4 ᠰᠠᠷ᠎ᠠ᠎ᠶ᠋ᠢᠨ 23 ᠤ ᠡᠳᠦᠷ᠂ ᠬᠥᠬᠡᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠮᠠᠱᠢᠨ ᠲᠡᠷᠭᠡᠨ᠎ᠤ ᠬᠠᠮᠢᠶᠠᠷᠤᠯᠲᠠ᠎ᠶ᠋ᠢᠨ ᠭᠠᠵᠠᠷ᠎ᠢ ᠪᠥᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠡᠩᠨᠡᠭᠡ᠎ᠶ᠋ᠢᠨ ᠬᠥᠮᠦᠵᠢᠯ ᠴᠡᠭ᠌ᠴᠡᠯᠡᠯᠲᠡ᠎ᠶ᠋ᠢᠨ ᠠᠷᠬᠠᠭ ᠬᠡᠮ᠎ᠢ ᠲᠤᠰᠭᠠᠶ ᠴᠡᠭ᠌ᠴᠡᠯᠡᠨ ᠰᠠᠢᠵᠢᠷᠠᠭᠤᠯᠬᠤ ᠲᠤᠷᠱᠢᠯᠲᠠ᠎ᠶ᠋ᠢᠨ ᠴᠡᠭ ᠪᠣᠯᠭᠠᠬᠤ ᠠᠵᠢᠯ᠎ᠤᠨ ᠳᠠᠢᠴᠢᠯᠠᠯᠲᠠ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠵᠣ᠂ ᠬᠠᠮᠢᠶ᠎ᠠ ᠪᠦᠬᠦᠢ ᠠᠵᠢᠯ᠎ᠢ ᠳᠠᠢᠴᠢᠯᠠᠨ ᠪᠠᠢᠷᠢᠯᠠᠭᠤᠯᠪᠠ᠃
ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠠᠴᠠ ᠬᠥᠬᠡᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠮᠠᠱᠢᠨ ᠲᠡᠷᠭᠡᠨ᠎ᠤ ᠬᠠᠮᠢᠶᠠᠷᠤᠯᠲᠠ᠎ᠶ᠋ᠢᠨ ᠭᠠᠵᠠᠷ᠎ᠢ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠡᠩᠨᠡᠭᠡ᠎ᠶ᠋ᠢᠨ ᠠᠷᠬᠠᠭ ᠭᠡᠮ᠎ᠢ ᠲᠤᠰᠭᠠᠶ ᠴᠡᠭ᠌ᠴᠡᠯᠡᠨ ᠰᠠᠢᠵᠢᠷᠠᠭᠤᠯᠬᠤ 《ᠡᠭᠦᠳᠡ᠎ᠪᠠᠨ ᠨᠡᠭᠡᠭᠡᠵᠦ᠍ ᠴᠡᠭ᠌ᠴᠡᠯᠡᠨ ᠰᠠᠢᠵᠢᠷᠠᠭᠤᠯᠬᠤ》 ᠲᠤᠷᠱᠢᠯᠲᠠ᠎ᠶ᠋ᠢᠨ ᠴᠡᠭ᠎ᠤᠨ ᠪᠠᠢᠭᠤᠯᠭ᠎ᠠ ᠨᠢᠬᠡᠴᠢ᠎ᠪᠠᠷ ᠲᠤᠬ᠍ᠳᠠᠭᠠᠪᠠ᠃
ᠲᠤᠷᠱᠢᠯᠲᠠ᠎ᠶ᠋ᠢᠨ ᠴᠡᠭ᠎ᠤᠨ ᠠᠵᠢᠯ᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠤᠨ ᠬᠥᠮᠦᠵᠢᠯ ᠴᠡᠭ᠌ᠴᠡᠯᠡᠯᠲᠡ᠎ᠶ᠋ᠢᠨ ᠤᠳᠤᠷᠢᠳᠭᠤ ᠳᠤᠭᠤᠢᠯᠠᠩ᠎ᠤᠨ ᠠᠷᠬᠠᠭ ᠬᠡᠮ᠎ᠢ ᠲᠤᠰᠭᠠᠶ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠳᠤᠭᠤᠢᠯᠠᠩ᠎ᠤᠨ᠎ᠬᠢᠨ ᠬᠥᠬᠡᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠮᠠᠱᠢᠨ ᠲᠡᠷᠬᠡᠨ᠎ᠤ ᠬᠠᠮᠢᠶᠠᠷᠤᠯᠲᠠ᠎ᠶ᠋ᠢᠨ ᠭᠠᠵᠠᠷ᠎ᠲᠤ ᠣᠷᠣᠵᠤ ᠰᠠᠭᠤᠨ᠂ ᠬᠥᠬᠡᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠮᠠᠱᠢᠨ ᠲᠡᠷᠬᠡᠨ᠎ᠤ ᠬᠠᠮᠢᠶᠠᠷᠤᠯᠲᠠ᠎ᠶ᠋ᠢᠨ ᠭᠠᠵᠠᠷ᠂ ᠱᠢᠯᠭᠠᠯᠲᠠ᠎ᠶ᠋ᠢᠨ ᠲᠥᠪ᠎ᠤᠨ ᠪᠦᠬᠦ᠌ ᠴᠠᠬ᠍ᠳᠠᠭ᠎ᠠ᠎ᠶ᠋ᠢᠨ ᠣᠯᠠᠨ ᠲᠦᠮᠡᠨ᠎ᠤ ᠮᠠᠱᠢᠨ ᠲᠡᠷᠬᠡᠨ᠎ᠤ ᠬᠠᠮᠢᠶᠠᠷᠤᠯᠲᠠ᠎ᠶ᠋ᠢᠨ ᠲᠤᠬᠠᠢᠯᠠᠭ᠍ᠰᠠᠨ ᠠᠵᠢᠯ᠎ᠢ ᠭᠦᠢᠴᠡᠳᠭᠡᠬᠦ᠌ ᠶᠠᠪᠤᠴᠠ᠎ᠳᠤ ᠣᠪᠣᠷ᠎ᠨᠢ ᠪᠦᠳᠦᠭᠦᠯᠢᠭ᠂ ᠬᠦᠶᠲᠡᠮᠰᠦᠭ᠂ ᠬᠡᠭ᠌ᠵᠢᠭᠦᠨ ᠪᠠᠢᠵᠣ᠂ ᠠᠵᠤ ᠠᠬᠤᠢᠯᠠᠯ ᠵᠢᠴᠢ ᠣᠯᠠᠨ ᠲᠦᠮᠡᠨ᠎ᠤ ᠠᠱᠢᠭ ᠲᠤᠰᠠ᠎ᠶ᠋ᠢ ᠬᠤᠬᠢᠷᠠᠭᠤᠯᠤᠭ᠍ᠰᠠᠨ᠂ ᠲᠤᠱᠢᠶᠠᠯ᠎ᠤᠨ ᠳᠥᠭᠦᠮ᠎ᠢᠶᠠᠨ ᠠᠱᠢᠬ᠍ᠯᠠᠨ 《ᠪᠢᠯᠧᠲ ᠰᠠᠷᠢᠭᠠᠯᠠᠬ᠍ᠴᠢ》 《ᠬᠠᠷ᠎ᠠ ᠵᠠᠭᠤᠴᠢ》 ᠲᠠᠢ ᠰᠦᠯᠪᠡᠭᠡᠯᠡᠵᠦ᠍᠂ ᠬᠠᠤᠯᠢ᠎ᠠᠴᠠ ᠵᠥᠷᠢᠴᠡᠨ ᠫᠠᠢᠰᠠ ᠢᠯᠡᠷᠬᠡᠢᠯᠡᠯ᠎ᠤᠨ ᠲᠤᠬᠠᠢᠯᠠᠭ᠍ᠰᠠᠨ ᠠᠵᠢᠯ ᠬᠦᠢᠴᠡᠳᠭᠡᠭ᠌ᠰᠡᠨ ᠵᠡᠷᠬᠡ ᠬᠠᠤᠯᠢ ᠰᠠᠬᠢᠯᠭ᠎ᠠ᠎ᠠᠴᠠ ᠵᠦᠷᠢᠴᠡᠭ᠌ᠰᠡᠨ ᠠᠵᠢᠯᠯᠠᠭ᠎ᠠ᠎ᠶ᠋ᠢ ᠲᠤᠰᠭᠠᠬ᠍ᠰᠠᠨ ᠵᠠᠬᠢᠳᠠᠯ ᠤᠳᠠᠰᠤ᠎ᠶ᠋ᠢ ᠬᠦᠯᠢᠶᠡᠨ ᠠᠪᠴᠤ᠌ ᠱᠢᠢᠳᠪᠦᠷᠢᠯᠡᠬᠦ᠌ ᠪᠣᠯᠣᠨ᠎ᠡ᠃
ᠠᠵᠢᠯ᠎ᠤᠨ ᠳᠤᠭᠤᠢᠯᠠᠩ ᠣᠷᠣᠵᠤ ᠰᠠᠭᠤᠬᠤ ᠬᠤᠭᠤᠴᠠᠭᠠᠨ᠎ᠳᠤ ᠢᠯᠡᠴᠢᠯᠡᠨ ᠮᠡᠳᠡᠭᠦᠯᠬᠦ᠌ ᠤᠲᠠᠰᠤ᠂ ᠱᠢᠤᠳᠠᠨ᠎ᠤ ᠬᠠᠢᠷᠴᠠᠭ᠂ ᠡᠯᠧᠺᠲᠷᠣᠨ ᠱᠢᠤᠳᠠᠨ ᠬᠠᠢᠷᠴᠠᠭ ᠵᠢᠴᠢ ᠢᠯᠡᠴᠢᠯᠡᠨ ᠮᠡᠳᠡᠭᠦᠯᠬᠦ᠌ ᠵᠠᠬᠢᠳᠠᠯ᠎ᠤᠨ ᠬᠠᠢᠷᠴᠠᠭ ᠭᠠᠷᠭᠠᠨ᠎ᠠ᠂ ᠵᠠᠬᠢᠳᠠᠯ ᠤᠳᠠᠰᠤ᠎ᠶ᠋ᠢ ᠬᠦᠯᠢᠶᠡᠨ ᠠᠪᠴᠤ᠌ ᠱᠢᠢᠳᠪᠦᠷᠢᠯᠡᠬᠦ᠌ ᠴᠠᠬ᠎ᠨᠢ 2021 ᠣᠨ᠎ᠤ 5 ᠰᠠᠷ᠎ᠠ᠎ᠶ᠋ᠢᠨ 10 ᠤ ᠡᠳᠦᠷ ᠪᠤᠯᠳᠠᠯ᠎ᠠ ᠶᠠᠪᠤᠬ᠍ᠳᠠᠨ᠎ᠠ᠃
ᠣᠢᠯᠠᠭᠠᠭ᠍ᠰᠠᠨ᠎ᠢᠶᠠᠷ᠂ ᠲᠣᠰ ᠤᠳᠠᠭ᠎ᠠ᠎ᠶ᠋ᠢᠨ ᠡᠭᠦᠳᠡ᠎ᠪᠠᠨ ᠨᠡᠭᠡᠭᠡᠵᠦ᠍ ᠴᠡᠭ᠌ᠴᠡᠯᠡᠨ ᠰᠠᠢᠵᠢᠷᠠᠭᠤᠯᠬᠤ ᠲᠤᠷᠱᠢᠯᠲᠠ᠎ᠶ᠋ᠢᠨ ᠴᠡᠭ᠎ᠤᠨ ᠠᠵᠢᠯ᠎ᠨᠢ ᠨᠢᠭᠡ ᠰᠠᠷ᠎ᠠ᠎ᠶ᠋ᠢᠨ ᠬᠤᠭᠤᠴᠠᠭ᠎ᠠ᠎ᠲᠠᠢ ᠭᠤᠷᠪᠠᠨ ᠱᠠᠲᠤ ᠬᠤᠪᠢᠶᠠᠨ ᠶᠠᠪᠤᠬ᠍ᠳᠠᠨ᠎ᠠ᠃