ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠪᠥᠬᠦ᠌ ᠬᠦᠴᠦᠨ᠎ᠢᠶᠠᠷ ᠴᠣᠭ᠍ᠴᠠᠯᠠᠶ᠎ᠠ
2021-04-23 09:07:06
ᠵᠣᠬᠢᠶᠠᠭ᠍ᠴᠢ᠄
ᠪᠤᠤ ᠰᠡᠴᠡᠨ
ᠣᠩᠱᠢᠭ᠍ᠰᠠᠨ ᠣᠳᠠᠭ᠎ᠠ᠄
★★★☆☆

ᠱᠢᠨ᠎ᠠ ᠬᠥᠭ᠌ᠵᠢᠯᠲᠡ᠎ᠶ᠋ᠢᠨ ᠱᠠᠲᠤᠨ᠎ᠳᠤ ᠣᠷᠣᠵᠤ᠂ ᠳᠡᠯᠡᠬᠡᠢ᠎ᠶ᠋ᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠷᠠᠯᠳᠡ᠎ᠶ᠋ᠢᠨ ᠡᠮᠦᠨ᠎ᠡ᠂ ᠮᠠᠨ᠎ᠤ ᠤᠯᠤᠰ ᠡᠷᠡᠰ ᠭᠤᠢᠪᠢᠰᠢ ᠦᠭᠡᠢ᠎ᠪᠠᠷ ᠨᠡᠭᠡᠭᠡᠯᠳᠡ ᠬᠢᠬᠦ᠌᠎ᠶ᠋ᠢ ᠪᠦᠬᠦ᠌ ᠲᠠᠯ᠎ᠠ᠎ᠪᠠᠷ ᠥᠷᠭᠡᠳᠭᠡᠵᠦ᠍᠂ ᠨᠡᠩ ᠨᠡᠭᠡᠭᠡᠯᠲᠡᠲᠡᠢ᠂ ᠪᠠᠭ᠍ᠲᠠᠭᠠᠮᠵᠢᠲᠠᠢ᠂ ᠲᠦᠭᠡᠮᠡᠯ ᠠᠱᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ᠎ᠪᠠᠷ ᠠᠱᠢᠭ ᠬᠦᠷᠳᠡᠬᠦ᠌ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠪᠠᠢᠭᠤᠯᠬᠤ᠎ᠪᠠᠷ ᠬᠦᠴᠦᠯᠡᠪᠡ᠃ ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠠᠬᠢᠯᠡᠯᠲᠡ ᠪᠣᠯᠭᠠᠨ ᠪᠦᠳᠦᠬᠡᠨ ᠪᠠᠢᠭᠤᠯᠬᠤ ᠪᠣᠯ ᠶᠡᠷᠦᠩᠬᠡᠢ ᠱᠦᠵᠢ ᠰᠢ᠎ᠶ᠋ᠢᠨ ᠫᠢᠩ᠎ᠤᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠶᠠᠷ ᠶᠡᠭᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠬᠦ᠌ ᠦᠨᠳᠦᠷᠴᠡ᠎ᠠᠴᠠ ᠥᠪᠥᠷ ᠮᠣᠩᠭᠤᠯ᠎ᠤᠨ ᠪᠠᠢᠳᠠᠯ᠎ᠳᠤ ᠲᠤᠬᠢᠷᠠᠭᠤᠯᠤᠨ ᠲᠤᠭ᠍ᠳᠠᠭᠠᠵᠤ ᠦᠭ᠌ᠬᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ᠎ᠠ᠃ ᠶᠡᠷᠦᠩᠬᠡᠶ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠥᠪᠥᠷ ᠮᠣᠩᠭᠤᠯ 《〈ᠨᠢᠭᠡ ᠪᠦᠰᠡ ᠨᠢᠭᠡ ᠵᠠᠮ〉 ᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠢᠳᠡᠪᠬᠢᠲᠡᠶ ᠣᠷᠣᠯᠴᠠᠵᠤ᠂ ᠥᠨᠳᠥᠷ ᠲᠦᠪᠱᠢᠨ ᠪᠥᠬᠦᠶ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ》 ᠬᠡᠵᠤ ᠲᠠᠬᠢᠨᠳᠡ ᠴᠢᠬᠤᠯᠠᠴᠢᠯᠠᠪᠠ᠃ ᠪᠢᠳᠡ ᠶᠡᠷᠦᠩᠬᠡᠶ ᠱᠦᠵᠢ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠭᠦᠨᠵᠡᠭᠡᠶ ᠲᠤᠭᠤᠱᠢᠯᠠᠭᠤᠯᠵᠤ᠂ ᠥᠪᠥᠷ ᠮᠣᠩᠭᠤᠯ᠎ᠤᠨ ᠪᠥᠬᠦ᠌ ᠤᠯᠤᠰ᠎ᠤᠨ ᠭᠠᠳᠠᠭᠠᠳᠤ ᠨᠡᠭᠡᠭᠡᠯᠲᠡ᠎ᠶ᠋ᠢᠨ ᠶᠡᠭᠡ ᠲᠠᠯ᠎ᠠ᠎ᠳᠠᠬᠢ ᠴᠢᠬᠤᠯᠠ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠴᠢᠬᠤᠯᠠ ᠪᠣᠳᠠᠲᠤ ᠠᠬᠢᠴᠠ᠎ᠲᠠᠢ ᠪᠣᠯᠬᠤ᠎ᠶ᠋ᠢ ᠬᠦᠴᠦᠯᠡᠨ ᠠᠬᠢᠭᠤᠯᠬᠤ ᠬᠡᠷᠡᠭ᠌ᠳᠡᠢ᠃ ᠪᠣᠭᠤᠮᠲᠠ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍ ᠲᠣᠬᠢᠷᠠᠭᠤᠯᠬᠤ᠎ᠶ᠋ᠢ ᠲᠦᠷᠭᠡᠳᠭᠡᠨ ᠱᠢᠯᠢᠳᠡᠭ᠌ᠵᠢᠭᠦᠯᠵᠦ᠍᠂ ᠬᠤᠩᠬᠢᠯ᠎ᠤᠨ ᠠᠵᠤ ᠠᠬᠤᠶ᠎ᠶ᠋ᠢ ᠪᠤᠳᠠᠳᠤ ᠠᠵᠤ ᠠᠬᠤᠶ ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠥᠷᠭᠡᠨ ᠬᠡᠪᠴᠢᠶᠡᠨ᠎ᠤ ᠪᠣᠭᠤᠮᠲᠠ᠎ᠶ᠋ᠢᠨ ᠠᠵᠤ ᠠᠬᠤᠶ᠎ᠶ᠋ᠢ ᠶᠡᠬᠡᠪᠡᠷ ᠬᠥᠭ᠌ᠵᠢᠭᠦᠯᠬᠦ᠌ ᠬᠡᠷᠡᠭ᠌ᠲᠡᠶ᠃ ᠳᠤᠮᠳᠠᠳᠤ ᠤᠯᠤᠰ (ᠥᠪᠥᠷ ᠮᠣᠩᠭᠤᠯ) ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠂ ᠥᠪᠥᠷ ᠮᠣᠩᠭᠤᠯ᠎ᠤᠨ ᠬᠤᠷᠢᠨᠭᠡᠷ ᠱᠢᠨ᠎ᠡ ᠲᠣᠭᠤᠷᠢᠭ (ᠤᠯᠤᠰ᠎ᠤᠨ ᠲᠠᠰ) ᠵᠡᠷᠭᠡ ᠳᠡᠭᠡᠳᠦ ᠴᠢᠳᠠᠮᠵᠢᠳᠤ ᠲᠠᠰ᠎ᠤᠨ ᠪᠥᠬᠦ᠌ ᠣᠷᠣᠨ ᠪᠦᠰᠡ᠎ᠶ᠋ᠢᠨ ᠨᠡᠭᠡᠭᠡᠯᠲᠡ᠎ᠶ᠋ᠢᠨ ᠲᠠᠪᠴᠠᠩ᠎ᠢ ᠪᠠᠢᠭᠤᠯᠬᠤ᠎ᠶ᠋ᠢ ᠠᠬᠢᠭᠤᠯᠵᠤ᠂ ᠰᠠᠭᠠᠳ ᠥᠬᠡᠶ ᠨᠡᠪᠲᠡᠷᠡᠬᠦ᠌ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠣᠷᠴᠢᠯ᠎ᠢᠶᠠᠷ ᠥᠪᠥᠷ ᠮᠣᠩᠭᠤᠯ᠎ᠤᠨ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠢ ᠬᠤᠯᠪᠣᠨ ᠨᠡᠪᠲᠡᠷᠡᠯᠴᠡᠭᠦᠯᠬᠦ᠂ ᠡᠯᠧᠮᠧᠨ᠋ᠲ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠭᠦ᠎ᠶ᠋ᠢ ᠨᠠᠩ ᠪᠦᠲᠦᠮᠵᠢᠲᠡᠶ ᠪᠡᠶᠡᠯᠡᠭᠦᠯᠬᠦ᠌᠎ᠶ᠋ᠢ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠲᠤ ᠪᠥᠬᠦ᠌ ᠲᠠᠯ᠎ᠠ᠎ᠪᠠᠷ ᠠᠭᠤᠰᠤᠯᠴᠠᠬᠤ ᠳᠤᠮᠳᠠ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠡᠬᠦᠳᠬᠦ᠌ ᠬᠡᠷᠡᠭ᠌ᠳᠡᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号