ᠲᠦᠩᠯᠢᠶᠣᠤ ᠬᠤᠲᠠ ᠪᠥᠬᠦ᠌ ᠠᠷᠠᠳ᠎ᠤᠨ ᠠᠯᠪᠠᠨ ᠵᠢᠷᠤᠮ᠎ᠤᠨ ᠥᠢᠵᠢᠭᠤᠯᠤᠯᠲᠠ᠎ᠶ᠋ᠢᠨ ᠠᠵᠢᠯᠯᠠᠭ᠎ᠠ ᠥᠷᠨᠢᠭᠦᠯᠥᠯ᠎ᠡ
2021-04-27 09:05:19
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 26 ᠎ᠤ ᠦᠳᠡ᠎ᠶ᠋ᠢᠨ ᠡᠮᠦᠨ᠎ᠡ᠂ ᠲᠥᠩᠯᠢᠶᠤᠤ ᠬᠤᠲᠠ᠎ᠶ᠋ᠢᠨ ᠨᠠᠮ ᠵᠠᠰᠠᠭ ᠴᠡᠷᠢᠭ᠎ᠤᠨ ᠤᠳᠤᠷᠢᠳᠤᠯᠭ᠎ᠠ ᠬᠤᠷᠴᠢᠨ ᠵᠡᠭᠦᠨ ᠭᠠᠷᠤᠨ ᠬᠤᠢᠲᠤ ᠬᠤᠱᠢᠭᠤᠨ᠎ᠤ ᠨᠤᠭᠤᠰᠤᠲᠠᠶ ᠪᠠᠯᠭᠠᠰᠤᠨ᠎ᠤ ᠠᠯᠪᠠᠨ ᠵᠢᠷᠤᠮ᠎ᠤᠨ ᠥᠢᠵᠢᠭᠤᠯᠤᠯᠲᠠ᠎ᠶ᠋ᠢᠨ ᠰᠠᠭᠤᠷᠢᠨ᠎ᠳᠤ ᠬᠦᠷᠴᠦ᠍᠂ ᠳᠤᠰ ᠬᠤᠲᠠ᠎ᠶ᠋ᠢᠨ ᠺᠠᠳ᠋ᠷ ᠣᠯᠠᠨ ᠲᠦᠮᠡᠨ᠎ᠲᠠᠢ ᠬᠠᠮᠲᠤ ᠠᠯᠪᠠᠨ ᠵᠢᠷᠤᠮ᠎ᠤᠨ ᠥᠢᠵᠢᠭᠤᠯᠤᠯᠲᠠ᠎ᠶ᠋ᠢᠨ ᠠᠵᠢᠯᠯᠠᠭ᠎ᠠ᠎ᠳᠤ ᠣᠷᠣᠯᠴᠠᠪᠠ᠃


QQ图片20210427083625.png


ᠥᠢᠵᠢᠭᠤᠯᠤᠯᠲᠠ᠎ᠶ᠋ᠢᠨ ᠠᠬᠤᠶ ᠲᠠᠯᠠᠪᠠᠶ᠎ᠳᠤ ᠬᠥᠷ ᠬᠥᠭ᠌ᠵᠢᠶᠡᠨ᠎ᠢᠶᠠᠷ ᠪᠢᠯᠬᠠᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠬᠦᠷᠵᠡ ᠠᠳᠭᠤᠨ ᠱᠢᠷᠣᠶ ᠨᠡᠮᠡᠵᠦ᠍᠂ ᠵᠠᠢᠯᠠᠬ᠍ᠰᠠᠨ ᠮᠤᠳᠤ᠎ᠪᠠᠨ ᠤᠰᠤᠯᠠᠨ᠂ ᠣᠯᠠᠨ᠎ᠢᠶᠠᠷ᠎ᠢᠶᠠᠨ ᠬᠥᠴᠥᠨ᠎ᠢᠶᠠᠨ ᠬᠠᠮᠳᠤᠳᠭᠠᠨ ᠬᠠᠷᠢᠯᠴᠠᠨ ᠬᠠᠮᠵᠢᠯᠴᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠳᠤ ᠨᠢᠭᠡᠨ ᠬᠤᠪᠢ ᠬᠠᠷᠢᠭᠤᠴᠠᠯᠭ᠎ᠠ ᠪᠠ ᠬᠦᠴᠦᠨ ᠴᠢᠳᠠᠯ᠎ᠢᠶᠠᠨ ᠡᠷᠭᠦᠵᠦ᠍᠂ ᠡᠬᠡ ᠪᠠᠢᠭᠠᠯᠢ᠎ᠳᠤ ᠨᠢᠭᠡᠨ ᠬᠤᠪᠢ ᠨᠣᠭᠤᠭᠠᠨ ᠥᠩᠭᠡ ᠨᠡᠮᠡᠷᠢᠯᠡᠵᠤ ᠪᠠᠢᠯ᠎ᠠ᠃

ᠰᠤᠷᠪᠤᠯᠵᠢᠯᠠᠭ᠍ᠴᠢ᠎ᠶ᠋ᠢᠨ ᠤᠢ᠂ ᠨᠠᠮ᠎ᠤᠨ ᠭᠡᠱᠢᠭᠦᠨ᠎ᠤ ᠤᠢ᠂ ᠡᠮᠴᠢ ᠰᠤᠪᠢᠯᠠᠭ᠍ᠴᠢ᠎ᠶ᠋ᠢᠨ ᠤᠢ᠂ ᠴᠡᠷᠢᠭ ᠴᠠᠭ᠍ᠳᠠᠭ᠎ᠠ᠎ᠶ᠋ᠢᠨ ᠤᠢ᠂ ᠡᠮᠡᠭ᠌ᠲᠡᠢᠴᠦᠳ᠎ᠤᠨ ᠤᠢ ᠵᠡᠷᠭᠡ ᠫᠠᠢᠰᠠ ᠢᠯᠡᠷᠭᠡᠢᠯᠡᠯ᠎ᠲᠠᠢ ᠥᠢᠵᠢᠭᠤᠯᠤᠯᠲᠠ᠎ᠶ᠋ᠢᠨ ᠭᠠᠵᠠᠷ᠎ᠲᠤ ᠡᠯ᠎ᠡ ᠱᠢᠰᠲ᠋ᠧᠮ᠎ᠤᠨ ᠺᠠᠳ᠋ᠷ ᠠᠵᠢᠯᠳᠠᠨ ᠬᠠᠳᠠᠭᠤ ᠴᠠᠭᠠᠨ᠂ ᠭᠤᠤᠯᠳᠤ ᠪᠤᠷᠤ ᠵᠡᠷᠭᠡ ᠥᠵᠡᠮᠵᠢ᠎ᠶ᠋ᠢᠨ ᠮᠤᠳᠤᠳ᠎ᠢ ᠵᠠᠢᠯᠠᠵᠤ᠂ ᠡᠭᠡᠷᠡᠮ᠎ᠡ ᠡᠯᠡᠰᠥᠨ᠎ᠳᠤ ᠡᠳᠡᠭᠡᠳ ᠥᠵᠡᠮᠵᠢ ᠪᠤᠯᠵᠤ ᠬᠠᠷᠠᠬ᠍ᠳᠠᠨ᠎ᠠ᠃ ᠲᠤᠰ ᠤᠳᠠᠭ᠎ᠠ᠎ᠶ᠋ᠢᠨ ᠥᠢᠵᠢᠭᠤᠯᠤᠯᠲᠠ᠎ᠶ᠋ᠢᠨ ᠠᠵᠢᠯᠯᠠᠭ᠎ᠠ᠎ᠳᠤ ᠲᠥᠩᠯᠢᠶᠤᠤ ᠬᠤᠲᠠ᠎ᠶ᠋ᠢᠨ ᠳᠥᠷᠪᠡᠨ ᠪᠠᠬ᠎ᠤᠨ ᠤᠳᠤᠷᠢᠳᠥᠯᠭ᠎ᠠ᠂ ᠴᠡᠷᠢᠭ᠎ᠤᠨ ᠬᠤᠪᠢᠶᠠᠷᠢ ᠲᠣᠭᠤᠷᠢᠭ᠎ᠤᠨ ᠪᠠᠢᠭᠤᠯᠭ᠎ᠠ᠎ᠶ᠋ᠢᠨ ᠺᠠᠳ᠋ᠷ ᠠᠵᠢᠯᠲᠠᠨ᠂ ᠵᠡᠪᠰᠡᠭ᠌ᠲᠦ ᠴᠠᠭ᠍ᠳᠠᠭ᠎ᠠ᠎ᠶ᠋ᠢᠨ ᠰᠠᠯᠪᠤᠷᠢ ᠠᠩᠭᠢ᠂ ᠲᠤᠰ ᠬᠤᠲᠠ᠎ᠶ᠋ᠢᠨ ᠣᠢ ᠱᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠂ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠪᠣᠯᠤᠨ ᠬᠤᠷᠴᠢᠨ ᠵᠡᠭᠦᠨ ᠭᠠᠷᠤᠨ ᠬᠤᠢᠲᠤ ᠬᠤᠱᠢᠭᠤᠨ᠎ᠤ ᠺᠠᠳ᠋ᠷ ᠣᠯᠠᠨ ᠲᠦᠮᠡᠨ ᠵᠡᠷᠭᠡ 800 ᠭᠠᠷᠤᠶ ᠬᠥᠮᠦᠨ ᠣᠷᠣᠯᠴᠠᠵᠤ᠂ ᠨᠡᠢᠲᠡ 4200 ᠭᠠᠷᠤᠶ ᠰᠠᠭᠤᠷᠢ ᠴᠢᠬᠢ ᠮᠣᠳᠣ ᠵᠠᠢᠯᠠᠬ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号