ᠮᠠᠨ᠎ᠤ ᠤᠷᠤᠨ᠎ᠳᠤ 36 ᠴᠢᠯᠠᠭᠤᠨ ᠠᠭᠤᠢ᠎ᠶ᠋ᠢᠨ ᠰᠦᠮ᠎ᠠ ᠪᠤᠢ
2021-04-24 10:21:55
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠲᠣᠪᠴᠢᠶ᠎ᠠ ᠣᠷᠣᠨ᠎ᠤ ᠳᠣᠲᠣᠷᠠᠬᠢ ᠬᠠᠮᠢᠶ᠎ᠠ ᠪᠥᠬᠦᠶ ᠲᠤᠰᠭᠠᠶ ᠮᠡᠷᠭᠡᠵᠢᠯᠲᠡᠨ᠂ ᠲᠤᠰᠭᠠᠶ ᠪᠠᠢᠴᠠᠭᠠᠬᠤ ᠳᠤᠭᠤᠢᠯᠠᠩ᠎ᠤᠨ ᠬᠥᠮᠦᠰ᠎ᠢ ᠵᠣᠬᠢᠶᠠᠨ ᠪᠠᠢᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠠᠭᠤᠶ᠎ᠶ᠋ᠢᠨ ᠰᠦᠮ᠎ᠡ᠎ᠶ᠋ᠢᠨ ᠲᠤᠰᠭᠠᠶ ᠪᠠᠢᠴᠠᠭᠠᠯᠲᠠ᠎ᠶ᠋ᠢᠨ ᠮᠡᠳᠡᠭᠦᠯᠦᠯᠲᠡ》 ᠎ᠶ᠋ᠢ ᠬᠢᠨᠠᠨ ᠬᠠᠷᠭᠤᠭᠤᠯᠵᠤ ᠱᠢᠯᠭᠠᠨ ᠠᠪᠬᠤ ᠬᠤᠷᠠᠯ᠎ᠢ ᠬᠤᠷᠠᠯᠳᠤᠭᠤᠯᠪᠠ᠃

ᠲᠤᠰᠭᠠᠶ ᠮᠡᠷᠭᠡᠵᠢᠯᠲᠡᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠠᠭᠤᠶ᠎ᠶ᠋ᠢᠨ ᠰᠦᠮ᠎ᠡ (ᠬᠠᠲᠠᠨ ᠰᠡᠢᠯᠦᠮᠡᠯ ᠬᠥᠷᠥᠭ᠎ᠢ ᠪᠠᠭ᠍ᠲᠠᠭᠠᠨ᠎ᠠ) ᠎ᠶ᠋ᠢᠨ ᠲᠤᠰᠭᠠᠶ ᠪᠠᠢᠴᠠᠭᠠᠯᠲᠠ᠎ᠶ᠋ᠢᠨ ᠮᠡᠳᠡᠭᠦᠯᠦᠯᠲᠡ》 ᠵᠢᠴᠢ ᠰᠠᠭᠤᠷᠢ ᠮᠠᠲ᠋ᠧᠷᠢᠶᠠᠯ᠎ᠤᠨ ᠡᠮᠬᠢᠳᠭᠡᠯ ᠵᠡᠷᠭᠡ᠎ᠶ᠋ᠢ ᠬᠢᠨᠠᠨ ᠬᠠᠷᠭᠤᠭᠤᠯᠤᠭ᠍ᠰᠠᠨ᠎ᠤ ᠳᠠᠷᠠᠭ᠎ᠠ᠂ ᠲᠤᠰ ᠮᠡᠳᠡᠭᠦᠯᠦᠯᠲᠡ᠎ᠨᠢ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠲᠣᠪᠴᠢᠶ᠎ᠠ᠎ᠶ᠋ᠢᠨ ᠲᠣᠭ᠍ᠲᠠᠭᠠᠭ᠍ᠰᠠᠨ ᠵᠢᠱ᠌ᠢᠶ᠎ᠡ ᠪᠠ ᠠᠭᠤᠯᠭ᠎ᠠ᠎ᠶ᠋ᠢᠨ ᠱᠠᠭᠠᠷᠳᠠᠯᠭ᠎ᠠ᠎ᠳᠤ ᠨᠡᠢᠴᠡᠵᠦ᠍᠂ ᠪᠥᠬᠦ᠌ ᠣᠷᠣᠨ᠎ᠤ ᠴᠢᠯᠠᠭᠤᠨ ᠠᠭᠤᠶ᠎ᠶ᠋ᠢᠨ ᠰᠦᠮ᠎ᠡ᠎ᠶ᠋ᠢᠨ ᠰᠠᠭᠤᠷᠢ ᠲᠤᠭ᠎ᠠ᠎ᠶ᠋ᠢ ᠦᠨᠳᠦᠰᠦᠨ᠎ᠳᠡᠭᠡᠨ ᠲᠣᠳᠣᠷᠬᠠᠶ ᠣᠢᠯᠠᠭᠠᠨ᠂ ᠴᠢᠯᠠᠭᠤᠨ ᠠᠭᠤᠶ᠎ᠶ᠋ᠢᠨ ᠰᠦᠮ᠎ᠡ᠎ᠶ᠋ᠢ ᠬᠠᠮᠠᠭᠠᠯᠠᠨ ᠠᠱᠢᠬ᠍ᠯᠠᠵᠤ ᠪᠠᠢᠭ᠎ᠠ ᠣᠳᠣᠬᠢ ᠪᠠᠢᠳᠠᠯ᠎ᠢ ᠪᠥᠬᠦ᠌ ᠲᠠᠯ᠎ᠠ᠎ᠪᠠᠷ ᠣᠢᠯᠠᠭᠠᠵᠤ᠂ ᠲᠤᠭ᠎ᠠ ᠪᠠᠷᠢᠮᠲᠠ᠎ᠨᠢ ᠨᠡᠯᠢᠶᠡᠳ ᠨᠠᠷᠢᠨ ᠪᠣᠳᠠᠲᠠᠶ᠂ ᠲᠠᠷᠠᠭᠠᠴᠢ᠎ᠶ᠋ᠢᠨ ᠠᠯᠬᠤᠮ᠎ᠤᠨ ᠪᠥᠬᠦ᠌ ᠣᠷᠣᠨ᠎ᠤ ᠴᠢᠯᠠᠭᠤᠨ ᠠᠭᠤᠶ᠎ᠶ᠋ᠢᠨ ᠰᠦᠮ᠎ᠡ᠎ᠶ᠋ᠢ ᠬᠠᠮᠠᠭᠠᠯᠠᠨ ᠠᠱᠢᠬ᠍ᠯᠠᠬᠤ ᠠᠵᠢᠯ᠎ᠳᠤ ᠨᠡᠯᠢᠶᠡᠳ ᠰᠠᠢᠨ ᠰᠠᠭᠤᠷᠢ᠎ᠶ᠋ᠢ ᠬᠠᠩᠭᠠᠭ᠍ᠰᠠᠨ ᠪᠠᠢᠨ᠎ᠠ ᠭᠡᠪᠡ᠃

2020 ᠣᠨ᠎ᠤ 11 ᠰᠠᠷ᠎ᠠ᠎ᠠᠴᠠ᠂ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠲᠣᠪᠴᠢᠶ᠎ᠠ ᠴᠢᠯᠠᠭᠤᠨ ᠠᠭᠤᠶ᠎ᠶ᠋ᠢᠨ ᠰᠦᠮ᠎ᠡ ᠪᠠᠢᠳᠠᠭ ᠬᠠᠮᠢᠶ᠎ᠠ ᠪᠥᠬᠦᠶ ᠠᠢᠮᠠᠭ ᠬᠤᠲᠠ᠎ᠶ᠋ᠢᠨ᠎ᠬᠢᠨ᠎ᠢ ᠵᠣᠬᠢᠶᠠᠨ ᠪᠠᠢᠭᠤᠯᠵᠤ 4 ᠰᠠᠷ᠎ᠠ ᠱᠢᠬᠠᠮ᠎ᠤᠨ ᠴᠢᠯᠠᠭᠤᠨ ᠠᠭᠤᠶ᠎ᠶ᠋ᠢᠨ ᠰᠦᠮ᠎ᠡ᠎ᠶ᠋ᠢᠨ ᠲᠤᠰᠭᠠᠶ ᠪᠠᠢᠴᠠᠭᠠᠯᠲᠠ ᠥᠷᠨᠢᠭᠦᠯᠵᠦ᠍᠂ 2021 ᠣᠨ᠎ᠤ 3 ᠰᠠᠷ᠎ᠠ᠎ᠶ᠋ᠢᠨ ᠰᠡᠭᠦᠯᠴᠢ᠎ᠪᠠᠷ ᠬᠡᠭᠡᠷ᠎ᠡ᠎ᠶ᠋ᠢᠨ ᠪᠠᠢᠴᠠᠭᠠᠯᠲᠠ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠪᠡ᠃ ᠪᠠᠢᠴᠠᠭᠠᠯᠲᠠ᠎ᠪᠠᠷ ᠳᠠᠮᠵᠢᠨ᠂ ᠪᠥᠬᠦ᠌ ᠣᠷᠣᠨ᠎ᠳᠤ ᠣᠲᠣ ᠬᠠᠳᠠᠭᠠᠯᠠᠭ᠍ᠳᠠᠵᠤ ᠪᠠᠢᠭ᠎ᠠ ᠴᠢᠯᠠᠭᠤᠨ ᠠᠭᠤᠶ᠎ᠶ᠋ᠢᠨ ᠰᠦᠮ᠎ᠡ (ᠬᠠᠲᠠᠨ ᠰᠡᠢᠯᠦᠮᠡᠯ ᠬᠥᠷᠥᠭ᠎ᠢ ᠪᠠᠭ᠍ᠲᠠᠭᠠᠨ᠎ᠠ) 36 ᠪᠠᠢᠵᠤ᠂ ᠡᠭᠦᠨ᠎ᠳᠤ 3 ᠤᠯᠤᠰ᠎ᠤᠨ ᠲᠠᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠨᠢᠭᠡᠴᠢ᠂ 15 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠦᠬᠡ᠎ᠶ᠋ᠢᠨ ᠳᠤᠷᠠᠰᠭᠠᠯᠲᠤ  ᠵᠦᠢᠯᠡᠰ᠎ᠤᠨ ᠬᠠᠮᠠᠭᠠᠯᠠᠯᠲᠠ᠎ᠶ᠋ᠢᠨ ᠨᠢᠭᠡᠴᠢ ᠪᠠᠢᠵᠤ᠂ ᠭᠤᠤᠯᠳᠠᠭᠤ ᠬᠥᠬᠡᠬᠤᠲᠠ᠂ ᠪᠤᠭᠤᠲᠤ᠌᠂ ᠣᠷᠳᠣᠰ ᠵᠡᠷᠭᠡ 8 ᠠᠢᠮᠠᠭ ᠬᠤᠲᠠ᠎ᠳᠤ ᠲᠠᠷᠬᠠᠵᠤ ᠪᠠᠢᠳᠠᠭ᠎ᠢ ᠢᠯᠡᠷᠡᠭᠦᠯᠵᠦ᠍᠂ ᠡᠲᠡᠭᠡᠷ ᠴᠢᠯᠠᠭᠤᠨ ᠠᠭᠤᠶ᠎ᠶ᠋ᠢᠨ ᠰᠦᠮ᠎ᠡ᠎ᠨᠢ ᠢᠯᠡ ᠲᠣᠳᠣ ᠣᠷᠣᠨ ᠨᠤᠲᠤᠭ᠎ᠤᠨ ᠣᠨᠴᠠᠯᠢᠭ᠎ᠲᠠᠢ᠂ ᠲᠡᠦᠬᠡᠨ᠎ᠳᠠᠬᠢ ᠦᠨᠳᠦᠰᠦᠲᠡᠨ᠎ᠤ ᠭᠠᠵᠠᠷ ᠣᠷᠣᠨ ᠪᠣᠯᠤᠨ ᠵᠦᠩᠶᠤᠸᠠᠨ ᠣᠷᠣᠨ᠎ᠤ ᠣᠯᠠᠨ ᠤᠳᠠᠭ᠎ᠠ᠎ᠶ᠋ᠢᠨ ᠰᠣᠶᠣᠯ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠲᠤᠰᠭᠠᠵᠤ᠂ ᠴᠢᠬᠤᠯᠠ ᠲᠡᠦᠬᠡ᠎ᠶ᠋ᠢᠨ ᠪᠠ ᠤᠷᠠᠯᠢᠭ᠎ᠤᠨ ᠦᠨ᠎ᠡ ᠥᠷᠲᠡᠭ᠎ᠲᠠᠢ᠂ ᠣᠯᠠᠨ ᠡᠱᠢᠲᠦ ᠨᠢᠭᠡ ᠴᠣᠭ᠍ᠴᠠᠵᠢᠭ᠍ᠰᠠᠨ ᠱᠢᠯᠢᠳᠡᠭ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号