● ᠠᠵᠤ ᠦᠢᠯᠡᠰ᠎ᠤᠨ ᠪᠦᠲᠦᠴᠡ᠎ᠶ᠋ᠢ ᠱᠢᠯᠢᠳᠡᠭ᠌ᠵᠢᠭᠦᠯᠤᠨᠠ
● ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠤᠨᠳᠤᠤᠱᠢᠭᠤᠯᠬᠤ ᠨᠣᠷᠮ᠎ᠠ᠎ᠶ᠋ᠢ ᠳᠡᠭᠡᠭ᠌ᠰᠢᠯᠡᠭᠦᠯᠤᠨ᠎ᠠ
● ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠳᠤ ᠬᠦᠴᠦᠳᠦ ᠲᠤᠯᠭᠠᠭᠤᠷᠢᠯᠠᠯ ᠬᠠᠩᠭᠠᠨ᠎ᠠ
ᠮᠠᠨ᠎ᠤ ᠤᠷᠤᠨ ᠠᠵᠤ ᠦᠢᠯᠡᠰ᠎ᠤᠨ ᠪᠦᠲᠦᠴᠡ᠎ᠶ᠋ᠢ ᠱᠢᠯᠢᠳᠡᠭ᠌ᠵᠢᠭᠦᠯᠬᠦ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠤᠨᠳᠤᠤᠱᠢᠭᠤᠯᠬᠤ ᠨᠣᠷᠮ᠎ᠠ᠎ᠶ᠋ᠢ ᠳᠡᠭᠡᠭ᠌ᠰᠢᠯᠡᠭᠦᠯᠬᠦ᠌᠎ᠪᠠᠷ ᠲᠠᠮᠵᠢᠨ᠂ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰ᠎ᠤᠨ ᠬᠡᠯᠬᠢᠶ᠎ᠡ᠎ᠶ᠋ᠢ ᠲᠠᠰᠤᠷᠠᠯᠲᠠ ᠥᠬᠡᠶ ᠤᠷᠲᠤᠳᠭᠠᠵᠤ᠂ ᠲᠠᠷᠢᠶᠠᠯᠠᠩ ᠮᠠᠯᠵᠢᠯ᠎ᠤᠨ ᠲᠠᠯᠠᠪᠠᠶ᠎ᠠᠴᠠ ᠬᠤᠭᠤᠯᠠᠨ ᠱᠢᠷᠡᠭᠡᠨ᠎ᠳᠤ ᠭᠠᠷᠬᠤ ᠪᠤᠯᠳᠠᠯᠠᠬᠢ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠱᠢᠰᠲ᠋ᠧᠮ᠎ᠢ ᠪᠠᠢᠭᠤᠯᠵᠤ᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠳᠤ ᠬᠦᠴᠦᠳᠦ ᠲᠤᠯᠭᠠᠭᠤᠷᠢᠯᠠᠯ ᠬᠠᠩᠭᠠᠨ᠎ᠠ᠃
《ᠤᠯᠠᠭᠠᠨ ᠯᠠᠵᠤᠤ᠎ᠶ᠋ᠢᠨ ᠬᠤᠳᠠ》 ᠬᠡᠮᠡᠬᠦ᠌ ᠰᠠᠢᠬᠠᠨ ᠠᠯᠳᠠᠷᠲᠠᠢ ᠺᠠᠢᠯᠤ ᠱᠢᠶᠠᠨ ᠤᠢ᠍ᠢᠷ᠎ᠠ᠎ᠶ᠋ᠢᠨ ᠵᠢᠯ᠎ᠠᠴᠠ ᠤᠯᠠᠭᠠᠨ ᠯᠠᠵᠤᠤ᠎ᠶ᠋ᠢᠨ ᠠᠵᠤ ᠦᠢᠯᠡᠰ᠎ᠢᠶᠠᠷ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠲᠠᠪᠠᠭᠤᠯᠢᠭ ᠤᠨᠴᠠᠯᠢᠭ᠍ᠳᠤ ᠠᠵᠤ ᠦᠢᠯᠡᠰ ᠪᠤᠯᠭᠠᠵᠤ᠂ ᠤᠯᠠᠭᠠᠨ ᠯᠠᠵᠤᠤ ᠲᠠᠷᠢᠬᠤ ᠲᠠᠯᠠᠪᠠᠢ᠎ᠶ᠋ᠢ 60 ᠲᠦᠮᠡᠨ ᠮᠦ᠍ ᠤᠷᠴᠢᠮ᠎ᠳᠤ ᠲᠣᠭ᠍ᠲᠠᠪᠤᠷᠢᠵᠢᠭᠤᠯᠵᠤ᠂ ᠵᠢᠯ᠎ᠳᠤ 30 ᠳ᠋ᠦᠩᠱᠢᠭᠤᠷ ᠵᠢᠩ ᠯᠠᠵᠤᠤ ᠦᠢᠯᠡᠳᠪᠦᠷᠢᠯᠡᠵᠦ᠍᠂ ᠭᠠᠷᠤᠯᠲᠠ᠎ᠨᠢ ᠪᠦᠬᠦ᠌ ᠤᠯᠤᠰ᠎ᠤᠨ 22% ᠢ ᠡᠵᠡᠯᠡᠵᠡᠢ᠃ ᠺᠠᠢᠯᠦ᠍ ᠱᠢᠶᠠᠨ ᠤᠯᠠᠭᠠᠨ ᠯᠠᠵᠤᠤ᠎ᠶ᠋ᠢᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠪᠠᠷ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠱᠢᠪᠲᠤᠯᠤᠯᠲᠠ᠎ᠶ᠋ᠢᠨ ᠴᠡᠭ ᠪᠣᠯᠭᠠᠵᠤ᠂ ᠭᠤᠣᠯᠳᠠᠭᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠢᠯᠡᠴᠢᠯᠡᠬᠦ᠂ ᠲᠦᠷᠦ᠎ᠶ᠋ᠢᠨ ᠪᠤᠳᠤᠯᠭ᠎ᠠ᠎ᠪᠠᠷ ᠬᠦᠳᠦᠯᠥᠨ ᠵᠢᠯᠣᠭᠤᠳᠭᠤ᠂ ᠠᠵᠤ ᠦᠢᠯᠡᠰ᠎ᠤᠨ ᠬᠡᠯᠬᠢᠶ᠎ᠠ᠎ᠶ᠋ᠢ ᠤᠷᠲᠤᠳᠭᠠᠬᠤ᠂ ᠠᠷᠭ᠎ᠠ ᠵᠠᠮ᠎ᠤᠨ ᠱᠢᠨ᠎ᠡ᠎ᠶ᠋ᠢ ᠡᠭᠦᠳᠬᠦ᠌ 《ᠳᠦᠷᠪᠡ᠎ᠶ᠋ᠢ ᠪᠡᠶᠡᠯᠡᠭᠦᠯᠬᠦ᠌》 ᠪᠠᠷ ᠳᠠᠮᠵᠢᠨ᠂ ᠤᠯᠠᠭᠠᠨ ᠯᠠᠵᠤᠤ᠎ᠶ᠋ᠢᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠮᠠᠯᠴᠢᠨ ᠲᠠᠷᠢᠶᠠᠴᠢᠳ᠎ᠢ ᠠᠵᠤ ᠦᠢᠯᠡᠰ᠎ᠤᠨ ᠬᠡᠯᠬᠢᠶ᠎ᠡ᠎ᠳᠤ ᠣᠷᠣᠭᠤᠯᠵᠤ᠂ ᠤᠷᠤᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠯ᠎ᠤᠨ ᠵᠠᠮ᠎ᠢᠶᠠᠷ ᠲᠠᠭᠠᠭᠤᠯᠵᠡᠢ᠃
ᠮᠠᠨ᠎ᠤ ᠤᠷᠤᠨ ᠪᠠᠰᠠ ᠮᠠᠯ ᠠᠵᠤ ᠠᠬᠤᠶ ᠲᠠᠷᠢᠶᠠᠯᠠᠩ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ᠂ ᠲᠠᠭᠠᠭᠤᠯᠤᠭ᠍ᠴᠢ ᠠᠵᠤ ᠠᠬᠤᠢᠯᠠᠯ᠂ ᠲᠤᠰᠭᠠᠶ ᠬᠤᠷᠱᠢᠶ᠎ᠠ ᠵᠡᠷᠭᠡ ᠱᠢᠨ᠎ᠡ᠎ᠪᠠᠷ ᠪᠣᠶ ᠪᠣᠯᠤᠭ᠍ᠰᠠᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠲᠡᠳᠬᠦᠨ ᠪᠤᠵᠠᠭᠠᠢᠷᠠᠭᠤᠯᠬᠤ ᠡᠷᠴᠢᠮ᠎ᠢᠶᠠᠨ ᠴᠢᠩᠭᠠᠷᠠᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠰᠠᠢᠳᠤᠷ ᠡᠳ᠋ᠱᠢᠬᠦᠯᠬᠦ᠌᠎ᠶ᠋ᠢ ᠠᠬᠢᠭᠤᠯᠤᠨ᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠵᠤ᠂ ᠮᠠᠯ ᠠᠵᠤ ᠠᠬᠤᠶ ᠲᠠᠷᠢᠶᠠᠯᠠᠩ᠎ᠤᠨ ᠲᠠᠭᠠᠭᠤᠯᠤᠭ᠍ᠴᠢ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠳᠠᠷᠢᠵᠤ ᠲᠡᠵᠢᠭᠡᠨ ᠦᠷᠡᠵᠢᠭᠦᠯᠬᠦ᠌᠎ᠠᠴᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠢᠯᠡᠳᠪᠦᠷᠢᠯᠡᠵᠦ᠍ ᠡᠳ᠋ᠱᠢᠭᠦᠯᠦᠨ ᠪᠣᠷᠣᠯᠠᠭᠤᠯᠬᠤ ᠬᠦᠷᠳᠡᠯᠡᠬᠢ ᠠᠵᠤ ᠦᠢᠯᠡᠰ᠎ᠤᠨ ᠬᠡᠯᠬᠢᠶ᠎ᠡ᠎ᠶ᠋ᠢᠨ ᠡᠯ᠎ᠡ ᠭᠤᠭ᠍ᠴᠤᠭ᠎ᠠ᠎ᠶ᠋ᠢ ᠨᠢᠭ᠍ᠲᠠ ᠵᠣᠯᠭᠠᠭᠤᠯᠵᠤ᠂ ᠠᠵᠤ ᠦᠢᠯᠡᠰᠵᠢᠭ᠌ᠰᠡᠨ ᠬᠤᠯᠪᠣᠭᠠᠲᠤ ᠴᠣᠭ᠍ᠴᠠ᠎ᠶ᠋ᠢ ᠪᠠᠢᠭᠤᠯᠪᠠ᠃
ᠪᠠᠶᠠᠨᠨᠠᠭᠤᠷ ᠬᠤᠳᠠ᠎ᠶ᠋ᠢᠨ ᠦᠶᠤᠸᠠᠨ ᠱᠢᠶᠠᠨ᠎ᠤ ᠷᠦᠨ ᠬᠠᠢ ᠶᠤᠸᠠᠨ ᠠᠵᠤ ᠦᠢᠯᠡᠰ᠎ᠤᠨ ᠬᠢᠵᠠᠭᠠᠷᠳᠤ ᠺᠤᠮᠫᠠᠨᠢ᠎ᠶ᠋ᠢᠨ ᠲᠡᠵᠢᠭᠡᠨ ᠦᠷᠡᠵᠢᠭᠦᠯᠬᠦ᠌ ᠲᠠᠯᠠᠪᠠᠢ᠎ᠨᠢ ᠲᠤᠮᠳᠠᠴᠢ᠎ᠪᠠᠷ ᠮᠢᠨᠦ᠋ᠲ ᠪᠦᠷᠢ᠎ᠳᠤ 70 ᠴᠤᠷᠪᠠᠭ᠎ᠠ ᠨᠡᠪᠴᠢᠭᠦᠯᠳᠡᠭ᠃ ᠲᠠᠷᠢᠬᠤ᠂ ᠬᠦᠮᠦᠷᠭᠡᠯᠡᠬᠦ᠂ ᠪᠤᠷᠳᠤᠭ᠎ᠠ ᠪᠤᠯᠪᠠᠰᠤᠷᠠᠭᠤᠯᠬᠤ᠂ ᠨᠡᠪᠴᠢᠭᠦᠯᠬᠦ᠂ ᠲᠡᠵᠢᠭᠡᠨ ᠦᠷᠡᠵᠢᠭᠦᠯᠬᠦ᠂ ᠠᠯᠠᠵᠤ ᠨᠢᠳᠤᠯᠬᠤ᠎ᠠᠴᠠ ᠠᠪᠤᠭᠠᠳ ᠪᠤᠷᠤᠯᠠᠭᠤᠯᠬᠤ ᠬᠦᠷᠳᠡᠯ᠎ᠠ᠂ ᠨᠢᠭᠡᠨ ᠪᠦᠷᠢᠨ ᠪᠦᠳᠦᠨ ᠠᠵᠤ ᠦᠢᠯᠡᠰ᠎ᠤᠨ ᠬᠡᠯᠬᠢᠶ᠎ᠠ᠎ᠨᠢ ᠬᠦᠷᠢᠶᠡᠯᠡᠩ ᠲᠤᠭᠤᠷᠢᠭ᠎ᠲᠤ ᠲᠤᠭᠤᠱᠢᠯᠠᠭ᠍ᠳᠠᠵᠤ᠂ ᠠᠵᠤ ᠦᠢᠯᠡᠰᠵᠢᠯᠳᠡ᠎ᠶ᠋ᠢᠨ ᠬᠤᠯᠪᠤᠭᠠᠳᠤ ᠴᠤᠭ᠍ᠴᠠ ᠪᠤᠯᠤᠨ ᠪᠦᠷᠢᠯᠳᠦᠵᠡᠢ᠃ ᠡᠳᠦᠷ ᠪᠦᠷᠢ 10 ᠲᠦᠮᠡ ᠭᠠᠷᠤᠢ ᠴᠤᠷᠪᠠᠭ᠎ᠠ ᠠᠳᠡ ᠨᠡᠪᠴᠢᠵᠦ᠍ ᠭᠠᠷᠬᠤ᠎ᠶ᠋ᠢᠨ ᠬᠠᠮᠳᠤ 10 ᠲᠦᠮᠡᠨ ᠮᠢᠬᠠᠨ᠎ᠤ ᠲᠠᠬᠢᠶ᠎ᠠ᠎ᠶ᠋ᠢ ᠪᠦᠬᠦᠨ᠎ᠢ ᠠᠦ᠋ᠲ᠋ᠣᠴᠢᠯᠠᠨ ᠨᠢᠳᠤᠯᠵᠤ ᠪᠤᠯᠪᠠᠰᠤᠷᠠᠭᠤᠯᠬᠤ᠎ᠪᠠᠷ ᠲᠠᠮᠵᠢᠨ ᠪᠦᠬᠦ᠌ ᠤᠯᠤᠰ᠎ᠤᠨ ᠡᠯ᠎ᠠ ᠭᠠᠵᠠᠷ᠎ᠲᠤ ᠪᠤᠷᠤᠯᠠᠭᠤᠯᠵᠤ᠂ ᠵᠢᠯ᠎ᠤᠨ ᠦᠢᠯᠡᠳᠭᠦᠨ᠎ᠤ ᠦᠷᠳᠡᠭ᠎ᠨᠢ 150 ᠳ᠋ᠦᠩᠱᠢᠭᠤᠷ ᠲᠦᠭᠦᠷᠢᠭ᠎ᠲᠤ ᠬᠦᠷᠴᠦ᠍᠂ ᠲᠤᠬᠠᠢ᠎ᠶ᠋ᠢᠨ ᠭᠠᠵᠠᠷ᠎ᠤᠨ 1 ᠲᠦᠮᠡ ᠭᠠᠷᠤᠢ ᠬᠦᠮᠦᠨ᠎ᠢ ᠲᠠᠢᠴᠢᠯᠠᠨ ᠠᠵᠢᠯ ᠤᠯᠭᠤᠵᠠᠢ᠃
ᠤᠢ᠍ᠢᠯᠠᠭᠠᠭ᠍ᠰᠠᠨ᠎ᠢᠶᠠᠷ᠂ ᠲᠤᠰ ᠺᠤᠮᠫᠠᠨᠢ᠎ᠨᠢ ᠪᠦᠬᠦ᠌ ᠠᠵᠤ ᠦᠢᠯᠡᠰ᠎ᠤᠨ ᠬᠡᠯᠬᠢᠶ᠎ᠠ᠎ᠳᠤ 30 ᠲᠦᠮᠡᠨ ᠮᠦ᠍ ᠭᠠᠵᠠᠷ ᠱᠢᠷᠤᠢ᠎ᠶ᠋ᠢ ᠱᠢᠯᠵᠢᠭᠦᠯᠦᠨ ᠲᠦᠷᠢᠶᠡᠰᠦᠯᠡᠵᠦ᠍ ᠡᠷᠳᠡᠨᠢ ᠱᠢᠰᠢ ᠲᠠᠷᠢᠵᠤ᠂ ᠪᠠᠰᠠ 80 ᠲᠦᠮᠡᠨ ᠲᠤᠨ᠎ᠤ ᠪᠤᠷᠳᠤᠭ᠎ᠠ ᠪᠤᠯᠪᠠᠰᠤᠷᠠᠭᠤᠯᠬᠤ ᠦᠢᠯᠡᠳᠪᠦᠷᠢ ᠪᠠᠢᠭᠤᠯᠵᠤ᠂ 300 ᠲᠦᠮᠡᠨ ᠡᠭᠦᠯᠳᠡᠷ᠎ᠤᠨ ᠲᠠᠬᠢᠶ᠎ᠠ᠂ 1.8 ᠳ᠋ᠦᠩᠱᠢᠭᠤᠷ ᠴᠤᠷᠪᠠᠭ᠎ᠠ ᠲᠡᠵᠢᠭᠡᠬᠦ᠌ ᠦᠢᠯᠡᠳᠪᠦᠷᠢᠯᠡᠯ᠎ᠤᠨ ᠴᠢᠳᠠᠪᠤᠷᠢ᠎ᠲᠠᠢ ᠪᠤᠯᠵᠠᠢ᠃ ᠤᠳᠤᠬᠠᠨ᠎ᠳᠤ ᠲᠤᠰ ᠺᠤᠮᠫᠠᠨᠢ᠎ᠶ᠋ᠢᠨ ᠦᠢᠯᠡᠳᠪᠦᠷᠢᠯᠡᠯ᠎ᠤᠨ ᠴᠢᠳᠠᠪᠤᠷᠢ᠎ᠨᠢ ᠲᠤᠮᠳᠠᠳᠤ ᠤᠯᠤᠰ᠎ᠤᠨ ᠪᠠᠷᠠᠭᠤᠨ ᠪᠡᠶ᠎ᠠ᠎ᠶ᠋ᠢᠨ ᠭᠠᠵᠠᠷ ᠤᠷᠤᠨ᠎ᠤ ᠲᠦᠷᠦᠭᠦᠨ᠎ᠳᠤ ᠤᠷᠤᠵᠤ᠂ ᠦᠢᠯᠡᠳᠭᠦᠨ᠎ᠢᠶᠠᠨ ᠪᠦᠬᠦ᠌ ᠤᠯᠤᠰ᠎ᠤᠨ ᠡᠯ᠎ᠠ ᠮᠤᠵᠢ ᠤᠷᠤᠨ᠎ᠳᠤ ᠪᠤᠷᠤᠯᠠᠭᠤᠯᠬᠤ᠎ᠶ᠋ᠢ ᠪᠦᠬᠦ᠌ ᠲᠠᠯ᠎ᠠ᠎ᠪᠠᠷ ᠬᠠᠮᠤᠷᠤᠭᠤᠯᠤᠬ᠍ᠰᠡᠨ ᠪᠠᠢᠨ᠎ᠠ᠃
ᠪᠦᠬᠦ᠌ ᠠᠵᠤ ᠦᠢᠯᠡᠰ᠎ᠤᠨ ᠬᠡᠯᠬᠢᠶ᠎ᠠ᠎ᠶ᠋ᠢᠨ ᠱᠢᠰᠲ᠋ᠧᠮ᠎ᠨᠢ ᠮᠠᠯ ᠠᠵᠤ ᠠᠬᠤᠢ ᠲᠠᠷᠢᠶᠠᠯᠠᠩ᠎ᠤᠨ ᠬᠦᠭ᠌ᠵᠢᠯᠳᠡ ᠪᠤᠯᠤᠨ ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢᠨ ᠨᠡᠮᠡᠭ᠌ᠳᠡᠯ᠎ᠢ ᠨᠡᠩ ᠠᠬᠢᠭᠤᠯᠵᠤ᠂ ᠪᠦᠬᠦ᠌ ᠤᠷᠤᠨ᠎ᠳᠤ ᠣᠳᠣᠬᠠᠨ᠎ᠳᠤ ᠨᠢᠭᠡᠨᠲᠡ ᠮᠢᠬᠠᠨ᠎ᠤ ᠦᠬᠡᠷ᠂ ᠮᠢᠬᠠᠨ᠎ᠤ ᠬᠤᠨᠢ᠂ ᠡᠯᠳᠡᠪ ᠠᠮᠤ ᠪᠤᠷᠴᠠᠭ᠂ ᠨᠡᠷᠡᠨ ᠬᠤᠸᠠᠷ᠂ ᠲᠥᠮᠥᠰᠥ᠍ ᠵᠡᠷᠭᠡ 12 ᠲᠥᠷᠥᠯ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ ᠪᠦᠷᠢᠯᠳᠦᠭᠦᠯᠪᠡ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠤᠷᠤᠨ ᠮᠠᠯ ᠠᠵᠤ ᠠᠬᠤᠶ ᠲᠠᠷᠢᠶᠠᠯᠠᠩ᠎ᠤᠨ ᠣᠷᠣᠨ ᠪᠦᠰᠡ᠎ᠶ᠋ᠢᠨ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠤᠰᠤ ᠬᠦᠷᠦᠰᠦ ᠵᠡᠷᠭᠡ ᠮᠠᠯ ᠠᠵᠤ ᠠᠬᠤᠶ ᠲᠠᠷᠢᠶᠠᠯᠠᠩ᠎ᠤᠨ ᠡᠬᠢ ᠪᠠᠶᠠᠯᠢᠭ᠎ᠤᠨ ᠰᠤᠷᠪᠤᠯᠵᠢ ᠪᠠ ᠬᠠᠷᠢᠴᠠᠩᠭᠤᠢ ᠳᠠᠪᠠᠭᠤᠯᠢᠭ᠎ᠲᠤ ᠰᠠᠭᠤᠷᠢᠯᠠᠨ᠂ ᠮᠠᠯ ᠠᠵᠤ ᠠᠬᠤᠶ ᠲᠠᠷᠢᠶᠠᠯᠠᠩ᠎ᠤᠨ ᠦᠢᠯᠡᠳᠪᠦᠷᠢᠯᠡᠯ᠎ᠢ ᠳᠠᠪᠠᠭᠤᠯᠢᠭ ᠭᠠᠷᠤᠯᠲᠠ᠎ᠶ᠋ᠢᠨ ᠣᠷᠣᠨ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠵᠤ᠂ ᠳᠠᠪᠠᠭᠤᠯᠢᠭ ᠣᠷᠣᠨ ᠪᠦᠰᠡ᠎ᠶ᠋ᠢᠨ ᠪᠠᠢᠷᠢᠱᠢᠭᠤᠯᠤᠯᠲᠠ ᠪᠠ ᠲᠤᠰᠭᠠᠢᠵᠢᠭ᠍ᠰᠠᠨ ᠦᠢᠯᠡᠳᠪᠦᠷᠢᠯᠡᠯ᠎ᠤᠨ ᠪᠠᠢᠷᠢᠱᠢᠯ᠎ᠢ ᠪᠠᠢᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠭᠤᠨ ᠮᠠᠯᠵᠢᠬᠤ ᠤᠷᠤᠨ᠎ᠤ ᠲᠢᠩᠬᠢᠮ᠎ᠤᠨ ᠬᠤᠶᠠᠳᠤᠭᠠᠷ ᠳᠡᠰ᠎ᠤᠨ ᠲᠣᠭᠤᠷᠢᠨ ᠪᠠᠢᠴᠠᠭᠠᠭ᠍ᠴᠢ ᠸᠠᠩ ᠢᠦᠶ ᠹᠧᠩ᠄ 《ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠎ᠢ ᠠᠭᠤᠰᠤᠯᠴᠠᠭᠤᠯᠤᠨ ᠬᠥᠭ᠌ᠵᠢᠭᠦᠯᠬᠦ᠌᠎ᠪᠠᠷ ᠭᠤᠤᠯ ᠪᠣᠯᠭᠠᠵᠤ᠂ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯᠳᠠᠯᠭ᠎ᠠ᠎ᠲᠠᠢ ᠱᠢᠶᠠᠨ ᠲᠤᠭᠤᠷᠢᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠵᠤ᠂ ᠥᠷᠲᠡᠭ᠎ᠤᠨ ᠬᠡᠯᠬᠢᠶ᠎ᠡ᠎ᠶ᠋ᠢ ᠳᠡᠭᠡᠭ᠌ᠰᠢᠯᠡᠭᠦᠯᠵᠦ᠍᠂ 〈ᠠᠷᠪᠠᠨ ᠳᠥᠷᠪᠡᠳᠦᠭᠡᠷ ᠲᠠᠪᠤᠨ ᠵᠢᠯ〉 ᠤᠨ ᠡᠴᠤᠰ ᠪᠣᠯᠬᠤ᠎ᠳᠤ᠂ ᠪᠦᠭᠦ᠌ ᠤᠷᠤᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠣᠨᠳᠣᠣᠱᠢᠭᠤᠯᠬᠤ ᠨᠣᠷᠮ᠎ᠠ᠎ᠶ᠋ᠢ 80% ᠳᠤ ᠬᠦᠷᠭᠡᠬᠦ᠌᠎ᠪᠠᠷ ᠴᠢᠷᠮᠠᠢᠨ᠎ᠠ》 ᠭᠡᠵᠦ᠍ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠶᠠᠷᠢᠵᠤ ᠪᠠᠢᠯ᠎ᠠ᠃