣᠭᠤᠷ᠂ ᠮᠠᠯ᠎ᠤᠨ ᠡᠮ᠂ ᠲᠡᠵᠢᠭᠡᠯ ᠪᠣᠷᠳᠤᠭ᠎ᠠ᠂ ᠲᠠᠷᠢᠶᠠᠯᠠᠩ᠎ᠤᠨ ᠮᠠᠱᠢᠨ ᠵᠡᠷᠭᠡ ᠲᠠᠯ᠎ᠠ᠎ᠪᠠᠷ ᠲᠤᠰᠭᠠᠢ ᠵᠦᠢᠯ᠎ᠤᠨ ᠪᠠᠢᠴᠠᠭᠠᠯᠳᠠ ᠦᠷᠨᠢᠭᠦᠯᠪᠠ᠃

4 ᠰᠠᠷ᠎ᠠ᠎ᠶ᠋ᠢᠨ 12 ᠎ᠤᠨ ᠡᠳᠦᠷ᠂ ᠬᠦᠬᠡᠬᠤᠳᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ᠎ᠶ᠋ᠢᠨ ᠪᠡᠯᠡᠳᠭᠡᠯ ᠶᠡᠭᠡ ᠠᠩᠭᠢ᠎ᠠᠴᠠ ᠲᠦᠮᠡᠳ ᠵᠡᠭᠦᠨ ᠬᠤᠱᠢᠭᠤᠨ᠎ᠤ ᠰᠠᠭᠠᠯᠢᠴᠢᠨ ᠪᠠᠯᠭᠠᠰᠤ ᠪᠠ ᠴᠠᠭᠠᠨ ᠰᠦᠮ᠎ᠠ ᠪᠠᠯᠭᠠᠰᠤᠨ᠎ᠤ ᠲᠠᠷᠢᠶᠠᠯᠠᠩ᠎ᠤᠨ ᠬᠡᠷᠡᠭ᠌ᠰᠡᠯ ᠪᠣᠷᠣᠯᠠᠭᠤᠯᠬᠤ ᠬᠤᠳᠠᠯᠳᠤᠭ᠎ᠠ ᠳᠡᠯᠭᠡᠭᠦᠷ᠎ᠲᠤ ᠪᠦᠬᠦ᠌ ᠲᠠᠯ᠎ᠠ᠎ᠶ᠋ᠢᠨ ᠪᠠᠢᠴᠠᠭᠠᠯᠲᠠ ᠬᠢᠪᠠ᠃ ᠪᠠᠢᠴᠠᠭᠠᠯᠲᠠ᠎ᠶ᠋ᠢᠨ ᠳᠤᠮᠳᠠ᠂ ᠬᠠᠤᠯᠢ ᠬᠡᠷᠡᠭ᠌ᠵᠢᠭᠦᠯᠬᠦ᠌ ᠠᠵᠢᠯᠲᠠᠨ ᠲᠠᠷᠢᠶᠠᠯᠠᠩ᠎ᠤᠨ ᠬᠡᠷᠡᠭ᠌ᠰᠡᠯ᠎ᠤᠨ ᠡᠵᠡᠩᠨᠡᠯᠲᠡ᠎ᠶ᠋ᠢᠨ ᠡᠭᠦᠳᠡᠨ ᠳᠡᠯᠭᠡᠭᠦᠷ᠎ᠤᠨ ᠡᠵᠡᠩᠨᠡᠯᠲᠡ᠎ᠶ᠋ᠢᠨ ᠬᠢᠷᠢ ᠬᠡᠮ᠂ ᠣᠷᠣᠭᠤᠯᠵᠤ ᠪᠣᠷᠣᠯᠠᠭᠤᠯᠬᠤ ᠪᠠᠷᠠᠭᠠᠨ᠎ᠤ ᠡᠬᠡ ᠲᠠᠩᠰᠠ᠂ ᠲᠠᠷᠢᠶᠠᠯᠠᠩ᠎ᠤᠨ ᠬᠡᠷᠡᠭ᠌ᠰᠡᠯ᠎ᠢ ᠬᠢᠨᠠᠨ ᠲᠣᠭ᠍ᠲᠠᠭᠠᠬᠤ᠂ ᠳᠡᠩᠰᠡᠯᠡᠨ ᠲᠡᠮᠳᠡᠭ᠌ᠯᠡᠬᠦ᠂ ᠪᠦᠷᠢᠳᠭᠡᠨ ᠳᠠᠩᠰᠠᠯᠠᠭ᠍ᠰᠠᠨ ᠪᠠᠢᠳᠠᠯ᠂ ᠦᠶᠯᠡᠳᠬᠦᠨ᠎ᠤ ᠱᠣᠱᠢᠭ᠎ᠠ ᠲᠡᠮᠳᠡᠭ᠎ᠤᠨ ᠵᠢᠷᠤᠮᠵᠢᠭ᠍ᠰᠠᠨ ᠪᠠᠢᠳᠠᠯ᠎ᠤᠨ ᠲᠤᠬᠠᠶ ᠪᠠᠢᠴᠠᠭᠠᠯᠲᠠ ᠬᠢᠵᠦ᠍᠂ ᠵᠢᠷᠬᠢᠶ᠎ᠠ᠎ᠶ᠋ᠢᠨ ᠬᠤᠶᠠᠷ ᠭᠡᠮᠵᠢᠯᠳᠤ ᠺᠤᠲ ᠵᠡᠷᠭᠡ᠎ᠪᠠᠷ ᠳᠠᠮᠵᠢᠭᠤᠯᠤᠨ ᠪᠣᠭᠤᠳᠠᠯ᠎ᠤᠨ ᠱᠣᠱᠢᠭ᠎ᠠ ᠳᠡᠭᠡᠷᠡᠬᠢ ᠦᠶᠯᠡᠳᠬᠦᠨ᠎ᠤ ᠨᠡᠷᠡᠢᠳᠦᠯ᠂ ᠳᠠᠷᠢᠬᠤ ᠣᠷᠣᠨ ᠪᠦᠰᠡ᠂ ᠬᠢᠨᠠᠨ ᠲᠣᠭ᠍ᠲᠠᠭᠠᠭ᠍ᠰᠠᠨ ᠳ᠋ᠤᠭᠠᠷ᠂ ᠡᠭᠦᠯᠳᠡᠷ᠎ᠤᠨ ᠱᠢᠨᠵᠢ ᠪᠠᠢᠳᠠᠯ᠎ᠢ ᠪᠠᠢᠴᠠᠭᠠᠨ ᠬᠡᠮᠵᠢᠭ᠌ᠰᠡᠨ ᠡᠳᠦᠷ ᠬᠤᠭᠤᠴᠠᠭ᠎ᠠ᠂ ᠴᠢᠨᠠᠷ᠎ᠢ ᠪᠠᠲᠤᠯᠠᠬᠤ ᠬᠤᠭᠤᠴᠠᠭ᠎ᠠ ᠵᠡᠷᠭᠡ᠎ᠲᠠᠢ ᠬᠠᠷᠭᠤᠭᠤᠯᠵᠤ᠂ ᠦᠷ᠎ᠡ᠎ᠶ᠋ᠢᠨ ᠱᠠᠭᠠᠷᠳᠠᠯᠭ᠎ᠠ᠎ᠳᠤ ᠨᠡᠢᠴᠡᠬᠦ᠌ ᠡᠰᠡᠬᠦ᠌᠎ᠶ᠋ᠢ ᠪᠠᠢᠴᠠᠭᠠᠨ ᠦᠵᠡᠪᠡ᠃ ᠪᠠᠢᠴᠠᠭᠠᠬᠤ ᠶᠠᠪᠤᠴᠠ᠎ᠳᠤ᠂ ᠬᠠᠤᠯᠢ ᠬᠡᠷᠡᠭ᠌ᠵᠢᠭᠦᠯᠬᠦ᠌ ᠠᠵᠢᠯᠳᠠᠨ ᠪᠠᠰᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠎ᠳᠤ ᠬᠠᠤᠯᠢ ᠶᠤᠰᠤᠨ᠎ᠤ ᠡᠭᠦᠷᠭᠡ᠎ᠪᠠᠨ ᠭᠦᠢᠴᠡᠳᠭᠡᠵᠦ᠍᠂ ᠦᠨᠡᠨᠴᠢ ᠢᠲᠡᠭᠡᠮᠵᠢᠲᠡᠶ ᠡᠵᠡᠩᠨᠡᠵᠦ᠍᠂ ᠲᠠᠷᠢᠶᠠᠯᠠᠩ᠎ᠤᠨ ᠬᠡᠷᠡᠭ᠌ᠰᠡᠯ᠎ᠤᠨ ᠶᠠᠰᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠰᠠᠨᠠᠭᠤᠯᠪᠠ᠃

4 ᠰᠠᠷ᠎ᠠ᠎ᠶ᠋ᠢᠨ 14 ᠎ᠤ ᠡᠳᠦᠷ᠂ ᠬᠥᠬᠡᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ᠎ᠶ᠋ᠢᠨ ᠭᠤᠷᠪᠠᠳᠤᠭᠠᠷ ᠶᠡᠭᠡ ᠠᠩᠭᠢ ᠢᠦ᠋ᠢᠴᠢᠤᠸᠠᠨ ᠲᠣᠭᠤᠷᠢᠭ᠎ᠤᠨ 209 ᠤᠯᠤᠰ᠎ᠤᠨ ᠵᠠᠮ᠎ᠤᠨ ᠬᠤᠶᠠᠷ ᠬᠠᠪᠢ᠎ᠶ᠋ᠢᠨ ᠪᠤᠱᠤᠭ᠎ᠠ᠂ ᠺᠧᠤ ᠵᠢᠶᠠ ᠶᠢᠩ᠂ ᠱᠢᠨ ᠱᠧᠩ ᠲᠣᠰᠭᠤᠨ᠎ᠤ ᠲᠠᠷᠢᠶᠠᠯᠠᠩ᠎ᠤᠨ ᠬᠡᠷᠡᠭ᠌ᠰᠡᠯ ᠡᠵᠡᠩᠨᠡᠨ ᠪᠣᠷᠣᠯᠠᠭᠤᠯᠬᠤ ᠭᠠᠵᠠᠷ᠎ᠲᠤ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠬᠢᠪᠠ᠃ ᠶ᠋ᠢᠨ ᠴᠢᠦ ᠱ᠌ᠢ ᠲᠠᠷᠢᠶᠠᠯᠠᠩ᠎ᠤᠨ ᠬᠡᠷᠡᠭ᠌ᠰᠡᠯ ᠡᠵᠡᠩᠨᠡᠨ ᠪᠣᠷᠣᠯᠠᠭᠤᠯᠬᠤ ᠭᠠᠵᠠᠷ᠎ᠤᠨ ᠪᠠᠢᠴᠠᠭᠠᠯᠲᠠ᠎ᠳᠤ᠂ ᠬᠠᠤᠯᠢ ᠬᠡᠷᠡᠭ᠌ᠵᠢᠭᠦᠯᠬᠦ᠌ ᠠᠵᠢᠯᠲᠠᠨ ᠲᠠᠷᠢᠶᠠᠴᠢᠳ᠎ᠲᠤ ᠬᠠᠭᠤᠷᠮᠠᠭ ᠮᠠᠭᠤ ᠲᠠᠷᠢᠶᠠᠯᠠᠩ᠎ᠤᠨ ᠬᠡᠷᠡᠭ᠌ᠰᠡᠯ᠎ᠢ ᠢᠯᠭᠠᠨ ᠲᠠᠨᠢᠬᠤ᠂ ᠬᠠᠤᠯᠢ᠎ᠪᠠᠷ ᠡᠷᠬᠡ ᠠᠱᠢᠭ᠎ᠢᠶᠠᠨ ᠬᠠᠮᠠᠭᠠᠯᠠᠬᠤ ᠶᠡᠷᠦ᠎ᠶ᠋ᠢᠨ ᠮᠡᠳᠡᠯᠭᠡ᠎ᠶ᠋ᠢ ᠤᠬᠠᠭᠤᠯᠤᠨ ᠲᠠᠢᠯᠪᠤᠷᠢᠯᠠᠪᠠ᠃ ᠪᠠᠢᠴᠠᠭᠠᠯᠲᠠ᠎ᠶ᠋ᠢᠨ ᠳᠤᠮᠳᠠ ᠣᠯᠵᠤ ᠮᠡᠳᠡᠭ᠌ᠰᠡᠨ ᠨᠢᠭᠡ ᠪᠦᠯᠦᠭ ᠳᠡᠯᠭᠡᠭᠦᠷ᠎ᠤᠨ ᠲᠠᠩᠰᠠ ᠡᠪᠬᠡᠮᠡᠯ᠎ᠨᠢ ᠪᠦᠷᠢᠨ ᠭᠦᠢᠴᠡᠳ ᠪᠢᠰᠢ᠂ ᠦᠢᠯᠡᠳᠭᠦᠨ᠎ᠨᠢ ᠡᠮᠬᠢ ᠵᠠᠮᠪᠠᠷᠠᠭ᠎ᠠ ᠦᠭᠡᠢ ᠣᠪᠣᠭᠠᠯᠠᠭᠠᠰᠤᠳᠠᠢ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠬᠠᠤᠯᠢ ᠬᠡᠷᠡᠭ᠌ᠵᠢᠭᠦᠯᠬᠦ᠌ ᠠᠵᠢᠯᠲᠠᠨ ᠲᠤᠬᠠᠶ᠎ᠶ᠋ᠢᠨ ᠲᠠᠯᠠᠪᠠᠶ᠎ᠳᠤ ᠴᠡᠭ᠌ᠴᠡᠯᠡᠨ ᠰᠠᠢᠵᠢᠷᠠᠭᠤᠯᠬᠤ ᠰᠠᠨᠠᠭᠤᠯᠭ᠎ᠠ     ᠳᠤᠷᠠᠳᠪᠠ᠃

ᠲᠠᠷᠠᠭᠠᠴᠢ᠎ᠪᠠᠷ᠂ ᠬᠦᠬᠡᠬᠤᠳᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ᠎ᠨᠢ ᠠᠰᠠᠭᠤᠳᠠᠯ ᠣᠷᠣᠱᠢᠵᠤ ᠪᠠᠢᠭ᠎ᠠ ᠡᠵᠡᠩᠨᠡᠯᠲᠡ᠎ᠶ᠋ᠢᠨ ᠳᠡᠯᠭᠡᠭᠦᠷ᠎ᠤᠳ᠎ᠢ ᠦᠷᠭᠦᠯᠵᠢᠯᠡᠨ ᠪᠠᠢᠴᠠᠭᠠᠵᠤ᠂ ᠬᠠᠤᠯᠢ ᠬᠡᠷᠡᠭ᠌ᠵᠢᠭᠦᠯᠬᠦ᠌ ᠡᠷᠴᠢᠮ᠎ᠢᠶᠠᠨ ᠴᠢᠩᠭᠠᠷᠠᠭᠤᠯᠤᠨ᠂ ᠢᠯᠡᠷᠡᠭᠦᠯᠦᠭ᠌ᠰᠡᠨ ᠠᠰᠠᠭᠤᠳᠠᠯ᠎ᠤᠨ ᠦᠨᠳᠦᠰᠦ ᠰᠤᠷᠪᠤᠯᠵᠢ᠎ᠶ᠋ᠢ᠎ᠨᠢ ᠡᠷᠢᠵᠦ᠍᠂ ᠲᠦᠢᠯᠪᠤᠷᠢᠳᠠᠢ ᠪᠠᠢᠴᠠᠭᠠᠨ ᠱᠢᠢᠳᠪᠦᠷᠢᠯᠡᠨ᠎ᠠ᠃ 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号