ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠬᠤ ᠳᠤᠮᠳᠠ ᠠᠱᠢᠭ᠍ᠲᠠᠢ ᠪᠠᠢᠳᠠᠯ᠎ᠢ ᠠᠮᠵᠢᠨ ᠤᠷᠤᠭ᠍ᠰᠢᠯᠠᠶ᠎ᠠ
2021-04-23 09:07:11
ᠵᠣᠬᠢᠶᠠᠭ᠍ᠴᠢ᠄
​ ᠪᠠᠶ ᠵᠢᠶᠠᠩ ᠬᠤᠩ
ᠣᠩᠱᠢᠭ᠍ᠰᠠᠨ ᠣᠳᠠᠭ᠎ᠠ᠄
★★★☆☆

ᠲᠡᠦᠬᠡ᠎ᠶ᠋ᠢᠨ ᠤᠷᠤᠰᠭᠠᠯ ᠰᠦᠷ ᠳᠠᠯᠠᠢᠴᠠᠲᠠᠢ ᠪᠠᠢᠵᠤ ᠥᠭᠡᠷᠡᠴᠢᠯᠡᠯᠲᠡ ᠬᠢᠭ᠌ᠰᠡᠳ ᠢᠯᠠᠯᠲᠠ ᠣᠯᠵᠤ᠂ ᠨᠡᠬᠡᠬᠡᠯᠳᠡ ᠬᠢᠭ᠌ᠰᠡᠳ ᠬᠦᠴᠦᠷᠬᠡᠭ᠌ᠵᠢᠨ᠎ᠡ᠃ 《ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠤᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠤᠨ᠎ᠠ᠃》 ᠡᠨᠡ ᠪᠣᠯ ᠰᠢ᠎ᠶ᠋ᠢᠨ ᠫᠢᠩ ᠨᠥᠬᠦᠷ᠎ᠢᠶᠠᠷ ᠭᠤᠤᠯ ᠪᠤᠯᠭᠠᠭ᠍ᠰᠠᠨ ᠨᠠᠮ᠎ᠤᠨ ᠲᠥᠪ ᠬᠤᠷᠢᠶ᠎ᠠ ᠵᠠᠭᠤᠨ ᠵᠢᠯ᠎ᠤᠨ ᠬᠤᠪᠢᠷᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠷᠭᠠᠴᠠᠭᠠᠵᠤ᠂ ᠥᠷᠢᠰᠥᠯᠳᠦᠭᠡᠨ᠎ᠤ ᠪᠠᠢᠷᠢᠱᠢᠯ᠎ᠢ ᠳᠠᠬᠢᠨ ᠪᠣᠶ ᠪᠣᠯᠭᠠᠨ᠂ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠨᠡᠭᠡᠭᠡᠬᠦ᠌ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠮᠥᠨ᠃ ᠥᠪᠥᠷ ᠮᠣᠩᠭᠤᠯ᠎ᠳᠤ ᠠᠪᠴᠤ᠌ ᠬᠡᠯᠡᠪᠡᠯ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠦᠢᠯᠡᠴᠢᠯᠡᠬᠦ᠌ ᠪᠠ ᠠᠭᠤᠰᠤᠯᠴᠠᠬᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠱᠢᠯᠤᠭᠤᠳᠭᠠᠬᠤ᠎ᠪᠠᠷ ᠠᠵᠠ ᠲᠣᠬᠢᠶᠠᠯ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠴᠢᠷᠮᠠᠢᠨ ᠪᠥᠲᠥᠭᠡᠨ ᠪᠠᠢᠭᠤᠯᠬᠤ᠎ᠨᠢ ᠠᠵᠤ ᠠᠬᠤᠶ᠎ᠶ᠋ᠢᠨ ᠲᠣᠭ᠍ᠲᠠᠭᠤᠨ ᠡᠷᠭᠢᠯᠲᠡ᠎ᠶ᠋ᠢ ᠪᠠᠳᠤᠯᠠᠬᠤ ᠪᠣᠳᠠᠲᠤ ᠬᠡᠷᠡᠭ᠌ᠴᠡᠭᠡ ᠪᠣᠯᠬᠤ ᠪᠥᠭᠡᠳ ᠪᠠᠰᠠ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠣᠷᠣᠨ ᠵᠠᠶ᠎ᠶ᠋ᠢ ᠥᠷᠭᠡᠳᠭᠡᠬᠦ᠌ ᠠᠯᠤᠰ ᠬᠡᠲᠦ᠎ᠶ᠋ᠢᠨ ᠪᠣᠳᠣᠯᠭ᠎ᠠ ᠪᠣᠯᠤᠨ᠎ᠠ᠃

ᠥᠩᠭᠡᠷᠡᠭ᠌ᠰᠡᠨ᠎ᠢᠶᠠᠨ ᠡᠷᠭᠢᠴᠡᠭᠦᠯᠬᠦᠶ᠎ᠡ᠂ ᠮᠠᠨ᠎ᠤ ᠣᠷᠣᠨ ᠰᠠᠨᠠᠭᠠᠴᠢᠯᠠᠭ᠎ᠠ᠎ᠠᠴᠠ᠎ᠪᠠᠨ 《ᠨᠢᠭᠡ ᠪᠦᠰᠡ ᠨᠢᠭᠡ ᠵᠠᠮ》 ᠎ᠳᠤ ᠠᠭᠤᠰᠤᠯᠴᠠᠵᠤ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠤ᠂ ᠰᠠᠭᠤᠷᠢ ᠲᠥᠬᠦᠭᠡᠷᠦᠮᠵᠢ᠎ᠶ᠋ᠢᠨ ᠬᠤᠯᠪᠣᠯᠳᠤᠨ ᠨᠡᠪᠲᠡᠷᠡᠯᠴᠡᠬᠦ᠌᠎ᠶ᠋ᠢ ᠲᠦᠷᠭᠡᠳᠭᠡᠨ ᠠᠬᠢᠭᠤᠯᠵᠤ᠂ ᠠᠷᠠᠯᠵᠢᠶᠠᠨ᠎ᠤ ᠰᠠᠭᠠᠳ ᠥᠬᠡᠶ ᠨᠡᠪᠲᠡᠷᠡᠬᠦ᠌᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠦᠨ᠂ ᠪᠠᠯᠠ ᠮᠥᠩᠭᠦᠨ᠎ᠤ  ᠭᠦᠢᠯᠭᠡᠭᠡ᠎ᠶ᠋ᠢ ᠦᠷᠭᠦᠯᠵᠢᠯᠡᠨ ᠥᠷᠭᠡᠳᠭᠡᠵᠦ᠍᠂ ᠠᠷᠠᠳ᠎ᠤᠨ ᠰᠡᠳᠭᠢᠯ᠎ᠤᠨ ᠨᠡᠪᠲᠡᠷᠡᠯᠴᠡᠭᠡ᠎ᠶ᠋ᠢ ᠪᠥᠬᠦ᠌ ᠲᠠᠯ᠎ᠠ᠎ᠪᠠᠷ ᠥᠷᠭᠡᠳᠭᠡᠵᠤ᠂ ᠠᠵᠤ ᠠᠬᠤᠶ ᠨᠡᠢᠭᠡᠮ᠎ᠤᠨ ᠬᠥᠭ᠌ᠵᠢᠯᠲᠡ ᠢᠯᠡᠳᠲᠡ ᠦᠷ᠎ᠡ ᠪᠦᠲᠦᠮᠵᠢ ᠤᠯᠪᠠ᠃ ᠢᠷᠡᠭᠡᠳᠦᠢ᠎ᠪᠠᠨ ᠪᠠᠷᠠᠯᠠᠬᠤᠶ᠎ᠠ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠶᠡᠭᠡ ᠲᠠᠯ᠎ᠠ ᠲᠤᠮᠳᠠ ᠲᠤᠰ ᠪᠡᠶ᠎ᠡ᠎ᠶ᠋ᠢᠨ ᠪᠠᠢᠷᠢ ᠲᠣᠭ᠍ᠲᠠᠭᠠᠯᠲᠠ᠎ᠪᠠᠨ ᠨᠡᠩ ᠣᠨᠣᠪᠴᠢᠲᠠᠢ ᠣᠯᠵᠤ᠂ ᠭᠠᠳᠠᠭᠠᠳᠤ ᠨᠡᠭᠡᠭᠡᠯᠳᠡ ᠬᠢᠬᠦ᠌ ᠬᠤᠱᠢᠭᠤᠴᠢ᠎ᠶ᠋ᠢᠨ ᠦᠢᠯᠡᠳᠦᠯ ᠪᠠ ᠲᠠᠪᠴᠠᠩ᠎ᠤᠨ ᠦᠢᠯᠡᠳᠦᠯ᠎ᠢᠶᠠᠨ ᠪᠦᠲᠦᠮᠵᠢᠲᠡᠢ ᠪᠠᠳᠠᠷᠠᠭᠤᠯᠵᠤ᠂ ᠭᠠᠳᠠᠭᠠᠳᠤ ᠬᠦᠴᠦᠨ᠎ᠢ ᠠᠱᠢᠭ᠍ᠯᠠᠨ ᠠᠵᠤ ᠠᠬᠤᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠂ ᠬᠥᠭ᠌ᠵᠢᠯᠲᠡ᠎ᠶ᠋ᠢᠨ ᠠᠷᠭ᠎ᠠ ᠮᠠᠶᠢᠭ᠎ᠢᠶᠠᠨ ᠬᠤᠪᠢᠷᠠᠭᠤᠯᠬᠤ᠂ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ᠎ᠢ ᠬᠤᠪᠢᠷᠠᠭᠤᠯᠬᠤ᠎ᠶ᠋ᠢᠨ ᠤᠯᠠᠮ᠎ᠠᠴᠠ ᠤᠯᠠᠮᠵᠢᠯᠠᠯᠲᠤ ᠬᠥᠭ᠌ᠵᠢᠯᠲᠡ᠎ᠶ᠋ᠢᠨ ᠵᠠᠭ᠍ᠪᠤᠷ ᠪᠠ ᠠᠷᠭ᠎ᠠ ᠵᠠᠮ᠎ᠳᠤ ᠲᠦᠱᠢᠭ᠌ᠯᠡᠬᠦ᠌᠎ᠪᠠᠨ ᠪᠤᠯᠢᠵᠤ᠂ ᠶᠠᠰᠤ ᠴᠢᠨᠠᠷ ᠨᠡᠩ ᠥᠨᠳᠥᠷ᠂ ᠦᠷ᠎ᠡ ᠠᠱᠢᠭ ᠨᠡᠩ ᠰᠠᠢᠨ᠂ ᠪᠦᠲᠦᠴᠡ ᠨᠡᠩ ᠱᠢᠯᠢᠳᠡᠭ᠂ ᠨᠦᠭᠡᠴᠠ ᠬᠦᠴᠦᠨ ᠨᠡᠩ ᠭᠦᠢᠴᠡᠳ᠂ ᠳᠠᠪᠠᠭᠤᠯᠢᠭ ᠨᠡᠩ ᠭᠦᠢᠴᠡᠳ ᠪᠠᠳᠠᠷᠠᠭ᠍ᠰᠠᠨ ᠬᠥᠭ᠌ᠵᠢᠯᠲᠡ᠎ᠶ᠋ᠢᠨ ᠱᠢᠨ᠎ᠡ ᠵᠠᠮ᠎ᠢ ᠨᠡᠭᠡᠭᠡᠬᠦ᠌ ᠬᠡᠷᠡᠭ᠌ᠲᠡᠢ᠃

ᠪᠦᠬᠦ᠌ ᠲᠠᠯ᠎ᠠ᠎ᠠᠴᠠ ᠨᠢᠭᠡ ᠣᠷᠣᠨ ᠪᠦᠰᠡ᠎ᠶ᠋ᠢ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠨᠢᠭᠡ ᠣᠷᠣᠨ ᠪᠦᠰᠡ᠎ᠪᠠᠷ ᠪᠦᠬᠦ᠌ ᠲᠠᠯ᠎ᠠ᠎ᠳᠤ ᠦᠢᠯᠡᠴᠢᠯᠡᠨ᠂ ᠨᠡᠩ ᠥᠨᠳᠥᠷ ᠵᠣᠭ᠍ᠰᠣᠴᠠ᠂ ᠥᠷᠭᠡᠨ ᠬᠠᠷᠠᠭᠠᠰᠤ᠂ ᠴᠢᠩᠭ᠎ᠠ ᠡᠭᠦᠷᠭᠡᠯᠡᠯ᠎ᠢᠶᠠᠷ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠠᠬᠢ ᠴᠢᠬᠤᠯᠠ ᠶᠡᠭᠡ ᠠᠵᠠ ᠲᠣᠬᠢᠶᠠᠯ᠎ᠢ ᠠᠳᠭᠤᠵᠤ᠂ ᠠᠱᠢᠭ᠍ᠲᠠᠢ ᠪᠠᠢᠳᠠᠯ᠎ᠢ ᠠᠮᠵᠢᠨ ᠤᠷᠤᠭ᠍ᠰᠢᠯᠠᠨ᠂ ᠡᠷᠡᠮᠡᠬᠡᠢᠯᠡᠨ ᠲᠡᠮᠡᠴᠡᠪᠡᠯ ᠪᠢᠳᠠ ᠨᠡᠩ ᠥᠨᠳᠥᠷ ᠲᠡᠰ ᠳᠠᠪᠬᠤᠷᠭ᠎ᠠ᠎ᠶ᠋ᠢᠨ ᠳᠣᠲᠣᠭᠠᠳᠤ ᠭᠠᠳᠠᠭᠠᠳᠤ ᠨᠡᠭᠡᠭᠡᠯᠳᠠ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠵᠤ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠨᠡᠮᠡᠭ᠌ᠳᠡᠭᠦᠯᠵᠦ᠍ ᠴᠢᠳᠠᠬᠤ᠎ᠨᠢ ᠯᠠᠪᠳᠠᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号