ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠵᠦ᠍ ᠠᠴᠢ ᠡᠨᠡᠷᠢᠯ᠎ᠳᠤ ᠲᠠᠯᠠᠷᠬᠠᠨ ᠡᠷᠡᠯᠬᠡᠭ᠌ᠯᠡᠨ ᠤᠷᠤᠬ᠍ᠰᠢᠯᠠᠨ᠎ᠠ
2021-04-23 09:06:50
ᠵᠣᠬᠢᠶᠠᠭ᠍ᠴᠢ᠄
ᠰᠤ᠌ ᠶᠦᠡᠭ ᠱᠸᠡᠭ ᠯᠢ ᠢᠤᠢ ᠵᠦᠸᠧ ᠬᠤᠷᠴᠡ ᠭᠤᠤ ᠮᠢᠨ ᠨᠠ ᠯᠢᠤ ᠱᠢᠶᠠᠩ ᠫᠢᠡᠭ
ᠣᠩᠱᠢᠭ᠍ᠰᠠᠨ ᠣᠳᠠᠭ᠎ᠠ᠄
★★★☆☆

ᠦᠬᠡ᠎ᠶ᠋ᠢᠨ ᠲᠡᠬᠦᠪᠤᠷᠢ

ᠦᠪᠤᠷ ᠮᠤᠩᠭᠤᠯ ᠮᠠᠨ᠎ᠤ ᠤᠯᠤᠰ᠎ᠤᠨ ᠬᠠᠮᠤᠭ᠎ᠤᠨ ᠡᠷᠳᠡ ᠪᠠᠢᠭᠤᠯᠤᠬ᠍ᠳᠠᠬ᠍ᠰᠡᠨ ᠦᠨᠳᠤᠰᠤᠳᠡᠨ᠎ᠤ ᠦᠪᠡᠷᠳᠡᠭᠡᠨ ᠵᠠᠰᠠᠬᠤ ᠤᠷᠤᠨ ᠪᠤᠯᠤᠬ᠍ᠰᠡᠨ᠎ᠤ ᠬᠤᠪᠢ᠎ᠳᠤ᠂ ᠦᠨᠳᠤᠰᠤᠳᠡᠨ᠎ᠤ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠳᠦ ᠤᠯᠠᠮᠵᠢᠯᠠᠯ᠎ᠲᠠᠢ ᠶᠤᠮ᠂ ᠤᠷᠳᠤ ᠬᠤᠭᠤᠴᠠᠭᠠᠨ᠎ᠤ ᠲᠤᠷᠰᠢ 《ᠵᠢᠱ᠌ᠢᠶᠠᠴᠢ ᠦᠪᠡᠷᠳᠡᠭᠡᠨ ᠵᠠᠰᠠᠬᠤ ᠤᠷᠤᠨ》 ᠎ᠤ ᠡᠷᠬᠢᠮ ᠲᠡᠭᠡᠳᠤ ᠢᠷᠠᠭᠤ ᠠᠯᠳᠠᠷ᠎ᠢᠶᠠᠨ ᠪᠠᠳᠤᠯᠠᠭ᠍ᠰᠠᠭᠠᠷ ᠢᠷᠡᠵᠠᠢ᠂ ᠡᠬᠦᠨ᠎ᠢᠶᠠᠨ ᠬᠤᠪᠢ ᠲᠠᠬᠢᠨ ᠨᠠᠨᠳᠢᠩᠨᠡᠵᠤ ᠦᠷᠬᠦᠯᠵᠢᠯᠡᠨ ᠪᠠᠳᠤᠯᠠᠬᠤ ᠭᠡᠷᠡᠭ᠌ᠳᠠᠢ᠃ ᠬᠠᠮᠳᠤ᠎ᠪᠠᠷ ᠪᠦᠯᠬᠦᠮᠳᠡᠨ ᠲᠠᠮᠡᠴᠡᠵᠤ ᠬᠠᠮᠳᠤ᠎ᠪᠠᠷ ᠴᠡᠴᠡᠭ᠌ᠯᠡᠨ ᠬᠦᠭ᠌ᠵᠢᠬᠦ᠌᠎ᠶ᠋ᠢᠨ ᠲᠤᠭᠤᠷᠢᠨ᠎ᠳᠤ᠂ ᠬᠢᠳᠡᠳ ᠦᠨᠳᠤᠰᠤᠳᠡᠨ ᠴᠦᠭᠡᠨ ᠲᠤᠭᠠᠳᠤ ᠦᠨᠳᠤᠰᠤᠳᠡᠨ᠎ᠠᠴᠠ ᠰᠠᠯᠵᠤ ᠴᠢᠳᠠᠬᠤ ᠦᠭᠡᠢ᠂ ᠴᠦᠭᠡᠨ ᠲᠤᠭᠠᠳᠤ ᠦᠨᠳᠤᠰᠤᠳᠡᠨ ᠬᠢᠳᠡᠳ ᠦᠨᠳᠤᠰᠤᠳᠡᠨ᠎ᠠᠴᠠ ᠰᠠᠯᠵᠤ ᠴᠢᠳᠠᠬᠤ ᠦᠭᠡᠢ᠂ ᠴᠦᠭᠡᠨ ᠲᠤᠭᠠᠳᠤ ᠦᠨᠳᠤᠰᠤᠳᠡᠨ᠎ᠨᠦᠭᠦᠳ ᠬᠤᠭᠤᠷᠤᠨᠳᠤ᠎ᠪᠠᠨ ᠪᠠᠰᠠ ᠬᠠᠷᠢᠯᠴᠠᠨ ᠰᠠᠯᠵᠤ ᠴᠢᠳᠠᠬᠤ ᠦᠭᠡᠢ ᠪᠠᠢᠬᠤ᠎ᠶ᠋ᠢ ᠪᠠᠳᠤ ᠴᠡᠭᠡᠵᠢᠯᠡᠵᠤ᠂ ᠦᠨᠳᠤᠰᠤᠳᠡᠨ᠎ᠤ ᠪᠦᠯᠬᠦᠮᠳᠡᠯ᠎ᠢ ᠠᠬᠢᠭᠤᠯᠬᠤ ᠲᠠᠯ᠎ᠡ᠎ᠪᠠᠷ ᠠᠵᠢᠯ᠎ᠢᠶᠠᠨ ᠨᠠᠷᠢᠯᠢᠭ ᠬᠢᠵᠤ ᠪᠤᠳᠠᠳᠠᠢ ᠬᠢᠵᠤ᠂ ᠦᠨᠳᠤᠰᠤᠳᠡᠨ᠎ᠨᠦᠭᠦᠳ᠎ᠤᠨ ᠤᠯᠠᠨ ᠲᠦᠮᠡᠨ᠎ᠤ ᠠᠭᠤᠤ ᠶᠡᠭᠡ ᠡᠭᠡ ᠤᠯᠤᠰ᠂ ᠲᠤᠮᠳᠠᠳᠤ᠎ᠶ᠋ᠢᠨ ᠦᠨᠳᠤᠰᠤᠳᠡᠨ᠂ ᠲᠤᠮᠳᠠᠳᠤ᠎ᠶ᠋ᠢᠨ ᠰᠤᠶᠤᠯ᠂ ᠲᠤᠮᠳᠠᠳᠤ ᠤᠯᠤᠰ᠎ᠤᠨ ᠡᠪ ᠬᠠᠮᠳᠤ ᠨᠠᠮ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠬᠠᠮᠳᠦ᠎ᠶ᠋ᠢᠨ ᠲᠠᠨᠢᠯᠳᠠ᠎ᠶ᠋ᠢ ᠨᠡᠮᠡᠭ᠌ᠳᠡᠬᠦᠯᠬᠦ᠌ ᠭᠡᠷᠡᠭ᠌ᠳᠠᠢ᠃

— ᠶᠡᠷᠦᠩᠭᠡᠢ ᠱᠦᠵᠢ ᠰᠢ᠎ᠶ᠋ᠢᠨ ᠫᠢᠡᠭ᠎ᠤᠨ 2021 ᠤᠨ᠎ᠤ 3 ᠰᠠᠷ᠎ᠠ᠎ᠶ᠋ᠢᠨ 5 ᠎ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠡ

 

《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠪᠣᠯᠤᠭ᠍ᠰᠠᠨ᠎ᠤ ᠬᠤᠪᠢ᠎ᠳᠤ᠂ ᠦᠪᠤᠷ ᠮᠤᠩᠭᠤᠯ᠎ᠤᠨ ᠦᠨᠳᠦᠰᠦᠲᠡᠨ᠎ᠨᠦᠭᠦᠳ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠨᠢᠭᠡ ᠬᠡᠷ᠎ᠤᠨ ᠬᠥᠮᠦᠨ ᠱᠢᠭ ᠳᠣᠲᠣᠨᠣ ᠪᠠᠢᠵᠤ᠂ ᠬᠠᠮᠤᠭ᠎ᠤᠨ ᠰᠠᠢᠨ ᠮᠠᠯᠵᠢᠯ᠎ᠤᠨ ᠲᠠᠯᠠᠪᠠᠶ᠎ᠪᠠᠨ ᠰᠠᠨᠰᠠᠷ᠎ᠤᠨ ᠠᠶᠠᠯᠠᠯ᠎ᠤᠨ ᠦᠢᠯᠡᠰ᠎ᠲᠤ ᠵᠤᠷᠢᠭᠤᠯᠣᠭ᠍ᠰᠠᠨ᠂ ᠭᠤᠷᠪᠠᠨ ᠮᠢᠩᠭᠠᠨ ᠥᠨᠥᠴᠢᠨ ᠬᠡᠦᠬᠡᠳ᠎ᠢ ᠦᠷᠠᠴᠢᠯᠠᠨ ᠲᠠᠵᠢᠬᠡᠭ᠌ᠰᠡᠨ᠂ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ ᠪᠤᠭᠤᠲᠤ᠎ᠶ᠋ᠢᠨ ᠪᠣᠯᠣᠳ ᠲᠡᠮᠦᠷ᠎ᠤᠨ ᠦᠢᠯᠡᠳᠪᠦᠷᠢ᠎ᠶ᠋ᠢ ᠪᠠᠢᠭᠤᠯᠣᠭ᠍ᠰᠠᠨ᠂ ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠵᠡᠷᠭᠡ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ ᠦᠶ᠎ᠡ᠎ᠶ᠋ᠢᠨ ᠦᠶ᠎ᠡ᠎ᠳᠤ ᠤᠯᠠᠮᠵᠢᠯᠠᠬ᠍ᠳᠠᠨ᠎ᠠ᠃ ᠠᠷᠠᠳ᠎ᠤᠨ ᠵᠢᠱ᠌ᠢᠶᠡᠴᠢ ᠲᠦᠬᠦ᠋ᠢᠮ᠎ᠡ᠂ ᠨᠠᠮ᠎ᠤᠨ ᠰᠠᠢᠨ ᠺᠠᠳ᠋ᠷ ᠨᠢᠦ ᠢᠦᠶ ᠷᠦ᠋᠂ ᠵᠢᠱ᠌ᠢᠶᠡᠴᠢ ᠪᠠᠢᠴᠠᠭᠠᠭ᠍ᠴᠢ ᠳᠣᠱᠢᠶᠠᠯᠳᠠᠨ ᠫᠠᠨ ᡁᠢ ᠷᠦᠩ᠂ ᠲᠠᠯ᠎ᠠ ᠨᠤᠲᠤᠭ᠎ᠤᠨ ᠬᠤᠪᠢᠯᠭᠠᠨ ᠡᠮᠴᠢ ᠸᠠᠩ ᠪᠥᠬᠡ ᠵᠡᠷᠭᠡ ᠦᠨᠳᠦᠰᠦᠲᠡᠨ᠎ᠤ ᠪᠦᠯᠬᠦᠮᠳᠡᠯ᠎ᠤᠨ ᠨᠡᠢᠲᠡᠯᠢᠭ ᠵᠢᠱ᠌ᠢᠶ᠎ᠡ ᠴᠣᠯᠭᠤᠷᠠᠨ ᠭᠠᠷᠴᠠᠢ᠃

《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠲᠦᠭᠡᠨ ᠪᠠᠢᠭᠤᠯᠵᠤ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠦᠶ᠎ᠡ》᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠤ᠂ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭᠠᠪᠤᠷᠢ ᠴᠢᠬᠤᠯᠠ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠤ ᠠᠵᠢᠯ᠎ᠢ ᠲᠠᠰᠤᠷᠠᠯᠲᠠ ᠥᠬᠡᠶ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠤᠬᠠᠭᠤᠯᠭ᠎ᠠ ᠬᠥᠮᠦᠵᠢᠯ ᠪᠣᠯᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠠᠵᠢᠯ᠎ᠢ ᠨᠠᠷᠢᠯᠢᠭ ᠪᠣᠳᠠᠲᠠᠶ ᠬᠢᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠬᠠᠮᠠᠭᠠᠯᠠᠵᠤ᠂ 《ᠭᠤᠷᠪᠠᠨ ᠰᠠᠯᠵᠤ ᠴᠢᠲᠠᠬᠤ ᠥᠬᠡᠶ》 《ᠲᠠᠪᠤᠨ ᠬᠠᠮᠲᠤ᠎ᠶ᠋ᠢᠨ ᠲᠠᠨᠢᠯᠲᠠ》 ᠎ᠶ᠋ᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠭᠢᠯ᠎ᠳᠤ ᠭᠦᠨ ᠬᠠᠳᠠᠩᠱᠢᠭᠤᠯᠣᠨ᠎ᠠ᠃

 

 

74 ᠵᠢᠯ᠎ᠤᠨ ᠡᠮᠦᠨᠡᠭᠢ 5 ᠰᠠᠷ᠎ᠠ᠎ᠶ᠋ᠢᠨ 1 ᠎ᠤ ᠡᠳᠦᠷ᠂ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠠᠢᠭᠤᠯᠤᠬ᠍ᠳᠠᠵᠤ᠂ ᠮᠠᠨ᠎ᠤ ᠤᠯᠤᠰ᠎ᠤᠨ ᠬᠠᠮᠤᠭ᠎ᠠᠴᠠ ᠡᠷᠳᠡ ᠪᠠᠢᠭᠤᠯᠤᠬ᠍ᠳᠠᠬ᠍ᠰᠠᠨ ᠦᠨᠳᠤᠰᠦᠳᠡᠨ᠎ᠤ ᠦᠪᠡᠷᠳᠡᠭᠡᠨ ᠵᠠᠰᠭᠠᠤ ᠤᠷᠤᠨ ᠪᠤᠯᠤᠬ᠍ᠰᠠᠨ᠎ᠢᠶᠠᠷ ᠪᠠᠷᠠᠬᠤ ᠦᠭᠡᠢ᠂ ᠮᠠᠨ᠎ᠤ ᠨᠠᠮ᠎ᠤᠨ ᠮᠠᠷᠺᠰ᠎ᠤᠨ ᠦᠵᠡᠯ᠎ᠢᠶᠠᠷ ᠤᠯᠤᠰ᠎ᠤᠨ ᠲᠤᠳᠤᠭᠠᠳᠤ᠎ᠶ᠋ᠢᠨ ᠦᠨᠳᠤᠰᠦᠳᠡᠨ᠎ᠤ ᠠᠰᠠᠭᠤᠳᠠᠯ᠎ᠢ ᠱᠢᠢᠳᠪᠤᠷᠢᠯᠡᠭ᠌ᠰᠡᠨ ᠪᠦᠳᠤᠮᠵᠢᠳᠠᠢ ᠲᠤᠷᠱᠢᠯᠭ᠎ᠠ ᠪᠤᠯᠵᠦ᠍᠂ ᠨᠠᠮ᠎ᠤᠨ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠲᠦᠷᠦ᠎ᠶ᠋ᠢᠨ ᠪᠤᠳᠤᠯᠭ᠎ᠠ ᠦᠪᠤᠷ ᠮᠤᠩᠭᠤᠯ᠎ᠠᠴᠠ ᠡᠭᠢᠯᠡᠨ ᠬᠡᠷᠡᠭ᠌ᠵᠢᠭᠦᠯᠦᠭ᠌ᠳᠡᠭ᠌ᠰᠡᠨ ᠪᠦᠲᠦᠮᠵᠢᠳᠠᠢ ᠦᠢᠯᠡᠳᠦᠯᠭᠡ ᠪᠤᠯᠪᠠ᠃

70 ᠭᠠᠷᠤᠢ ᠵᠢᠯ᠎ᠤᠨ ᠲᠤᠷᠰᠢ᠂ ᠨᠠᠮ᠎ᠤᠨ ᠲᠦᠪ ᠬᠤᠷᠢᠶᠠᠨ᠎ᠤ ᠬᠠᠯᠠᠭᠤᠨ ᠲᠤᠳᠤᠨᠤ ᠬᠠᠯᠠᠮᠵᠢᠯᠠᠯ ᠪᠠ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠦᠪᠤᠷ ᠮᠤᠩᠭᠤᠯ᠎ᠤᠨ ᠦᠨᠳᠤᠰᠦᠳᠡᠨ᠎ᠨᠦᠭᠦᠳ᠎ᠤᠨ ᠠᠷᠠᠳ ᠲᠦᠮᠡᠨ ᠰᠠᠭᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠵᠦ᠍᠂ ᠬᠠᠮᠳᠤ᠎ᠪᠠᠷ ᠪᠦᠯᠭᠦᠮᠳᠡᠨ ᠲᠡᠮᠡᠴᠡᠵᠦ᠍᠂ ᠬᠠᠮᠳᠤ᠎ᠪᠠᠷ ᠴᠡᠴᠡᠭ᠌ᠯᠡᠨ ᠬᠦᠭ᠌ᠵᠢᠵᠦ᠍᠂ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ》 ᠎ᠤ ᠡᠷᠭᠢᠮ ᠲᠡᠭᠡᠳᠤ ᠢᠷᠠᠭᠤ ᠠᠯᠳᠠᠷ᠎ᠢᠶᠠᠨ ᠪᠠᠳᠣᠯᠠᠬ᠍ᠰᠠᠭᠠᠷ ᠢᠷᠡᠪᠡ᠃

2014 ᠤᠨ᠎ᠠᠴᠠ ᠨᠠᠭᠠᠰᠢ᠂ ᠶᠡᠷᠦᠩᠭᠡᠢ ᠱᠦᠵᠢ ᠰᠢ᠎ᠶ᠋ᠢᠨ ᠫᠢᠡᠭ ᠦᠪᠤᠷ ᠮᠤᠩᠭᠤᠯ᠎ᠳᠤ ᠬᠤᠶᠠᠷ ᠤᠳᠠᠭ᠎ᠠ ᠱᠢᠨᠵᠢᠯᠡᠨ ᠪᠠᠢᠴᠠᠭᠠᠵᠦ᠍᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠎ᠳᠤ ᠲᠦᠷᠪᠡ ᠤᠳᠠᠭ᠎ᠠ ᠤᠷᠤᠯᠴᠠᠵᠦ᠍᠂ ᠦᠪᠤᠷ ᠮᠤᠩᠭᠤᠯ᠎ᠤᠨ ᠠᠵᠦ᠍ ᠠᠬᠤᠢ ᠨᠡᠢᠭᠡᠮ᠎ᠤᠨ ᠬᠦᠭ᠌ᠵᠢᠯᠳᠠ᠎ᠶ᠋ᠢᠨ ᠡᠯ᠎ᠠ ᠲᠠᠯ᠎ᠠ᠎ᠶ᠋ᠢᠨ ᠠᠵᠢᠯ᠎ᠢ ᠬᠠᠯᠠᠮᠵᠢᠯᠠᠭ᠍ᠰᠠᠭᠠᠷ ᠢᠷᠡᠪᠡ᠂ ᠤᠨᠴᠠᠭᠠᠢᠯᠠᠨ ᠦᠪᠤᠷ ᠮᠤᠩᠭᠤᠯ᠎ᠤᠨ ᠦᠨᠳᠦᠰᠦᠳᠡᠨ᠎ᠤ ᠪᠦᠯᠭᠦᠮᠳᠠᠯ᠎ᠤᠨ ᠠᠵᠢᠯ᠎ᠳᠤ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠪᠠᠨ ᠲᠠᠯᠪᠢᠪᠠ᠃

3 ᠰᠠᠷ᠎ᠠ᠎ᠶ᠋ᠢᠨ 25 ᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ ᠱ᠌ᠢ᠎ᠲᠠᠢ ᠹᠸᠡᠭ ᠦᠪᠡᠷᠳᠡᠭᠡᠨ ᠵᠠᠰᠭᠠᠤ ᠤᠷᠤᠨ᠎ᠤ ᠨᠠᠮ᠎ᠤᠨ ᠬᠤᠷᠢᠶᠠᠨ᠎ᠤ ᠤᠨᠤᠯ ᠰᠤᠷᠤᠯᠴᠠᠬᠤ ᠭᠤᠤᠯ ᠲᠤᠭᠤᠢ᠍ᠢᠯᠠᠩ᠎ᠤᠨ 2021 ᠤᠨ᠎ᠤ ᠲᠦᠷᠪᠡᠳᠦᠭᠡᠷ ᠤᠳᠠᠭ᠎ᠠ᠎ᠶ᠋ᠢᠨ ᠬᠠᠮᠳᠤ᠎ᠶ᠋ᠢᠨ ᠰᠤᠷᠤᠯᠴᠠᠯᠭ᠎ᠠ ᠲᠡᠭᠡᠷ᠎ᠠ᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠨᠢ᠂ ᠱᠢᠨ᠎ᠠ ᠬᠦᠭ᠌ᠵᠢᠯᠳᠠ᠎ᠶ᠋ᠢᠨ ᠱᠠᠳᠤᠨ᠎ᠳᠤ ᠦᠪᠤᠷ ᠮᠤᠩᠭᠤᠯ᠎ᠤᠨ ᠪᠦᠭᠦ᠌ ᠲᠠᠯ᠎ᠠ ᠪᠡ ᠠᠯᠤᠰ ᠬᠡᠳᠤ᠎ᠶ᠋ᠢᠨ ᠬᠦᠭ᠌ᠵᠢᠯᠳᠠ᠎ᠲᠠᠢ ᠬᠤᠯᠪᠤᠬ᠍ᠳᠠᠬᠤ ᠴᠢᠬᠤᠯᠠ ᠠᠰᠠᠭᠤᠳᠠᠯ᠎ᠢ ᠬᠦᠨᠵᠡᠭᠡᠢ ᠦᠭᠦᠯᠡᠵᠦ᠍᠂ ᠱᠢᠨ᠎ᠠ ᠴᠠᠬ ᠦᠶ᠎ᠠ ᠱᠢᠨ᠎ᠠ ᠠᠶᠠᠨ ᠱᠢᠨ᠎ᠠ ᠱᠠᠳᠤᠨ᠎ᠳᠤ ᠦᠪᠤᠷ ᠮᠤᠩᠭᠤᠯ ᠬᠦᠭ᠌ᠵᠢᠯᠳᠠ᠎ᠶ᠋ᠢᠨ ᠱᠢᠨ᠎ᠠ ᠬᠠᠭᠤᠳᠠᠰᠦ᠎ᠶ᠋ᠢ ᠪᠢᠴᠢᠭ᠌ᠯᠡᠭᠦ᠎ᠳᠤ ᠦᠨᠳᠤᠰᠤᠨ ᠵᠢᠷᠤᠮᠯᠠᠯ ᠬᠠᠨᠭ᠌ᠭᠠᠵᠠᠢ ᠭᠡᠵᠦ᠍ ᠵᠢᠭᠠᠵᠦ᠍ ᠭᠠᠷᠭᠠᠪᠠ᠃

ᠶᠡᠷᠦᠩᠭᠡᠢ ᠱᠦᠵᠢ ᠰᠢ᠎ᠶ᠋ᠢᠨ ᠫᠢᠡᠭ᠎ᠤᠨ ᠦᠨᠳᠦᠰᠦᠳᠡᠨ᠎ᠤ ᠠᠵᠢᠯ᠎ᠤᠨ ᠲᠤᠬᠠᠢ ᠴᠢᠬᠤᠯᠠ ᠦᠭᠦᠯᠡᠯᠳᠡ ᠪᠠ ᠦᠪᠤᠷ ᠮᠤᠩᠭᠤᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠤᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠪᠦᠭᠦ᠌ ᠤᠷᠤᠨ᠎ᠤ ᠡᠯ᠎ᠠ ᠱᠠᠳᠤᠨ᠎ᠤ ᠭᠠᠵᠠᠷ ᠤᠷᠤᠨ᠎ᠨᠤᠭᠤᠳ ᠲᠤᠮᠳᠠᠳᠤ᠎ᠶ᠋ᠢᠨ ᠦᠨᠳᠤᠰᠦᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ ᠭᠤᠤᠯ ᠱᠢᠵᠢᠮ ᠭᠤᠤᠯ ᠰᠡᠳᠦᠪ ᠲᠡᠭᠡᠷ᠎ᠠ ᠬᠦᠴᠤ᠎ᠪᠠᠨ ᠲᠦᠪᠯᠡᠷᠡᠭᠦᠯᠵᠦ᠍᠂ 《ᠭᠤᠷᠪᠠᠨ ᠰᠠᠯᠵᠦ᠍ ᠴᠢᠳᠠᠬᠤ ᠦᠭᠡᠢ》 《ᠲᠠᠪᠤᠨ ᠬᠠᠮᠳᠤ᠎ᠶ᠋ᠢᠨ ᠲᠠᠨᠢᠯᠳᠠ》 ᠎ᠶ᠋ᠢ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠰᠡᠳᠭᠢᠯ᠎ᠳᠤ ᠬᠠᠳᠠᠩᠱᠢᠭᠤᠯᠣᠨ᠎ᠠ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠬ᠎ᠤᠨ ᠤᠷᠳᠤᠨ ᠰᠠᠨᠠᠯ ᠨᠡᠢᠳᠡᠯᠡᠵᠦ᠍᠂ ᠦᠨᠳᠦᠰᠦᠳᠡᠨ᠎ᠤ ᠪᠦᠯᠭᠦᠮᠳᠠᠯ ᠲᠠᠪᠱᠢᠯᠳᠠ᠎ᠶ᠋ᠢᠨ ᠬᠦᠮᠦᠵᠢᠯ᠎ᠢ ᠪᠦᠭᠦ᠌ ᠲᠠᠯ᠎ᠠ᠎ᠪᠠᠷ ᠴᠢᠩᠭᠠᠳᠭᠠᠬᠤ ᠪᠠ ᠦᠨᠳᠦᠰᠦᠳᠡᠨ᠎ᠤ ᠪᠦᠯᠭᠦᠮᠳᠠᠯ ᠲᠠᠪᠱᠢᠯᠳᠠ᠎ᠶ᠋ᠢ ᠡᠭᠦᠳᠤᠨ ᠪᠠᠢᠭᠤᠯᠬᠤ ᠠᠵᠢᠯ᠎ᠢ ᠰᠠᠢᠳᠤᠷ ᠬᠢᠭᠦ᠌ ᠵᠢᠴᠢ ᠲᠤᠮᠳᠠᠳᠤ᠎ᠶ᠋ᠢᠨ ᠦᠨᠳᠤᠰᠦᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ᠎ᠳᠤ ᠲᠦᠷᠦ᠎ᠶ᠋ᠢᠨ ᠪᠤᠳᠤᠯᠭ᠎ᠠ᠎ᠶ᠋ᠢᠨ ᠲᠡᠮᠵᠢᠯᠭᠡ ᠬᠠᠨᠭ᠌ᠭᠠᠪᠠ᠃ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠠᠴᠠ 《ᠦᠪᠤᠷ ᠮᠤᠩᠭᠤᠯ᠎ᠤᠨ ᠦᠪᠡᠷᠳᠡᠭᠡᠨ ᠵᠠᠰᠭᠠᠤ ᠤᠷᠤᠨ᠎ᠤ ᠦᠨᠳᠦᠰᠦᠳᠡᠨ᠎ᠤ ᠪᠦᠯᠭᠦᠮᠳᠠᠯ ᠲᠠᠪᠱᠢᠯᠳᠠ᠎ᠶ᠋ᠢ ᠠᠬᠢᠭᠤᠯᠬᠤ ᠲᠦᠷᠢᠮ》 ᠎ᠢ ᠪᠠᠳᠤᠯᠠᠵᠦ᠍᠂ ᠱᠢᠨ᠎ᠠ ᠴᠠᠬ ᠦᠶ᠎ᠠ᠎ᠳᠤ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ》 ᠎ᠤ ᠡᠷᠭᠢᠮ ᠲᠡᠭᠡᠳᠤ ᠢᠷᠠᠭᠤ ᠠᠯᠳᠠᠷ᠎ᠢᠶᠠᠨ ᠦᠷᠭᠦᠯᠵᠢᠯᠠᠨ ᠪᠠᠳᠤᠯᠠᠬᠤ᠎ᠳᠤ ᠪᠠᠳᠤ ᠴᠢᠩᠭ᠎ᠠ ᠬᠠᠤᠯᠢᠵᠢᠯ᠎ᠤᠨ ᠪᠠᠳᠤᠯᠠᠭ᠎ᠠ ᠬᠠᠨᠭ᠌ᠭᠠᠪᠠ᠃ ᠲᠤᠮᠳᠠᠳᠤ᠎ᠶ᠋ᠢᠨ ᠦᠨᠳᠤᠰᠦᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ᠎ᠶ᠋ᠢ ᠺᠠᠳ᠋ᠷ᠎ᠤᠨ ᠬᠦᠮᠦᠵᠢᠯ᠂ ᠨᠡᠢᠭᠡᠮ᠎ᠤᠨ ᠬᠦᠮᠦᠵᠢᠯ᠂ ᠤᠯᠤᠰ ᠠᠷᠠᠳ᠎ᠤᠨ ᠰᠣᠷᠭᠠᠨ ᠬᠦᠮᠦᠵᠢᠯ᠎ᠤᠨ ᠪᠦᠭᠦ᠌ ᠶᠠᠪᠤᠴᠠ᠎ᠳᠤ ᠲᠤᠭᠤᠱᠢᠯᠠᠭᠤᠯᠵᠦ᠍᠂ ᠰᠤᠶᠤᠯ᠎ᠤᠨ ᠲᠠᠨᠢᠯᠳᠠ᠎ᠶ᠋ᠢ ᠴᠢᠩᠭᠠᠳᠭᠠᠵᠦ᠍᠂ ᠦᠨᠳᠦᠰᠦᠳᠡᠨ᠎ᠨᠦᠭᠦᠳ᠎ᠤᠨ ᠰᠤᠶᠤᠯ᠎ᠢ ᠤᠯᠠᠮᠵᠢᠯᠠᠨ ᠬᠠᠮᠠᠭᠠᠯᠠᠬᠤ ᠪᠠ ᠱᠢᠨ᠎ᠠ᠎ᠶ᠋ᠢ ᠡᠭᠦᠳᠤᠨ ᠠᠭᠤᠰᠤᠯᠴᠠᠭᠤᠯᠬᠤ᠎ᠶ᠋ᠢ ᠠᠬᠢᠭᠤᠯᠪᠠ᠃ ᠤᠯᠤᠰ᠎ᠤᠨ ᠨᠡᠢᠳᠡᠮ᠎ᠤᠨ ᠬᠡᠷᠡᠭ᠌ᠯᠡᠭᠦ᠌ ᠦᠭᠡ ᠬᠡᠯᠡ ᠦᠰᠦᠭ ᠪᠢᠴᠢᠭ᠎ᠤᠨ ᠬᠦᠮᠦᠵᠢᠯ᠎ᠢ ᠴᠢᠩᠭᠠᠳᠭᠠᠵᠦ᠍᠂ ᠤᠯᠤᠰ᠎ᠤᠨ ᠨᠢᠭᠡᠳᠦᠯᠳᠡᠢ ᠨᠠᠢᠷᠠᠭᠤᠯᠤᠬ᠍ᠰᠠᠨ ᠵᠢᠭᠠᠬᠤ ᠮᠠᠲᠧᠷᠢᠶᠠᠯ᠎ᠢ ᠲᠡᠯᠭᠡᠷᠡᠭᠦᠯᠦᠨ ᠬᠡᠷᠡᠭ᠌ᠯᠡᠵᠦ᠍᠂ ᠤᠯᠠᠭᠠᠨᠮᠦᠴᠢᠷ᠎ᠤᠨ ᠦᠢᠯᠡᠰ᠎ᠤᠨ ᠤᠷᠳᠤᠪᠳᠤᠷ ᠬᠤᠭᠤᠴᠠᠭᠠᠨ᠎ᠤ ᠬᠦᠭ᠌ᠵᠢᠯᠳᠠ᠎ᠶ᠋ᠢᠨ ᠲᠦᠯᠦᠪᠵᠢᠭᠦᠯᠭᠡ ᠲᠤᠬ᠍ᠳᠠᠭᠠᠵᠦ᠍᠂ ᠤᠯᠠᠭᠠᠨᠮᠦᠴᠢᠷ᠎ᠤᠨ ᠵᠤᠬᠢᠶᠠᠨ ᠪᠦᠲᠦᠭᠡᠯᠭᠡ᠎ᠶ᠋ᠢᠨ ᠰᠤᠩᠭᠤᠳᠠᠬ ᠪᠦᠲᠦᠭᠡᠯ᠎ᠢ ᠤᠯᠠᠮᠵᠢᠯᠠᠬᠤ ᠢᠨᠵᠧᠨᠧᠷᠢᠩ ᠵᠡᠷᠭᠡ᠎ᠶ᠋ᠢ ᠬᠡᠷᠡᠭ᠌ᠵᠢᠭᠦᠯᠵᠦ᠍᠂ ᠲᠤᠮᠳᠠᠳᠤ᠎ᠶ᠋ᠢᠨ ᠪᠤᠯᠪᠠᠰᠤᠨ᠎ᠤ ᠠᠬᠢᠴᠠ ᠲᠤᠮᠳᠡ ᠤᠷᠳᠤ ᠤᠳᠠᠭᠠᠨ ᠲᠡᠤᠭᠡ᠎ᠲᠠᠢ ᠦᠨᠳᠦᠰᠦᠳᠡᠨ᠎ᠤ ᠪᠦᠯᠭᠦᠮᠳᠠᠯ ᠲᠠᠪᠱᠢᠯᠳᠠ᠎ᠶ᠋ᠢᠨ ᠦᠵᠡᠯ ᠰᠠᠨᠠᠭ᠎ᠠ᠎ᠶ᠋ᠢ ᠪᠠᠳᠠᠷᠠᠭᠤᠯᠪᠠ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠬᠢᠩᠭᠠᠨ ᠠᠢᠮᠠᠭ᠂ ᠬᠥᠯᠥᠨ ᠪᠤᠢᠷ ᠬᠤᠲᠠ᠂ ᠤᠷᠳᠤᠰ ᠬᠤᠲᠠ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠳᠤ ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ (ᠬᠤᠲᠠ) ᠎ᠢᠶᠠᠷ ᠨᠡᠷᠡᠢᠳᠦᠭ᠌ᠳᠡᠵᠦ᠍᠂ ᠪᠦᠬᠦ᠌ ᠤᠷᠤᠨ᠎ᠤ 51 ᠭᠠᠵᠠᠷ ᠤᠷᠤᠨ ᠪᠠ ᠨᠢᠭᠡᠴᠢ ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠤᠷᠤᠨ ᠪᠠ ᠵᠢᠱ᠌ᠢᠶ᠎ᠡ ᠦᠵᠡᠭᠦᠯᠬᠦ᠌ ᠨᠢᠭᠡᠴᠢ᠎ᠪᠠᠷ ᠨᠡᠷᠡᠢᠳᠦᠭ᠌ᠳᠡᠵᠦ᠍᠂ 327 ᠭᠠᠵᠠᠷ ᠤᠷᠤᠨ ᠪᠠ ᠨᠢᠭᠡᠴᠢ ᠪᠥᠬᠦ᠌ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠪᠠ ᠵᠢᠱ᠌ᠢᠶ᠎ᠡ ᠦᠵᠡᠭᠦᠯᠬᠦ᠌ ᠨᠢᠭᠡᠴᠢ᠎ᠪᠠᠷ ᠨᠡᠷᠡᠢᠳᠦᠭ᠌ᠳᠡᠪᠡ᠃ 27 ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ᠌᠂ 33 ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ ᠲᠦᠷᠦ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠬᠥᠬᠢᠭᠦᠯᠦᠯ ᠰᠠᠢᠱᠢᠶᠠᠯ᠎ᠢ ᠬᠦᠷᠲᠡᠪᠠ᠃

ᠡᠬᠡ ᠤᠯᠤᠰ᠎ᠤᠨ ᠳᠣᠮᠣ ᠭᠡᠷ ᠪᠦᠯᠢ᠎ᠶ᠋ᠢᠨ ᠳᠤᠯᠠᠭᠠᠨ ᠡᠯᠢᠭᠡᠨ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠲᠦ ᠢᠯᠠᠯᠲᠠ᠎ᠶ᠋ᠢ ᠣᠯᠵᠤ᠂ ᠲᠦᠢᠯ᠎ᠤᠨ ᠶᠠᠳᠠᠭᠤ ᠬᠦᠴᠢᠷᠳᠡᠯ᠎ᠠᠴᠠ ᠰᠠᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠲᠡᠢᠰᠢ ᠤᠷᠤᠭ᠍ᠰᠢᠯᠠᠵᠤ᠂ ᠣᠳᠣᠬᠢᠴᠢᠯᠠᠭ᠍ᠰᠠᠨ ᠥᠪᠥᠷ ᠮᠣᠩᠭᠤᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ ᠪᠠᠢᠭ᠎ᠠ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠬᠠᠷᠠᠯᠲᠠ ᠲᠡᠢᠰᠢ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ᠂ ᠡᠷᠡᠯᠬᠡᠭ᠌ᠯᠡᠨ ᠤᠷᠤᠭ᠍ᠰᠢᠯᠠᠨ᠎ᠠ᠃


  ᠦᠵᠡᠭ᠌ᠳᠡᠯ 1 —

 ᠰᠠᠢᠨ ᠳᠤᠷ᠎ᠠ᠎ᠶ᠋ᠢᠨ ᠦᠢᠯᠡᠴᠢᠯᠡᠭᠡ ᠪᠦᠯᠬᠦᠮᠳᠡᠨ ᠬᠠᠪᠰᠤᠷᠤᠯᠴᠠᠵᠤ ᠰᠡᠳᠭᠢᠯ ᠵᠢᠷᠦᠬᠡ᠎ᠪᠠᠨ ᠬᠤᠯᠪᠣᠬᠤ ᠬᠥᠭᠦᠷᠭᠡ᠎ᠶ᠋ᠢ ᠪᠣᠰᠭᠠᠨ᠎ᠠ


ᠬᠠᠪᠤᠷ᠎ᠤᠨ ᠲᠠᠷᠢᠶᠠᠯᠠᠭ᠎ᠠ᠎ᠶ᠋ᠢᠨ ᠴᠠᠭ᠎ᠲᠤ᠌᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠭᠤᠣᠯ᠎ᠤᠨ ᠪᠠᠢᠱᠢᠩ ᠪᠠᠯᠭᠠᠰᠤ᠎ᠶ᠋ᠢᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠦᠷᠳᠡᠭᠡ᠎ᠶ᠋ᠢᠨ ᠰᠠᠢᠨ ᠳᠤᠷᠠᠴᠤᠳ ᠠᠢᠯ ᠡᠷᠦᠬᠡ᠎ᠪᠠᠷ ᠭᠦᠨᠵᠡᠭᠡᠢᠷᠡᠵᠦ᠍᠂ ᠮᠠᠯᠴᠢᠨ ᠲᠠᠷᠢᠶᠠᠴᠢᠨ᠎ᠳᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ ᠬᠤᠳᠠᠯᠳᠤᠨ ᠠᠪᠬᠤ᠎ᠳᠤ ᠠᠩᠬᠠᠷᠬᠤ ᠵᠦᠢᠯ᠂ ᠲᠠᠷᠢᠶᠠᠯᠠᠩ᠎ᠤᠨ ᠮᠠᠱᠢᠨ ᠪᠠᠭᠠᠵᠢ᠎ᠶ᠋ᠢ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠵᠡᠷᠭᠡ ᠮᠡᠳᠡᠯᠭᠡ᠎ᠶ᠋ᠢ ᠲᠠᠢᠯᠪᠤᠷᠢᠯᠠᠵᠤ᠂ ᠲᠤᠬᠠᠢ᠎ᠶ᠋ᠢᠨ ᠲᠠᠯᠠᠪᠠᠢ᠎ᠳᠤᠨᠢ ᠵᠢᠭᠠᠨ ᠵᠢᠯᠤᠭᠤᠳᠪᠡ᠃

ᠬᠢᠩᠭᠠᠨ ᠠᠢᠮᠠᠭ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠨᠳᠦᠯᠡᠭ᠌ᠰᠡᠨ ᠭᠠᠵᠠᠷ ᠪᠣᠯᠣᠨ᠎ᠠ᠂ ᠣᠷᠳᠣ ᠬᠤᠭᠤᠴᠠᠭᠠᠨ᠎ᠤ ᠲᠤᠷᠰᠢ᠂ ᠬᠢᠩᠭᠠᠨ ᠠᠢᠮᠠᠭ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ᠎ᠢᠶᠠᠨ ᠪᠠᠳᠣᠯᠠᠭ᠍ᠰᠠᠭᠠᠷ ᠢᠷᠡᠭ᠌ᠰᠡᠨ ᠪᠥᠭᠡᠳ ᠬᠥᠮᠦᠰ᠎ᠤᠨ ᠰᠡᠳᠭᠢᠯ᠎ᠢ ᠨᠢᠭ᠍ᠲᠠᠷᠠᠭᠤᠯᠬᠤ᠂ ᠬᠦᠴᠦᠨ ᠴᠢᠳᠠᠯ᠎ᠢ ᠨᠢᠭ᠍ᠲᠠᠷᠠᠭᠤᠯᠬᠤ᠂ ᠡᠯ᠎ᠡ ᠵᠦᠶᠯ᠎ᠤᠨ ᠦᠶᠯᠡᠰ᠎ᠤᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠰᠠᠭᠤᠷᠢ ᠪᠣᠯᠭᠠᠭ᠍ᠰᠠᠨ ᠪᠠᠢᠨ᠎ᠠ᠃

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠳᠤᠮᠳᠠ᠂ ᠬᠢᠩᠭᠠᠨ ᠠᠢᠮᠠᠭ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠬᠠᠮᠢᠶᠠᠷᠤᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠪᠥᠬᠦ᠌ ᠠᠢᠮᠠᠭ᠎ᠤᠨ 4900 ᠭᠠᠷᠤᠶ ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠠᠩᠭᠢ᠎ᠶ᠋ᠢᠨ 12 ᠲᠦᠮᠡ ᠭᠠᠷᠤᠶ ᠰᠠᠢᠨ ᠳᠤᠷᠠᠴᠤᠳ᠎ᠲᠠᠭᠠᠨ ᠳᠦᠱᠢᠭ᠌ᠯᠡᠨ᠂ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠬᠠᠷᠢᠯᠴᠠᠨ ᠬᠠᠪᠰᠤᠷᠤᠯᠴᠠᠬᠤ ᠳᠤᠮᠳᠠ ᠵᠣᠯ ᠵᠢᠷᠭᠠᠯᠲᠤ ᠰᠠᠢᠨ ᠰᠠᠢᠬᠠᠨ ᠠᠮᠢᠳᠤᠷᠠᠯ᠎ᠢᠶᠠᠨ ᠬᠠᠮᠲᠤ᠎ᠪᠠᠷ ᠴᠣᠭ᠍ᠴᠠᠯᠠᠪᠠ᠃


  ᠦᠵᠡᠭ᠌ᠳᠡᠯ 2 —

 ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠨ᠎ᠡ


ᠣᠷᠴᠣᠨ᠎ᠤ ᠥᠪᠡᠷᠲᠡᠭᠡᠨ ᠵᠠᠰᠠᠬᠤ ᠬᠤᠱᠢᠭᠤᠨ᠎ᠤ ᠭᠦᠯᠢ ᠱᠢᠶᠠᠩ ᠪᠣᠯ ᠣᠷᠴᠣᠨ ᠦᠨᠳᠦᠰᠦᠲᠡᠨ᠎ᠤ ᠲᠥᠪᠯᠡᠷᠡᠨ ᠰᠠᠭᠤᠷᠢᠱᠢᠵᠤ ᠪᠠᠢᠭ᠎ᠠ ᠱᠢᠶᠠᠩ ᠪᠠᠯᠭᠠᠰᠤ᠎ᠶ᠋ᠢᠨ ᠨᠢᠭᠡ ᠪᠣᠯᠤᠨ᠎ᠠ᠃ ᠡᠮᠦᠨᠡᠭᠡᠨ᠂ ᠳᠣᠰ ᠱᠢᠶᠠᠩ᠎ᠤᠨ ᠳᠠᠷᠤᠭ᠎ᠠ ᠪᠠᠢ ᠫᠧᠩ ᠶᠢᠩ ᠲᠣᠰᠭᠤᠨ᠎ᠤ ᠠᠷᠠᠳ ᠭᠦᠸᠧ ᠴᠦᠨ ᠬᠠᠢ᠎ᠶ᠋ᠢᠨ ᠭᠡᠷ᠎ᠲᠤ ᠳᠠᠬᠢᠨᠲᠠ ᠬᠦᠷᠪᠡ᠃ ᠶᠠᠳᠠᠭᠤ᠎ᠠᠴᠠ᠎ᠪᠠᠨ ᠠᠩᠭᠢᠵᠢᠷᠠᠭ᠍ᠰᠠᠨ ᠭᠦᠸᠧ ᠴᠦᠨ ᠬᠠᠢ᠎ᠶ᠋ᠢ ᠭᠡᠷᠬᠢᠨ ᠨᠡᠩ ᠰᠠᠢᠲᠤᠷ ᠪᠠᠶᠠᠵᠢᠭᠤᠯᠬᠤ ᠲᠤᠬᠠᠢ ᠪᠠᠢ ᠫᠧᠩ ᠶᠢᠩ ᠨᠠᠷᠢᠨ ᠨᠢᠮᠪᠠᠢ ᠪᠣᠳᠣᠯᠬᠢᠯᠠᠬᠤ᠎ᠪᠠᠷ ᠳᠠᠮᠵᠢᠵᠦ᠍᠂ ᠡᠴᠦᠰ᠎ᠲᠡᠭᠡᠨ ᠭᠦᠸᠧ ᠴᠦᠨ ᠬᠠᠢ᠎ᠶ᠋ᠢ ᠲᠡᠵᠢᠭᠡᠪᠦᠷᠢ᠎ᠶ᠋ᠢᠨ ᠦᠢᠯᠡᠰ ᠡᠷᠬᠢᠯᠡᠭᠦᠯᠭᠦ᠎ᠪᠠᠷ ᠪᠤᠯᠪᠠ᠃

ᠬᠥᠯᠥᠨ ᠪᠤᠢᠷ ᠬᠤᠲᠠ ᠪᠣᠯ ᠨᠡᠢᠲᠡᠯᠢᠭ ᠦᠨᠳᠦᠰᠦᠲᠡᠨ᠎ᠤ ᠲᠣᠮᠣ ᠬᠤᠲᠠ ᠪᠣᠯᠣᠨ᠎ᠠ᠂ ᠳᠣᠰ ᠬᠤᠲᠠ᠎ᠳᠤ 42 ᠦᠨᠳᠦᠰᠦᠲᠡᠨ᠎ᠲᠠᠢ᠂ ᠴᠦᠬᠡᠨ ᠳᠣᠭᠠᠳᠣ ᠦᠨᠳᠦᠰᠦᠲᠡᠨ᠎ᠤ ᠬᠥᠮᠦᠨ ᠠᠮᠠ᠎ᠨᠢ ᠶᠡᠷᠦᠩᠬᠡᠶ ᠬᠥᠮᠦᠨ ᠠᠮᠠ᠎ᠶ᠋ᠢᠨ ᠬᠢᠨᠢ 20% ᠎ᠶ᠋ᠢ ᠡᠵᠡᠯᠡᠵᠦ᠍ ᠪᠣᠢ᠃ ᠪᠦᠬᠦ᠌ ᠤᠯᠤᠰ᠎ᠤᠨ 3 ᠴᠥᠭᠡᠨ ᠲᠣᠭᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠱᠢᠭᠤ ᠴᠥᠮ ᠬᠥᠯᠥᠨ ᠪᠤᠢᠷ ᠬᠤᠳᠠ᠎ᠳᠤ ᠪᠤᠢ; ᠪᠥᠬᠦ᠌ ᠣᠷᠣᠨ᠎ᠤ 19 ᠦᠨᠳᠦᠰᠦᠲᠡᠨ᠎ᠤ ᠱᠢᠶᠠᠩ (ᠰᠤᠮᠤ) ᠎ᠤᠨ 14 ᠎ᠨᠢ ᠬᠥᠯᠥᠨ ᠪᠤᠢᠷ ᠬᠤᠲᠠ᠎ᠳᠤ ᠪᠤᠢ; ᠤᠯᠤᠰ᠎ᠤᠨ ᠣᠨᠴᠠᠭᠠᠶ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠭᠥᠷᠳᠡᠵᠦ᠍ ᠪᠠᠢᠭ᠎ᠠ ᠬᠥᠮᠦᠨ ᠠᠮᠠ ᠴᠥᠭᠡᠪᠲᠦᠷ 28 ᠦᠨᠳᠦᠰᠦᠲᠡᠨ᠎ᠤ ᠳᠣᠳᠣᠷᠠᠬᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠴᠥᠭᠡᠪᠲᠦᠷ 4 ᠦᠨᠳᠦᠰᠦᠲᠡᠨ ᠴᠥᠮ ᠬᠥᠯᠥᠨ ᠪᠤᠢᠷ ᠬᠤᠲᠠ᠎ᠳᠤ ᠪᠠᠢᠨ᠎ᠠ᠃

 

 ᠦᠵᠡᠭ᠌ᠳᠡᠯ 3 —

 《ᠠᠨᠠᠷ᠎ᠤᠨ ᠦᠷ᠎ᠡ᠎ᠶ᠋ᠢᠨ ᠲᠠᠩᠭᠢᠮ》 ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ

 

ᠲᠦᠷᠦᠭᠦᠬᠡᠨ᠂ ᠪᠤᠭᠤᠲᠤ ᠬᠤᠲᠠ᠎ᠶ᠋ᠢᠨ ᠴᠢᠩᠱᠠᠨ ᠲᠣᠭᠤᠷᠢᠭ᠎ᠤᠨ ᠰᠠᠨ ᠱᠢᠩ ᠪᠠᠭ᠎ᠠ ᠰᠤᠷᠭᠠᠭᠤᠯᠢ᠎ᠶ᠋ᠢᠨ 《ᠠᠨᠠᠷ᠎ᠤᠨ ᠦᠷ᠎ᠡ᠎ᠶ᠋ᠢᠨ ᠲᠠᠩᠭᠢᠮ》 ᠎ᠳᠤ ᠠᠮᠢᠳᠤᠯᠢᠭ ᠮᠦᠷᠳᠡᠭᠡᠨ ᠡᠯᠪᠡᠭ ᠪᠠᠶᠠᠯᠢᠭ ᠠᠭᠤᠯᠭ᠎ᠠ ᠪᠦᠭᠦᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ ᠶᠠᠪᠤᠬ᠍ᠳᠠᠪᠠ᠃ ᠬᠢᠴᠢᠶᠡᠯ ᠳᠡᠭᠡᠷ᠎ᠡ᠂ ᠬᠡᠦᠬᠡᠳ᠎ᠤᠳ ᠥᠪᠡᠷ᠎ᠤᠨ ᠣᠢᠯᠠᠭᠠᠭ᠍ᠰᠠᠨ ᠦᠨᠳᠦᠰᠦᠲᠡᠨ᠎ᠨᠦᠭᠦᠳ᠎ᠤᠨ ᠠᠳᠠᠯᠢ ᠪᠤᠰᠤ ᠵᠠᠩ ᠵᠠᠩᠱᠢᠯ᠂ ᠰᠣᠶᠣᠯ ᠠᠷᠠᠨᠱᠢᠨ᠎ᠢ ᠬᠠᠮᠲᠤ ᠰᠤᠷᠤᠭ᠍ᠴᠢᠳ᠎ᠲᠠᠭᠠᠨ ᠵᠠᠷᠢᠵᠤ ᠥᠭ᠌ᠭᠦ᠎ᠳᠤ᠂ ᠮᠠᠨ᠎ᠤ ᠤᠯᠤᠰ᠎ᠤᠨ ᠦᠨᠳᠦᠰᠦᠲᠡᠨ᠎ᠨᠦᠭᠦᠳ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ᠂ ᠭᠠᠭ᠍ᠴᠠ ᠬᠦ᠌ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠨᠢᠭᠡ ᠭᠡᠷ᠎ᠤᠨ ᠬᠥᠮᠦᠰ ᠱᠢᠭ ᠲᠤᠳᠤᠨᠤ ᠪᠠᠢᠪᠠᠯ ᠰᠠᠢ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌》 ᠎ᠳᠤ ᠬᠦᠴᠦᠨ ᠴᠢᠳᠠᠯ᠎ᠢᠶᠠᠨ ᠡᠷᠭᠦᠵᠦ᠍ ᠴᠢᠳᠠᠨ᠎ᠠ ᠭᠡᠵᠦ᠍ ᠪᠠᠭ᠍ᠰᠢ᠎ᠨᠢ ᠲᠠᠢᠯᠪᠤᠷᠢᠯᠡᠨ ᠶᠠᠷᠢᠨ᠎ᠠ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠴᠢᠨᠠᠬ᠍ᠰᠢᠳᠠ ᠴᠢᠩᠭᠠᠳᠭᠠᠬᠤ᠎ᠶ᠋ᠢᠨ ᠲᠥᠯᠥᠭᠡ᠂ ᠪᠤᠭᠤᠲᠤ ᠬᠤᠲᠠ᠎ᠶ᠋ᠢᠨ ᠴᠢᠩᠱᠠᠨ ᠲᠣᠭᠤᠷᠢᠭ᠎ᠤᠨ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ ᠰᠠᠨ ᠱᠢᠩ ᠪᠠᠭ᠎ᠠ ᠰᠤᠷᠭᠠᠭᠤᠯᠢ᠎ᠳᠤ ᠰᠣᠶᠣᠯ ᠰᠤᠷᠭᠠᠨ ᠬᠥᠮᠦᠵᠢᠯ᠎ᠢ ᠤᠯᠠᠮᠵᠢᠯᠠᠨ ᠵᠠᠯᠭᠠᠮᠵᠢᠯᠠᠬᠤ ᠰᠠᠭᠤᠷᠢᠨ — — 《ᠠᠨᠠᠷ᠎ᠤᠨ ᠦᠷ᠎ᠡ᠎ᠶ᠋ᠢᠨ ᠲᠠᠩᠭᠢᠮ》 ᠪᠠᠢᠭᠤᠯᠪᠠ᠃ ᠣᠳᠣᠬᠠᠨ᠎ᠳᠤ᠂ ᠲᠤᠰ ᠲᠠᠩᠭᠢᠮ᠎ᠨᠢ ᠪᠠᠭ᠍ᠰᠢ ᠪᠣᠯᠤᠨ ᠬᠡᠦᠬᠡᠳ᠎ᠤᠳ᠎ᠤᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠱᠢᠯᠢᠳᠡᠭ ᠰᠣᠶᠣᠯ᠎ᠢ ᠬᠠᠷᠢᠯᠴᠠᠨ ᠰᠤᠯᠢᠯᠴᠠᠵᠦ᠍ ᠬᠠᠷᠢᠯᠴᠠᠨ ᠰᠤᠷᠤᠯᠴᠠᠬᠤ ᠴᠢᠬᠤᠯᠠ ᠲᠠᠯᠠᠪᠠᠢ ᠪᠣᠯᠤᠭ᠍ᠰᠠᠨ ᠪᠠᠢᠨ᠎ᠠ᠃

ᠱᠢᠨ᠎ᠡ ᠭᠠᠷᠤᠭ᠎ᠠ ᠳᠡᠭᠡᠷ᠎ᠡ᠎ᠠᠴᠠ ᠱᠢᠨ᠎ᠡ ᠠᠶᠠᠨ᠎ᠢᠶᠠᠨ ᠡᠬᠢᠯᠡᠭᠦᠯᠦᠨ᠎ᠡ᠃

ᠶᠡᠷᠦᠩᠬᠡᠢ ᠱᠦᠵᠢ ᠰᠢ᠎ᠶ᠋ᠢᠨ ᠫᠢᠩ᠎ᠤᠨ 《ᠦᠨᠳᠦᠰᠦᠲᠡᠨ᠎ᠨᠦᠭᠦᠳ ᠬᠠᠷᠢᠯᠴᠠᠨ ᠣᠢᠯᠠᠭᠠᠯᠴᠠᠵᠤ᠂ ᠬᠠᠷᠢᠯᠴᠠᠨ ᠬᠦᠨᠳᠦᠳᠭᠡᠵᠦ᠍᠂ ᠬᠠᠷᠢᠯᠴᠠᠨ ᠪᠠᠭ᠍ᠲᠠᠭᠠᠵᠤ᠂ ᠬᠠᠷᠢᠯᠴᠠᠨ ᠪᠠᠭ᠍ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌ ᠬᠡᠷᠡᠭ᠌ᠲᠡᠢ》 ᠭᠡᠰᠡᠨ ᠴᠢᠩ ᠰᠡᠳᠭᠢᠯ᠎ᠤᠨ ᠬᠦᠰᠡᠯ ᠨᠠᠢᠳᠠᠯᠭ᠎ᠠ ᠴᠢᠬᠢᠨ᠎ᠳᠤ ᠬᠠᠳᠠᠩᠱᠢᠭ᠍ᠰᠠᠭᠠᠷ᠃

ᠡᠬᠡ ᠤᠯᠤᠰ᠎ᠤᠨ ᠥᠨᠥᠳᠦᠷ᠎ᠤᠨ ᠴᠡᠴᠡᠭ᠌ᠯᠡᠯᠳᠡ ᠬᠥᠭ᠌ᠵᠢᠯᠳᠡ᠎ᠨᠢ ᠦᠨᠳᠦᠰᠦᠲᠡᠨ᠎ᠨᠦᠭᠦᠳ ᠪᠦᠯᠬᠦᠮᠳᠡᠨ ᠲᠡᠮᠡᠴᠡᠵᠦ᠍ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭ᠍ᠰᠠᠨ᠎ᠠᠴᠠ ᠰᠠᠯᠵᠤ ᠴᠢᠳᠠᠬᠤ ᠦᠭᠡᠢ᠃

ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠳᠦᠭᠡᠨ ᠪᠠᠢᠭᠤᠯᠬᠤ ᠱᠢᠨ᠎ᠡ ᠠᠶᠠᠨ ᠳᠡᠭᠡᠷ᠎ᠡ ᠮᠥᠨ ᠴᠦ᠍ ᠦᠨᠳᠦᠰᠦᠲᠡᠨ᠎ᠨᠦᠭᠦᠳ ᠪᠦᠯᠬᠦᠮᠳᠡᠨ ᠲᠡᠮᠡᠴᠡᠵᠦ᠍ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠎ᠠᠴᠠ ᠰᠠᠯᠵᠤ ᠴᠢᠳᠠᠬᠤ ᠦᠭᠡᠢ᠃

ᠤᠭ ᠰᠠᠨᠠᠭ᠎ᠠ᠎ᠪᠠᠨ ᠦᠯᠦ᠍ ᠮᠠᠷᠲᠠᠵᠤ ᠨᠠᠮ᠎ᠤᠨ ᠠᠴᠢ ᠡᠨᠡᠷᠢᠯ᠎ᠳᠤ ᠲᠠᠯᠠᠷᠬᠠᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠨᠠᠮ᠎ᠢᠶᠠᠨ᠎ᠲᠠᠭᠠᠨ ᠤᠷᠤᠬ᠍ᠰᠢᠯᠠᠨ᠎ᠠ! ᠡᠨᠡ ᠪᠣᠯ ᠳᠠᠷᠤᠢ ᠥᠪᠥᠷ ᠮᠣᠩᠭᠤᠯ᠎ᠤᠨ 2500 ᠲᠦᠮᠡᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠢᠳᠡ ᠬᠦᠴᠦᠲᠡᠢ ᠬᠠᠷᠢᠭᠤᠯᠲᠠ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号