4 ᠰᠠᠷ᠎ᠠ᠎ᠶ᠋ᠢᠨ 20 ᠤ ᠡᠳᠦᠷ᠂ ᠬᠥᠬᠡᠬᠤᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠬᠥᠬᠡᠬᠤᠲᠠ᠎ᠶ᠋ᠢᠨ ᠤᠳᠭ᠎ᠠ ᠤᠷᠠᠯᠢᠭ᠎ᠤᠨ᠎ᠬᠢᠨ᠎ᠤ ᠬᠤᠯᠪᠤᠭ᠎ᠠ᠎ᠠᠴᠠ ᠭᠤᠤᠯᠯᠠᠨ ᠡᠷᠭᠢᠯᠡᠭ᠌ᠰᠡᠨ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠎ᠶ᠋ᠢ ᠬᠠᠮᠲᠤ᠎ᠪᠠᠷ ᠲᠡᠷᠭᠡᠯᠱᠢᠭᠦᠯᠦᠶ᠎ᠡ — ᠬᠥᠬᠡᠬᠤᠲᠠ᠎ᠶ᠋ᠢᠨ ᠳᠥᠷᠪᠡᠳᠦᠭᠡᠷ ᠬᠤᠭᠤᠴᠠᠭᠠᠨ᠎ᠤ 9 ᠬᠤᠱᠢᠭᠤ ᠱᠢᠶᠠᠨ ᠲᠣᠭᠤᠷᠢᠭ᠎ᠤᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠭᠦᠯᠡᠩ》 ᠬᠥᠬᠡᠬᠤᠲᠠ᠎ᠶ᠋ᠢᠨ ᠦᠨᠳᠦᠰᠦᠲᠡᠨ᠎ᠤ ᠤᠷᠠᠨ ᠵᠢᠷᠤᠭ᠎ᠤᠨ ᠣᠷᠳᠣᠨ᠎ᠳᠤ ᠡᠬᠢᠯᠡᠵᠦ᠍᠂ ᠦᠵᠡᠰᠭᠦᠯᠡᠩ᠎ᠨᠢ 5 ᠰᠠᠷ᠎ᠠ᠎ᠶ᠋ᠢᠨ 16 ᠤ ᠡᠳᠦᠷ ᠪᠤᠯᠲᠠᠯ᠎ᠠ ᠶᠠᠪᠤᠬ᠍ᠳᠠᠬᠤ ᠪᠤᠯᠤᠨ᠎ᠠ᠃
ᠬᠥᠬᠡᠬᠤᠲᠠ᠎ᠶ᠋ᠢᠨ ᠦᠨᠳᠦᠰᠦᠲᠡᠨ᠎ᠤ ᠤᠷᠠᠨ ᠵᠢᠷᠤᠭ᠎ᠤᠨ ᠣᠷᠳᠣᠨ ᠡᠨᠡ ᠵᠢᠯ᠎ᠤᠨ 3 ᠰᠠᠷ᠎ᠠ᠎ᠶ᠋ᠢᠨ 15 ᠤ ᠡᠳᠦᠷ᠎ᠠᠴᠠ ᠡᠬᠢᠯᠡᠨ ᠬᠥᠬᠡᠬᠤᠲᠠ᠎ᠶ᠋ᠢᠨ 9 ᠬᠤᠱᠢᠭᠤ ᠱᠢᠶᠠᠨ ᠲᠣᠭᠤᠷᠢᠭ᠎ᠲᠤ ᠬᠠᠨᠳᠤᠭᠤᠯᠤᠨ ᠰᠦᠯᠵᠢᠶᠡᠨ ᠳᠡᠭᠡᠷ᠎ᠡ ᠡᠬᠡ ᠪᠢᠴᠢᠭ ᠡᠯᠰᠡᠵᠦ᠍᠂ 4 ᠰᠠᠷ᠎ᠠ᠎ᠶ᠋ᠢᠨ 5 ᠤ ᠡᠳᠦᠷ ᠪᠣᠯᠲᠠᠯ᠎ᠠ ᠨᠡᠢᠲᠡ 400 ᠭᠠᠷᠤᠶ ᠪᠦᠲᠦᠭᠡᠯ ᠡᠯᠰᠡᠵᠦ᠍᠂ ᠠᠩᠬᠠᠨ᠎ᠤ ᠰᠣᠩᠭᠤᠯᠲᠠ᠂ ᠳᠠᠬᠢᠨ ᠰᠣᠩᠭᠤᠯᠲᠠ᠎ᠪᠠᠷ ᠳᠡᠮᠵᠢᠨ᠂ 100 ᠪᠦᠲᠦᠭᠡᠯ᠎ᠢ ᠰᠣᠩᠭᠤᠵᠤ ᠣᠯᠠᠨ ᠨᠡᠢᠲᠡ᠎ᠳᠤ ᠳᠡᠯᠭᠡᠨ ᠦᠵᠡᠭᠦᠯᠪᠡ᠃
ᠲᠣᠰ ᠦᠵᠡᠰᠭᠦᠯᠡᠩ᠎ᠨᠢ ᠳᠤᠮᠳᠠᠳᠤ᠎ᠶ᠋ᠢᠨ ᠤᠯᠠᠮᠵᠢᠯᠠᠯᠲᠤ ᠤᠷᠠᠨ ᠪᠢᠴᠢᠯᠭᠡ ᠤᠷᠠᠨ ᠵᠢᠷᠤᠭ᠎ᠤᠨ ᠤᠷᠠᠯᠢᠭ᠎ᠤᠨ ᠢᠯᠡᠳᠭᠡᠬᠦ᠌ ᠬᠡᠯᠪᠡᠷᠢ᠎ᠪᠠᠷ ᠳᠠᠮᠵᠢᠭᠤᠯᠤᠨ᠂ ᠬᠦᠬᠡᠬᠤᠲᠠ᠎ᠶ᠋ᠢᠨ ᠦᠷᠬᠡᠨ ᠤᠯᠠᠨ ᠲᠦᠮᠡᠨ᠎ᠤ ᠡᠪ ᠬᠠᠮᠲᠤ ᠨᠠᠮ᠎ᠢᠶᠠᠨ ᠬᠠᠢᠷᠠᠯᠠᠬᠤ ᠰᠡᠳᠭᠢᠯᠭᠡ᠎ᠶ᠋ᠢ ᠢᠯᠡᠳᠭᠡᠨ᠂ ᠳᠤᠮᠳᠠᠳᠤ᠎ᠶ᠋ᠢᠨ ᠦᠨᠳᠦᠰᠦᠲᠡᠨ᠎ᠤ ᠤᠯᠠᠮᠵᠢᠯᠠᠯᠲᠤ ᠰᠣᠶᠣᠯ᠎ᠤᠨ ᠤᠬᠢ ᠰᠤᠳᠤᠨ ᠤᠷᠠᠨ ᠵᠢᠷᠤᠭ ᠤᠷᠠᠨ ᠪᠢᠴᠢᠯᠬᠡ᠎ᠪᠠᠷ ᠳᠠᠮᠵᠢᠭᠤᠯᠤᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠦᠭ᠌ᠰᠡᠨ ᠲᠡᠮᠡᠴᠡᠯ᠎ᠤᠨ ᠥᠩᠭᠡᠷᠡᠯᠲᠡ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠭᠤᠤ ᠭᠠᠪᠢᠶ᠎ᠠ ᠠᠤᠭ᠎ᠠ ᠵᠢᠳᠬᠦᠯ᠎ᠢ ᠮᠠᠭ᠍ᠲᠠᠨ ᠳᠠᠭᠤᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠢᠳᠡᠪᠬᠢᠳᠠᠢ ᠦᠢᠯᠡᠳᠦᠯ ᠦᠵᠡᠭᠦᠯᠬᠦ᠌᠎ᠶ᠋ᠢ ᠵᠤᠷᠢᠪᠠ᠃