ᠡᠨᠡ ᠵᠢᠯ ᠺᠠᠢᠯᠦ᠍ ᠱᠢᠶᠠᠨ ᠵᠢᠷᠭᠤᠭᠠᠨ ᠵᠦᠢᠯ᠎ᠤᠨ ᠠᠷᠭ᠎ᠠ ᠬᠡᠮᠵᠢᠶ᠎ᠡ ᠠᠪᠴᠤ᠌᠂ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠢ ᠰᠠᠢᠲᠤᠷ ᠬᠢᠵᠦ᠍ ᠪᠠᠢᠨ᠎ᠠ᠃
ᠡᠷᠳᠡ ᠲᠥᠯᠥᠪᠵᠢᠭᠦᠯᠥᠨ ᠪᠠᠢᠷᠢᠯᠠᠭᠤᠯᠪᠠ᠃ ᠲᠤᠰ ᠱᠢᠶᠠᠨ 50 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠵᠢᠱ᠌ᠢᠶ᠎ᠡ ᠦᠵᠡᠭᠦᠯᠬᠦ᠌ ᠤᠷᠤᠨ᠎ᠤ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠪᠠᠬᠢᠵᠢᠭᠦᠯᠬᠦ᠌᠎ᠲᠠᠢ ᠤᠶᠠᠯᠳᠤᠭᠤᠯᠵᠤ᠂ ᠵᠢᠮᠢᠰ ᠨᠣᠭᠤᠭ᠎ᠠ ᠴᠠᠢ᠎ᠶ᠋ᠢᠨ ᠣᠷᠭᠠᠨᠢᠭ ᠪᠣᠷᠳᠣᠭᠤᠷ᠎ᠢᠶᠠᠷ ᠬᠢᠮᠢ᠎ᠶ᠋ᠢᠨ ᠪᠣᠷᠳᠣᠭᠤᠷ᠎ᠢ ᠣᠷᠣᠯᠠᠭᠤᠯᠬᠤ᠂ ᠵᠡᠭᠦᠨ ᠬᠤᠢᠲᠤ ᠣᠷᠣᠨ᠎ᠤ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠬ᠍ᠯᠠᠬᠤ ᠲᠤᠷᠱᠢᠯᠲᠠ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠢᠯᠡᠳᠪᠦᠷᠢᠯᠡᠵᠦ᠍ ᠡᠳ᠋ᠱᠢᠭᠦᠯᠦᠨ ᠭᠠᠳᠠᠭ᠍ᠰᠢ ᠭᠠᠷᠭᠠᠬᠤ ᠰᠠᠭᠤᠷᠢᠨ᠂ ᠤᠯᠠᠭᠠᠨ ᠯᠠᠵᠤᠤ᠎ᠶ᠋ᠢᠨ ᠭᠠᠵᠠᠷ ᠵᠦᠢ᠎ᠶ᠋ᠢᠨ ᠢᠯᠡᠷᠭᠡᠢᠯᠡᠯᠳᠤ ᠢᠨᠵᠧᠨᠧᠷᠢᠩ᠂ ᠬᠠᠶᠠᠭ᠍ᠳᠠᠮᠠᠯ ᠬᠠᠭᠤᠴᠢᠨ ᠰᠦᠯᠢᠶᠣᠣ ᠪᠦᠷᠬᠦᠪᠴᠢ᠎ᠶ᠋ᠢ ᠬᠤᠷᠢᠶᠠᠨ ᠠᠪᠴᠤ᠌ ᠠᠱᠢᠬ᠍ᠯᠠᠬᠤ᠂ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ᠎ᠶ᠋ᠢᠨ ᠮᠠᠯ ᠠᠵᠤ ᠠᠬᠤᠶ ᠲᠡᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ ᠵᠡᠷᠭᠡ ᠲᠥᠷᠥᠯ ᠵᠦᠢᠯ᠎ᠳᠤ ᠲᠥᠱᠢᠭ᠌ᠯᠡᠨ᠂ ᠥᠨᠳᠥᠷ ᠥᠷ᠎ᠡ ᠠᠱᠢᠬ᠍ᠳᠤ ᠠᠵᠤ ᠠᠬᠤᠶ᠎ᠶ᠋ᠢᠨ ᠲᠠᠷᠢᠮᠠᠯ᠎ᠤᠨ ᠵᠢᠱ᠌ᠢᠶ᠎ᠡ ᠦᠵᠡᠭᠦᠯᠬᠦ᠌ ᠣᠷᠣᠨ᠂ ᠡᠷᠳᠡᠨᠢ ᠱᠢᠰᠢ᠎ᠶ᠋ᠢᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠣᠷᠣᠨ᠂ ᠤᠯᠠᠭᠠᠨ ᠯᠠᠵᠤᠤ᠎ᠶ᠋ᠢᠨ ᠪᠠᠷᠢᠮᠵᠢᠶᠠᠵᠢᠭ᠍ᠰᠠᠨ ᠦᠢᠯᠡᠳᠪᠦᠷᠢᠯᠡᠯ᠎ᠤᠨ ᠰᠠᠭᠤᠷᠢᠨ ᠵᠢᠴᠢ 20 ᠲᠦᠮᠡᠨ ᠮᠥ᠍ ᠪᠣᠬᠢᠷᠲᠤᠯ ᠥᠬᠡᠶ ᠥᠨᠳᠥᠷ ᠪᠠᠷᠢᠮᠵᠢᠶᠠᠲᠤ ᠡᠷᠳᠡᠨᠢ ᠱᠢᠰᠢ᠎ᠶ᠋ᠢᠨ ᠦᠢᠯᠡᠳᠪᠦᠷᠢᠯᠡᠯ᠎ᠤᠨ ᠰᠠᠭᠤᠷᠢᠨ᠎ᠢ ᠪᠠᠢᠭᠤᠯᠵᠤ᠂ ᠤᠯᠤᠰ᠎ᠤᠨ ᠣᠳᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ᠎ᠢ ᠴᠢᠷᠮᠠᠢᠨ ᠪᠠᠢᠭᠤᠯᠵᠤ᠂ ᠵᠢᠱ᠌ᠢᠶ᠎ᠡ ᠦᠵᠡᠭᠦᠯᠬᠦ᠌᠎ᠪᠠᠷ ᠱᠢᠶᠠᠨ᠎ᠤ᠎ᠪᠠᠨ ᠮᠠᠯ ᠠᠵᠤ ᠠᠬᠤᠶ ᠲᠡᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠠᠢᠴᠢᠯᠠᠵᠤ ᠪᠠᠢᠨ᠎ᠠ᠃
ᠬᠠᠩᠭᠠᠯᠭ᠎ᠠ ᠬᠡᠷᠡᠭ᠌ᠴᠡᠭᠡ᠎ᠶ᠋ᠢᠨ ᠲᠣᠬᠢᠷᠠᠭᠤᠯᠤᠯᠲᠠ᠎ᠶ᠋ᠢ ᠴᠢᠩᠭᠠᠳᠭᠠᠵᠤ ᠪᠠᠢᠨ᠎ᠠ᠃ ᠪᠥᠬᠦ᠌ ᠪᠠᠢᠳᠠᠯ᠎ᠠᠴᠠ ᠦᠵᠡᠪᠡᠯ᠂ ᠲᠤᠰ ᠱᠢᠶᠠᠨ᠎ᠤ ᠬᠡᠰᠡᠭ ᠲᠠᠷᠢᠶᠠᠴᠢᠨ ᠡᠷᠦᠬᠡ ᠨᠢᠳᠤᠨᠤᠠ ᠡᠪᠤᠯ᠎ᠠᠴᠠ ᠨᠢᠭᠡᠨᠲᠡ ᠲᠠᠷᠢᠶᠠᠯᠠᠩ᠎ᠤᠨ ᠬᠡᠷᠡᠭ᠌ᠰᠡᠯ ᠬᠤᠳᠠᠯᠳᠤᠨ ᠠᠪᠴᠥ᠍ ᠡᠬᠢᠯᠡᠵᠠᠢ᠂ ᠡᠯ᠎ᠡ ᠡᠵᠡᠩᠨᠡᠯᠲᠡ᠎ᠶ᠋ᠢᠨ ᠳᠡᠯᠭᠡᠭᠦᠷ ᠥᠩᠭᠡᠷᠡᠭ᠌ᠰᠡᠨ ᠵᠢᠯ᠎ᠤᠨ ᠪᠣᠷᠣᠯᠠᠭᠤᠯᠭ᠎ᠠ᠎ᠶ᠋ᠢᠨ ᠪᠠᠢᠳᠠᠯ᠎ᠢᠶᠠᠨ ᠦᠨᠳᠦᠰᠦᠯᠡᠨ᠂ ᠬᠥᠮᠥᠷᠭᠡ᠎ᠶ᠋ᠢᠨ ᠬᠠᠳᠠᠭᠠᠯᠠᠬ᠍ᠳᠠᠴᠠᠪᠠᠨ ᠴᠠᠭ ᠲᠤᠬᠠᠶ᠎ᠳᠤᠨᠢ ᠨᠥᠬᠦᠪᠥᠷᠢᠯᠡᠵᠤ᠂ ᠲᠠᠷᠢᠶᠠᠨ ᠦᠷ᠎ᠡ᠂ ᠬᠢᠮᠢ᠎ᠶ᠋ᠢᠨ ᠪᠣᠷᠲᠣᠭᠤᠷ᠂ ᠲᠠᠷᠢᠶᠠᠨ ᠡᠮ ᠵᠡᠷᠭᠡ ᠲᠠᠷᠢᠶᠠᠯᠠᠩ᠎ᠤᠨ ᠬᠡᠷᠡᠭ᠌ᠰᠡᠯ᠎ᠤᠨ ᠬᠠᠩᠭᠠᠯᠭ᠎ᠠ᠎ᠶ᠋ᠢ ᠪᠠᠲᠤᠯᠠᠵᠤ ᠪᠠᠢᠨ᠎ᠠ᠃ ᠣᠳᠤ ᠪᠣᠯᠲᠠᠯ᠎ᠠ᠂ ᠲᠠᠷᠢᠶᠠᠨ ᠦᠷ᠎ᠡ᠂ ᠬᠢᠮᠢ᠎ᠶ᠋ᠢᠨ ᠪᠤᠷᠳᠤᠭᠤᠷ᠂ ᠲᠡᠷᠢᠶᠠᠠ ᠡᠮ᠂ ᠲᠡᠷᠢᠶᠠᠯᠠᠩ᠎ᠳᠤ ᠬᠡᠷᠡᠭ᠌ᠯᠡᠬᠦ᠌ ᠰᠦᠯᠢᠶᠤᠤ ᠪᠦᠷᠬᠦᠪᠴᠢ᠎ᠶ᠋ᠢ ᠡᠷᠦᠬᠡ᠎ᠳᠤ ᠬᠦᠷᠭᠡᠭ᠌ᠰᠡᠨ ᠨᠣᠷᠮ᠎ᠠ ᠲᠤᠰ ᠲᠤᠰ 65%᠂ 68%᠂ 56%᠂ 54% ᠳᠤ ᠬᠥᠷᠴᠥ᠍᠂ ᠬᠡᠰᠡᠭ ᠬᠢᠮᠢ᠎ᠶ᠋ᠢᠨ ᠪᠣᠷᠲᠣᠭᠤᠷ᠎ᠤᠨ ᠦᠨ᠎ᠡ ᠬᠠᠩᠰᠢ ᠨᠢᠭᠡᠨᠲᠡ ᠪᠠᠭᠤᠷᠠᠵᠤ ᠡᠬᠢᠯᠡᠭ᠌ᠰᠡᠨ ᠪᠠᠢᠨ᠎ᠠ᠃
ᠲᠠᠷᠢᠶᠠᠯᠠᠩ ᠦᠢᠯᠡᠳᠪᠦᠷᠢᠯᠡᠯ᠎ᠤᠨ ᠬᠡᠷᠡᠭ᠌ᠰᠡᠯ᠎ᠤᠨ ᠠᠮᠤᠷ ᠲᠦᠪᠱᠢᠨ᠎ᠢ ᠪᠠᠲᠤᠯᠠᠵᠤ ᠪᠠᠢᠨ᠎ᠠ᠃ 3 ᠰᠠᠷ᠎ᠠ᠎ᠶ᠋ᠢᠨ 22 ᠠᠴᠠ ᠲᠤᠰ ᠱᠢᠶᠠᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠲᠠᠢ ᠬᠤᠯᠪᠤᠭᠠᠯᠠᠨ ᠱᠢᠶᠠᠨ᠎ᠤ ᠬᠡᠪᠴᠢᠶᠠᠠ᠎ᠳᠠᠬᠢ ᠲᠠᠷᠢᠶᠠᠯᠠᠩ᠎ᠤᠨ ᠬᠡᠷᠡᠭ᠌ᠰᠡᠯ ᠡᠵᠡᠩᠨᠡᠵᠤ ᠪᠠᠢᠭ᠎ᠠ 244 ᠳᠡᠯᠭᠡᠭᠦᠷ᠂ ᠪᠣᠷᠳᠤᠭ᠎ᠠ ᠡᠵᠡᠩᠨᠡᠵᠤ ᠪᠠᠢᠭ᠎ᠠ 57 ᠳᠡᠯᠭᠡᠭᠦᠷ᠂ ᠮᠠᠯ᠎ᠤᠨ ᠡᠮ ᠡᠵᠡᠩᠨᠡᠵᠤ ᠪᠠᠢᠭ᠎ᠠ 50 ᠳᠡᠯᠭᠡᠭᠦᠷ᠂ ᠲᠠᠷᠢᠶᠠᠯᠠᠩ᠎ᠤᠨ ᠮᠠᠱᠢᠨ ᠪᠠᠭᠠᠵᠢ ᠡᠵᠡᠩᠨᠡᠵᠤ ᠪᠠᠢᠭ᠎ᠠ 37 ᠳᠡᠯᠭᠡᠭᠦᠷ᠂ ᠲᠠᠷᠢᠶᠠᠯᠠᠩ᠎ᠤᠨ ᠮᠠᠱᠢᠨ ᠰᠡᠯᠪᠢᠨ ᠵᠠᠰᠠᠬᠤ 156 ᠳᠡᠯᠭᠡᠭᠦᠷ ᠵᠢᠴᠢ ᠭᠠᠭ᠍ᠠᠶ᠂ ᠦᠬᠡᠷ᠂ ᠬᠤᠨᠢ ᠢᠮᠠᠭ᠎ᠠ ᠨᠢᠲᠤᠯᠬᠤ 9 ᠦᠢᠯᠡᠳᠪᠦᠷᠢ᠂ ᠰᠦ ᠬᠤᠳᠠᠯᠳᠤᠨ ᠠᠪᠬᠤ 6 ᠥᠷᠲᠡᠭᠡᠨ᠎ᠳᠤ ᠬᠠᠤᠯᠢ ᠴᠠᠭᠠᠵᠠ ᠲᠥᠷᠢᠮ ᠲᠣᠭ᠍ᠲᠠᠭᠠᠯ᠎ᠤᠨ ᠤᠬᠠᠭᠤᠯᠭ᠎ᠠ ᠪᠠ ᠪᠠᠢᠴᠠᠭᠠᠯᠲᠠ ᠬᠢᠵᠥ᠍᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ ᠦᠢᠯᠡᠳᠴᠦ᠍ ᠪᠣᠷᠣᠯᠠᠭᠤᠯᠬᠤ ᠵᠡᠷᠭᠡ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠡᠷᠡᠰ ᠴᠣᠬᠢᠯᠲᠠ ᠥᠭ᠌ᠴᠥ᠂ ᠮᠠᠯᠴᠢᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠶᠤᠯ ᠦᠭᠡᠶ ᠪᠠᠢᠬᠤ᠎ᠶ᠋ᠢ ᠦᠨᠡᠨ ᠬᠦ᠌ ᠪᠠᠲᠤᠯᠠᠵᠤ ᠪᠠᠢᠨ᠎ᠠ᠃
ᠲᠥᠷᠥᠯ ᠵᠦᠢᠯ᠎ᠤᠨ ᠬᠡᠷᠡᠭ᠌ᠵᠢᠭᠦᠯᠦᠯᠲᠡ᠎ᠶ᠋ᠢ ᠲᠦᠷᠭᠡᠳᠭᠡᠵᠤ ᠪᠠᠢᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠬᠠᠶᠠᠭ᠍ᠳᠠᠮᠠᠯ ᠬᠠᠭᠤᠴᠢᠨ ᠰᠦᠯᠢᠶᠣᠣ ᠪᠦᠷᠬᠦᠪᠴᠢ᠎ᠶ᠋ᠢ ᠬᠤᠷᠢᠶᠠᠨ ᠠᠪᠴᠤ᠌ ᠠᠱᠢᠬ᠍ᠯᠠᠬᠤ᠂ ᠵᠢᠮᠢᠰ ᠨᠣᠭᠤᠭ᠎ᠠ ᠴᠠᠶ᠎ᠶ᠋ᠢᠨ ᠣᠷᠭᠠᠨᠢᠭ ᠪᠣᠷᠲᠣᠭᠤᠷ᠎ᠢᠶᠠᠷ ᠬᠢᠮᠢ᠎ᠶ᠋ᠢᠨ ᠪᠣᠷᠲᠣᠭᠤᠷ᠎ᠢ ᠣᠷᠣᠯᠠᠭᠤᠯᠬᠤ ᠪᠠ ᠵᠡᠭᠦᠨ ᠬᠤᠢᠲᠤ᠎ᠶ᠋ᠢᠨ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠬ᠍ᠯᠠᠬᠤ ᠵᠡᠷᠭᠡ ᠲᠥᠷᠥᠯ ᠵᠦᠢᠯ᠎ᠤᠨ ᠬᠡᠷᠡᠭ᠌ᠵᠢᠭᠦᠯᠦᠯᠲᠠᠶ᠋ᠢ ᠠᠬᠢᠭᠤᠯᠵᠤ ᠪᠠᠢᠨ᠎ᠠ᠃ ᠣᠳᠣ᠂ ᠡᠯ᠎ᠡ ᠲᠥᠷᠥᠯ ᠵᠦᠢᠯ᠎ᠤᠨ ᠠᠵᠢᠯ ᠪᠦᠷ ᠡᠬᠢᠯᠡᠵᠥ᠍᠂ ᠵᠢᠱ᠌ᠢᠯᠲᠡ᠎ᠪᠠᠷ 6 ᠰᠠᠷ᠎ᠠ᠎ᠶ᠋ᠢᠨ ᠰᠡᠭᠦᠯᠴᠢ᠎ᠪᠠᠷ 2.51 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠳᠠᠭᠤᠰᠭᠠᠨ᠎ᠠ; ᠬᠠᠶᠠᠭ᠍ᠳᠠᠮᠠᠯ ᠬᠠᠭᠤᠴᠢᠨ ᠰᠦᠯᠢᠶᠣᠣ ᠪᠦᠷᠬᠦᠪᠴᠢ᠎ᠶ᠋ᠢ ᠬᠤᠷᠢᠶᠠᠵᠤ ᠠᠱᠢᠬ᠍ᠯᠠᠬᠤ ᠲᠥᠷᠥᠯ ᠵᠦᠶᠯ᠎ᠢ ᠨᠢᠭᠡᠨᠲᠡ ᠮᠠᠱᠢᠨ᠎ᠢᠶᠠᠷ ᠬᠤᠷᠢᠶᠠᠵᠤ ᠡᠬᠢᠯᠡᠭ᠌ᠰᠡᠨ ᠪᠥᠭᠡᠳ ᠬᠤᠷᠢᠶᠠᠭ᠍ᠰᠠᠨ ᠲᠠᠯᠠᠪᠠᠶ 5 ᠲᠦᠮᠡᠨ ᠮᠥ᠎ᠳᠤ ᠬᠥᠷᠪᠡ; ᠵᠢᠮᠢᠰ ᠨᠣᠭᠤᠭ᠎ᠠ ᠴᠠᠶ᠎ᠶ᠋ᠢᠨ ᠣᠷᠭᠠᠨᠢᠭ ᠪᠣᠷᠲᠣᠭᠤᠷ᠎ᠢᠶᠠᠷ ᠬᠢᠮᠢ᠎ᠶ᠋ᠢᠨ ᠪᠣᠷᠲᠣᠭᠤᠷ᠎ᠢ ᠣᠷᠣᠯᠠᠭᠤᠯᠬᠤ ᠪᠠ ᠵᠡᠭᠦᠨ ᠬᠤᠢᠲᠤ᠎ᠶ᠋ᠢᠨ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠬ᠍ᠯᠠᠬᠤ ᠲᠥᠷᠥᠯ ᠵᠦᠢᠯ᠎ᠳᠤ ᠶᠠᠭ ᠣᠷᠭᠠᠨᠢᠭ ᠪᠣᠷᠲᠣᠭᠤᠷ ᠬᠤᠪᠢᠶᠠᠨ ᠣᠯᠭᠤᠵᠤ ᠪᠠᠢᠨ᠎ᠠ᠃
ᠮᠡᠷᠭᠡᠵᠢᠯ᠎ᠤᠨ ᠵᠢᠯᠣᠭᠤᠳᠤᠯᠭ᠎ᠠ᠎ᠪᠠᠨ ᠴᠢᠩᠭᠠᠳᠭᠠᠵᠤ ᠪᠠᠢᠨ᠎ᠠ᠃ ᠮᠠᠯᠴᠢᠨ ᠲᠠᠷᠢᠶᠠᠴᠢᠳ᠎ᠲᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠯᠪᠠᠰᠤᠷᠠᠯ ᠬᠦᠷᠳᠡᠬᠡᠬᠦ᠌ ᠪᠠ ᠦᠢᠯᠡᠴᠢᠯᠡᠭᠡ ᠬᠦᠷᠳᠡᠬᠡᠬᠦ᠌ ᠠᠵᠢᠯ᠎ᠢ ᠰᠠᠢᠲᠤᠷ ᠠᠳᠭᠤᠵᠤ᠂ ᠡᠯ᠎ᠡ ᠵᠦᠢᠯ᠎ᠤᠨ ᠮᠡᠷᠭᠡᠵᠢᠯ ᠠᠷᠭ᠎ᠠ ᠬᠡᠮᠵᠢᠶ᠎ᠡ᠎ᠶ᠋ᠢ ᠲᠠᠷᠢᠶᠠᠴᠢᠨ ᠡᠷᠦᠬᠡ᠂ ᠲᠠᠷᠢᠶᠠᠨ ᠭᠠᠵᠠᠷ᠎ᠲᠤ ᠬᠦᠷᠲᠡᠯ᠎ᠡ ᠳᠡᠯᠭᠡᠷᠡᠭᠦᠯᠦᠨ ᠲᠦᠭᠡᠮᠡᠯᠵᠢᠭᠦᠯᠵᠦ᠍᠂ ᠮᠠᠯᠴᠢᠨ ᠲᠠᠷᠢᠶᠠᠴᠢᠳ᠎ᠤᠨ ᠱᠢᠨᠵᠢᠯᠡᠬᠦ᠌ ᠤᠬᠠᠭᠠᠨᠴᠢ ᠬᠠᠮᠢᠶᠠᠷᠤᠯᠲᠠ᠎ᠶ᠋ᠢᠨ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠵᠤ ᠪᠠᠢᠨ᠎ᠠ᠃ ᠣᠲᠣ ᠪᠣᠯᠲᠠᠯ᠎ᠠ᠂ ᠪᠤᠱᠢᠭᠤ ᠭᠠᠷ᠂ ᠴᠤᠤᠷᠢᠶ᠎ᠠ ᠵᠡᠷᠭᠡ ᠲᠠᠪᠴᠠᠩ᠎ᠢᠶᠠᠷ 50 ᠭᠠᠷᠤᠶ ᠣᠬᠤᠷ ᠸᠢᠳᠢᠣ᠋ ᠨᠡᠢᠲᠡᠯᠡᠵᠦ᠍᠂ ᠨᠡᠪᠲᠡᠷᠡᠭᠦᠯᠥᠭ᠌ᠰᠡᠨ ᠬᠡᠮᠵᠢᠶ᠎ᠡ 3 ᠲᠦᠮᠡ ᠭᠠᠷᠤᠶ ᠤᠳᠠᠭ᠎ᠠ᠎ᠳᠤ ᠬᠦᠷᠴᠦ᠍᠂ ᠮᠠᠯᠴᠢᠨ ᠲᠠᠷᠢᠶᠠᠴᠢᠨ᠎ᠤ ᠮᠠᠯ ᠠᠵᠤ ᠠᠬᠤᠶ ᠲᠡᠷᠢᠶᠠᠯᠠᠩ᠎ᠤᠨ ᠬᠡᠷᠡᠭ᠌ᠯᠡᠭᠡᠨ᠎ᠤ ᠮᠡᠷᠭᠡᠵᠢᠯ᠎ᠢ ᠡᠵᠡᠮᠱᠢᠬᠦ᠌᠎ᠳᠤ ᠬᠦᠴᠦᠲᠡᠶ ᠲᠤᠯᠭᠠᠭᠤᠷᠢᠯᠠᠯ ᠬᠠᠩᠭᠠᠵᠤ ᠪᠤᠢ᠃ ᠡᠭᠦᠨ᠎ᠤ ᠬᠠᠮᠲᠤ ᠨᠢᠳᠤᠠ ᠡᠮᠤᠨᠡᠬᠢ ᠤᠯᠠᠭᠠᠨ ᠯᠠᠵᠤᠤ᠎ᠶ᠋ᠢᠨ ᠴᠢᠬᠢ ᠪᠤᠢᠵᠢᠭᠤᠯᠬᠤ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠲᠠᠷᠢᠶᠠᠯᠠᠩ᠎ᠤᠨ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠢᠭᠤᠯᠤᠨ ᠮᠠᠯᠴᠢᠨ ᠲᠠᠷᠢᠶᠠᠴᠢᠨ᠎ᠢ ᠵᠢᠯᠣᠭᠤᠳᠴᠤ᠌᠂ ᠥᠨᠳᠥᠷ ᠥᠷ᠎ᠡ ᠪᠥᠲᠥᠮᠵᠢᠲᠠᠢ ᠴᠢᠬᠢ ᠪᠤᠢᠵᠢᠭᠤᠯᠬᠤ ᠠᠵᠢᠯ᠎ᠢ ᠥᠷᠨᠢᠭᠦᠯᠵᠦ᠍᠂ ᠡᠨᠡ ᠵᠢᠯ ᠲᠤᠰ ᠮᠡᠷᠭᠡᠵᠢᠯ᠎ᠢ ᠳᠡᠯᠭᠡᠷᠡᠭᠦᠯᠦᠨ ᠬᠡᠷᠡᠭ᠌ᠯᠡᠬᠦ᠌ ᠲᠠᠯᠠᠪᠠᠶ᠎ᠶ᠋ᠢ ᠵᠢᠱ᠌ᠢᠯᠲᠡ᠎ᠪᠠᠷ 30 ᠲᠦᠮᠡᠨ ᠮᠥ᠎ᠳᠤ ᠬᠦᠷᠭᠡᠬᠦ᠌ ᠪᠣᠯᠤᠨ᠎ᠠ᠃
ᠲᠠᠷᠢᠶᠠᠯᠠᠩ᠎ᠤᠨ ᠮᠠᠱᠢᠨ ᠪᠠᠭᠠᠵᠢ᠎ᠶ᠋ᠢ ᠪᠠᠢᠴᠠᠭᠠᠨ ᠵᠠᠰᠠᠬᠤ ᠠᠵᠢᠯ᠎ᠢ ᠥᠷᠨᠢᠭᠦᠯᠵᠤ ᠪᠠᠢᠨ᠎ᠠ᠃ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠎ᠢ ᠪᠠᠲᠤᠯᠠᠬᠤ᠎ᠶ᠋ᠢᠨ ᠲᠦᠯᠦᠭᠡ᠂ ᠲᠠᠷᠢᠶᠠᠯᠠᠩ᠎ᠤᠨ ᠮᠠᠱᠢᠨ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠢᠭᠤᠯᠤᠨ ᠭᠠᠴᠠᠭ᠎ᠠ ᠲᠣᠰᠭᠤᠨ ᠪᠠ ᠡᠷᠦᠬᠡ᠎ᠳᠤ ᠭᠦᠨᠵᠡᠭᠡᠢᠷᠡᠭᠦᠯᠦᠨ᠂ ᠲᠡᠷᠭᠡ ᠬᠥᠰᠭᠡ᠎ᠶ᠋ᠢᠨ ᠣᠨ᠎ᠤ ᠪᠠᠢᠴᠠᠭᠠᠯᠲᠠ ᠬᠢᠯᠬᠡᠬᠦ᠂ ᠭᠠᠷ ᠤᠲᠠᠰᠤ᠎ᠪᠠᠷ ᠡᠯ᠎ᠡ ᠲᠥᠷᠥᠯ᠎ᠤᠨ ᠲᠠᠷᠢᠶᠠᠯᠠᠩ᠎ᠤᠨ ᠮᠠᠱᠢᠨ᠎ᠢ ᠠᠷᠠᠴᠢᠯᠠᠨ ᠬᠠᠮᠠᠭᠠᠯᠠᠬᠤ᠂ ᠲᠣᠬᠢᠷᠠᠭᠤᠯᠤᠨ ᠲᠤᠷᠱᠢᠬᠤ᠂ ᠪᠠᠢᠴᠠᠭᠠᠵᠤ ᠰᠡᠯᠪᠢᠨ ᠵᠠᠰᠠᠬᠤ᠎ᠶ᠋ᠢ ᠵᠢᠯᠣᠭᠤᠳᠤᠨ ᠬᠠᠪᠰᠤᠷᠴᠤ᠌᠂ ᠬᠠᠪᠤᠷ᠎ᠤᠨ ᠲᠠᠷᠢᠶᠠᠯᠠᠭ᠎ᠠ᠎ᠠᠴᠠ ᠡᠮᠦᠨᠡᠬᠢ ᠡᠯ᠎ᠡ ᠲᠥᠷᠥᠯ᠎ᠤᠨ ᠲᠠᠷᠢᠶᠠᠯᠠᠩ᠎ᠤᠨ ᠮᠠᠱᠢᠨ ᠪᠠᠭᠠᠵᠢ᠎ᠶ᠋ᠢᠨ ᠪᠦᠬᠦᠨ᠎ᠢ ᠪᠠᠷᠢᠮᠵᠢᠶ᠎ᠠ᠎ᠳᠤ ᠬᠦᠷᠭᠡᠬᠦ᠌᠎ᠶ᠋ᠢ ᠪᠠᠲᠤᠯᠠᠵᠤ ᠪᠤᠢ᠃ ᠣᠲᠣ ᠪᠣᠯᠲᠠᠯ᠎ᠠ᠂ 1000 ᠭᠠᠷᠤᠶ ᠲᠡᠷᠭᠡ ᠬᠥᠰᠭᠡ᠎ᠳᠤ ᠤᠨ᠎ᠤ ᠪᠠᠢᠴᠠᠭᠠᠯᠲᠠ ᠬᠢᠪᠠ᠃ ᠲᠠᠷᠢᠶᠠᠯᠠᠩ᠎ᠤᠨ ᠮᠠᠱᠢᠨ᠎ᠤ ᠵᠢᠯᠣᠭᠤᠴᠢ᠎ᠲᠠᠢ 《ᠲᠠᠷᠢᠶᠠᠯᠠᠩ᠎ᠤᠨ ᠮᠠᠱᠢᠨ᠎ᠤ ᠵᠢᠯᠣᠭᠤᠴᠢ᠎ᠶ᠋ᠢᠨ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢᠨ ᠪᠢᠴᠢᠭ》 ᠳᠡᠭᠡᠷ᠎ᠡ ᠭᠠᠷᠤᠨ ᠥᠰᠥᠭ ᠵᠢᠷᠤᠬᠤ᠎ᠶ᠋ᠢᠨ ᠬᠠᠮᠳᠤ 17 ᠲᠠᠷᠢᠶᠠᠯᠠᠩ᠎ᠤᠨ ᠮᠠᠱᠢᠨ᠎ᠤ ᠵᠠᠬ᠎ᠠ ᠳᠡᠯᠭᠡᠭᠦᠷ᠎ᠤᠨ ᠰᠡᠯᠪᠢᠭ ᠲᠣᠨᠤᠭ᠎ᠤᠨ ᠳᠡᠯᠭᠡᠭᠦᠷ ᠵᠢᠴᠢ 24 ᠰᠡᠯᠪᠢᠨ ᠵᠠᠰᠠᠬᠤ ᠴᠡᠭ᠎ᠢ ᠪᠠᠢᠴᠠᠭᠠᠠ ᠴᠡᠭ᠌ᠴᠡᠯᠡᠪᠠ᠃