ᠱᠢᠮᠡᠯᠢᠭ ᠬᠥᠷᠥᠰᠥᠨ᠎ᠳᠤ ᠦᠨᠳᠦᠰᠦᠯᠡᠵᠦ᠍ ᠣᠯᠠᠨ ᠲᠦᠮᠡᠨ᠎ᠳᠤ ᠦᠢᠯᠡᠴᠢᠯᠡᠨ᠎ᠡ
2021-04-28 10:41:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 

ᠦᠭᠡ᠎ᠶ᠋ᠢᠨ ᠲᠡᠭᠦᠪᠦᠷᠢ —

ᠤᠯᠠᠭᠠᠨᠮᠥ᠋ᠴᠢᠷ᠎ᠤᠨ ᠦᠨᠢᠲᠡ᠎ᠶ᠋ᠢᠨ ᠦᠷᠨᠢᠩᠭᠦᠢ ᠬᠦᠭ᠌ᠵᠢᠯᠲᠡ᠎ᠨᠢ ᠠᠷᠠᠳ ᠲᠦᠮᠡᠨ ᠤᠷᠠᠯᠢᠭ᠎ᠢ ᠭᠡᠷᠡᠭ᠌ᠰᠡᠨ᠎ᠠ᠂ ᠤᠷᠠᠯᠢᠭ ᠴᠤ᠌ ᠠᠷᠠᠳ ᠲᠦᠮᠡᠨ᠎ᠢ ᠭᠡᠷᠡᠭ᠌ᠰᠡᠨ᠎ᠠ ᠭᠡᠳᠡᠭ᠎ᠢ ᠬᠠᠷᠠᠭᠤᠯᠵᠤ ᠪᠤᠢ᠃ ᠱᠢᠨ᠎ᠡ ᠴᠠᠭ ᠦᠶ᠎ᠡ᠎ᠳᠤ ᠲᠠ ᠨᠠᠷ᠎ᠤᠨ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠤᠯᠠᠭᠠᠨᠮᠥ᠋ᠴᠢᠷ᠎ᠤᠨ ᠱᠢᠯᠢᠳᠡᠭ ᠤᠯᠠᠮᠵᠢᠯᠠᠯ᠎ᠢ ᠶᠡᠭᠡ᠎ᠪᠠᠷ ᠪᠠᠳᠠᠷᠠᠭᠤᠯᠤᠨ᠂ ᠠᠮᠢᠳᠤᠷᠠᠯ᠎ᠤᠨ ᠱᠢᠮᠡᠯᠢᠭ ᠬᠥᠷᠥᠰᠥᠨ᠎ᠳᠤ ᠦᠨᠳᠦᠰᠦᠯᠡᠵᠦ᠍᠂ ᠮᠠᠯᠴᠢᠨ ᠲᠦᠮᠡᠨ᠎ᠳᠤ ᠦᠢᠯᠡᠴᠢᠯᠡᠵᠦ᠍᠂ ᠤᠳᠭ᠎ᠠ ᠤᠷᠠᠯᠢᠭ᠎ᠤᠨ ᠱᠢᠨ᠎ᠡ ᠡᠭᠦᠳᠦᠯᠲᠡ᠎ᠶ᠋ᠢ ᠠᠬᠢᠭᠤᠯᠵᠤ᠂ ᠣᠯᠠᠨ ᠲᠦᠮᠡᠨ᠎ᠲᠠᠢ ᠣᠢᠷᠠᠲᠤᠭ᠍ᠰᠠᠨ᠂ ᠣᠯᠠᠨ ᠲᠦᠮᠡᠨ᠎ᠤ ᠳᠤᠮᠳᠠ ᠳᠡᠯᠭᠡᠷᠡᠵᠦ᠍ ᠲᠠᠭᠠᠱᠢᠶᠠᠭ᠍ᠳᠠᠭ᠍ᠰᠠᠨ ᠱᠢᠯᠢᠳᠡᠭ ᠪᠦᠲᠦᠭᠡᠯ᠎ᠢ ᠨᠡᠩ ᠤᠯᠠᠨ ᠵᠤᠬᠢᠶᠠᠨ ᠪᠦᠲᠦᠭᠡᠬᠦ᠌᠎ᠪᠠᠷ ᠴᠢᠷᠮᠠᠢᠵᠤ᠂ ᠥᠨᠢ ᠡᠭᠦᠷᠢᠳᠡ ᠲᠠᠯ᠎ᠠ ᠨᠤᠲᠤᠭ᠎ᠤᠨ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ     ᠴᠡᠷᠢᠭ》 ᠪᠣᠯᠬᠤ᠎ᠶ᠋ᠢ ᠬᠦᠰᠡᠵᠦ᠍ ᠪᠠᠢᠨ᠎ᠠ᠃

— ᠶᠡᠷᠦᠩᠬᠡᠶ ᠱᠦᠵᠢ ᠰᠢ᠎ᠶ᠋ᠢᠨ ᠫᠢᠩ᠎ᠤᠨ 2017 ᠣᠨ᠎ᠤ 11 ᠰᠠᠷ᠎ᠠ᠎ᠶ᠋ᠢᠨ 21 ᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠭᠡᠱᠢᠭᠦᠳ᠎ᠲᠤ ᠢᠯᠡᠭᠡᠭ᠌ᠰᠡᠨ ᠬᠠᠷᠢᠭᠤ ᠵᠠᠬᠢᠳᠠᠯ᠎ᠠᠴᠠ ᠬᠡᠰᠡᠭ᠌ᠯᠡᠪᠡ


ᠤᠯᠠᠭᠠᠨᠮᠥ᠋ᠴᠢᠷ᠎ᠨᠢ ᠠᠮᠢᠳᠤᠷᠠᠯ ᠪᠠ ᠣᠯᠠᠨ ᠲᠦᠮᠡᠨ᠎ᠲᠠᠢ ᠣᠢᠷᠠᠲᠤᠵᠤ᠂ ᠤᠯᠠᠨ᠎ᠤ ᠬᠦᠷᠢᠶᠡᠯᠡᠯ᠎ᠢ ᠮᠠᠰᠢ ᠰᠠᠢᠨ ᠤᠯᠵᠤ ᠪᠠᠢᠨ᠎ᠠ᠂ ᠣᠯᠠᠨ ᠲᠦᠮᠡᠨ ᠦᠵᠡᠵᠦ᠍ ᠰᠣᠨᠣᠰᠭᠤ ᠳᠤᠷᠠᠲᠠᠶ ᠪᠠᠢᠨ᠎ᠠ᠂ ᠡᠭᠦᠷᠢᠲᠡ ᠴᠠᠭ ᠦᠶ᠎ᠡ᠎ᠠᠴᠠ ᠬᠤᠵᠢᠭᠤᠳᠠᠬᠤ ᠥᠬᠡᠶ ᠶᠤᠮ᠃ ᠱᠢᠨ᠎ᠡ ᠴᠠᠭ ᠦᠶ᠎ᠡ᠎ᠳᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ᠎ᠳᠤ ᠤᠳᠭ᠎ᠠ ᠤᠷᠠᠯᠢᠭ᠎ᠨᠢ ᠠᠷᠠᠳ ᠲᠦᠮᠡᠨ᠎ᠳᠤ ᠦᠢᠯᠡᠴᠢᠯᠡᠬᠦ᠂ ᠨᠡᠢᠭᠡᠮ ᠵᠢᠷᠤᠮ᠎ᠳᠤ ᠦᠢᠯᠡᠴᠢᠯᠡᠬᠦ᠌ ᠴᠢᠭ᠌ᠯᠡᠯ᠎ᠢ ᠪᠠᠷᠢᠮᠲᠠᠯᠠᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠳᠤ ᠱᠢᠭᠤᠳ ᠦᠢᠯᠡᠴᠢᠯᠡᠬᠦ᠌ ᠤᠳᠭ᠎ᠠ ᠤᠷᠠᠯᠢᠭ᠎ᠤᠨ ᠠᠵᠢᠯᠯᠠᠭ᠎ᠠ᠎ᠶ᠋ᠢ ᠢᠳᠡᠪᠬᠢᠲᠡᠢ ᠲᠡᠮᠵᠢᠵᠦ᠍ ᠳᠡᠯᠭᠡᠷᠡᠭᠦᠯᠬᠦ᠌ ᠬᠡᠷᠡᠭ᠌ᠲᠡᠢ᠃

— ᠶᠡᠷᠦᠩᠬᠡᠶ ᠱᠦᠵᠢ ᠰᠢ᠎ᠶ᠋ᠢᠨ ᠫᠢᠩ᠎ᠤᠨ 2019 ᠣᠨ᠎ᠤ 7 ᠰᠠᠷ᠎ᠠ᠎ᠳᠤ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠡ

 

ᠠᠷᠠᠳ ᠲᠦᠮᠡᠨ ᠪᠠᠢᠬᠤ ᠭᠠᠵᠠᠷ ᠪᠤᠯ ᠳᠠᠷᠤᠶ ᠲᠤᠭ᠍ᠯᠠᠯᠲᠠ᠎ᠶ᠋ᠢᠨ ᠲᠠᠢᠰᠠ ᠮᠥᠨ; ᠬᠠᠮᠢᠭ᠎ᠠ ᠬᠡᠷᠡᠭ᠌ᠴᠡᠭᠡ᠎ᠲᠠᠢ ᠪᠣᠯ ᠲᠡᠨᠳᠡ ᠦᠢᠯᠡᠴᠢᠯᠡᠭᠡ᠎ᠪᠠᠨ ᠬᠦᠷᠭᠡᠨ᠎ᠡ᠃

ᠥᠪᠥᠷ ᠮᠣᠩᠭᠤᠯ᠎ᠤᠨ ᠲᠠᠯ᠎ᠠ ᠨᠤᠲᠤᠭ᠎ᠤᠨ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠪᠣᠯᠤᠭ᠍ᠰᠠᠨ᠎ᠤ ᠬᠤᠪᠢ᠎ᠳᠤ᠂ ᠤᠯᠠᠭᠠᠨᠮᠥ᠋ᠴᠢᠷ᠎ᠤᠨ᠎ᠬᠢᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠨ᠂ ᠪᠥᠬᠦ᠌ ᠰᠡᠳᠭᠢᠯ ᠪᠥᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ  ᠦᠢᠯᠡᠴᠢᠯᠡᠬᠦ᠌ ᠵᠣᠷᠢᠯᠲᠠ᠎ᠶ᠋ᠢ ᠢᠮᠠᠭ᠍ᠲᠠ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠌ ᠣᠢᠯᠠᠭᠠᠭ᠍ᠳᠠᠬᠤᠨ᠎ᠢ ᠪᠠᠷᠢᠮᠲᠠᠯᠠᠭ᠍ᠰᠠᠭᠠᠷ ᠢᠷᠡᠪᠡ᠃ 《ᠤᠯᠠᠭᠠᠨ ᠨᠢᠯᠬ᠎ᠠ ᠮᠦᠴᠢᠷ》 ᠭᠠᠵᠠᠷ ᠪᠣᠯᠭᠠᠨ᠎ᠳᠤ ᠴᠡᠴᠡᠭ᠌ᠯᠡᠨ ᠵᠢᠮᠢᠰᠯᠡᠵᠦ᠍᠂ ᠰᠣᠶᠣᠯ᠎ᠤᠨ ᠴᠡᠴᠡᠭ᠌ᠯᠡᠯ ᠬᠥᠭ᠌ᠵᠢᠯ᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠠᠬᠢᠭᠤᠯᠬᠤ᠎ᠳᠤ ᠬᠦᠴᠦᠷᠬᠡᠭ ᠶᠡᠭᠡ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠪᠠ᠃

ᠱᠢᠨ᠎ᠡ ᠴᠠᠭ ᠦᠶ᠎ᠡ᠎ᠳᠤ ᠥᠪᠡᠷᠲᠡᠭᠡᠨ ᠵᠠᠰᠠᠬᠤ ᠣᠷᠣᠨ᠎ᠤ ᠠᠯᠢ ᠣᠯᠠᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠳᠤᠤᠷ᠎ᠠ᠂ ᠤᠯᠠᠭᠠᠨᠮᠥ᠋ᠴᠢᠷ᠎ᠤᠨ ᠦᠢᠯᠡᠰ ᠲᠦᠷᠭᠡᠨ ᠬᠥᠭ᠌ᠵᠢᠪᠡ᠃ ᠤᠯᠠᠭᠠᠨᠮᠥ᠋ᠴᠢᠷ᠎ᠤᠨ᠎ᠬᠢᠨ ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠥᠯᠥ᠍ ᠭᠤᠲᠤᠭᠠᠨ᠂ ᠲᠣᠭ᠍ᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠤᠳᠭᠤ᠂ ᠦᠢᠯᠡᠴᠢᠯᠡᠬᠦ᠂ ᠵᠣᠬᠢᠶᠠᠨ ᠪᠦᠲᠦᠭᠡᠬᠦ᠂ ᠱᠢᠨ᠎ᠡ᠎ᠶ᠋ᠢ ᠡᠭᠦᠳᠬᠦ᠂ ᠤᠯᠠᠮᠵᠢᠯᠠᠨ ᠵᠠᠯᠭᠠᠮᠵᠢᠯᠠᠬᠤ᠂ ᠰᠣᠶᠣᠯ᠎ᠤᠨ ᠰᠣᠯᠢᠯᠴᠠᠭ᠎ᠠ ᠬᠢᠬᠦ᠌ ᠵᠡᠷᠭᠡ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢᠴᠡᠳᠭᠡᠵᠦ᠍᠂ ᠢᠮᠠᠭ᠍ᠲᠠ ᠱᠢᠮᠡᠯᠢᠭ ᠬᠥᠷᠥᠰᠥᠨ᠎ᠳᠤ ᠦᠨᠳᠦᠰᠦᠯᠡᠨ᠂ ᠠᠷᠠᠳ ᠲᠦᠮᠡᠨ᠎ᠳᠤ ᠦᠶᠯᠡᠴᠢᠯᠡᠵᠦ᠍᠂ ᠴᠠᠭ ᠦᠶ᠎ᠡ᠎ᠶ᠋ᠢ ᠳᠠᠭᠠᠵᠤ᠂ ᠱᠢᠨ᠎ᠡ᠎ᠶ᠋ᠢ ᠡᠭᠦᠳᠦᠨ ᠬᠥᠭ᠌ᠵᠢᠪᠡ᠃


 

ᠱᠢᠮᠡᠯᠢᠭ ᠬᠥᠷᠥᠰᠥᠨ᠎ᠳᠤ ᠦᠨᠳᠦᠰᠦᠯᠡᠵᠦ᠍ ᠣᠯᠠᠨ ᠲᠦᠮᠡᠨ᠎ᠳᠤ ᠦᠢᠯᠡᠴᠢᠯᠡᠨ᠎ᠡ

ᠰᠤᠷᠪᠤᠯᠵᠢᠯᠠᠭ᠍ᠴᠢ ᠴᠠᠢ ᠰᠧ ᠶᠤᠸᠠᠨ ᠪᠠᠶᠠᠰᠭᠤᠯᠠᠩ ᠢᠦᠶ ᠬᠠᠢ ᠳ᠋ᠦᠩ ᠯᠢ ᠢᠦᠶ ᠵᠦᠸᠧ


4 ᠰᠠᠷ᠎ᠠ᠎ᠶ᠋ᠢᠨ 4 ᠎ᠤ ᠣᠷᠣᠶ᠂ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠣᠷᠳᠣᠰ ᠬᠤᠲᠠ᠎ᠶ᠋ᠢᠨ ᠦᠦᠱᠢᠨ ᠬᠤᠱᠢᠭᠤᠨ᠎ᠤ ᠤᠯᠠᠭᠠᠨᠮᠥ᠋ᠴᠢᠷ᠎ᠤᠨ ᠪᠥᠬᠦ᠌ ᠤᠯᠤᠰ᠎ᠲᠠᠬᠢ ᠲᠣᠭᠤᠷᠢᠨ ᠲᠣᠭ᠍ᠯᠠᠯᠲᠠ ᠬᠥᠬᠡᠬᠤᠲᠠ᠎ᠶ᠋ᠢᠨ ᠤᠯᠠᠭᠠᠨ ᠲᠢᠶᠠᠲᠷ᠎ᠲᠤ ᠡᠬᠢᠯᠡᠪᠡ᠃

4 ᠰᠠᠷ᠎ᠠ᠎ᠶ᠋ᠢᠨ 7 ᠎ᠤ ᠡᠳᠦᠷ᠂ 《ᠬᠦᠳᠡᠭᠡ ᠲᠠᠯ᠎ᠠ᠎ᠳᠤ ᠮᠥᠩᠬᠡ᠎ᠶ᠋ᠢᠨ ᠨᠠᠷᠠᠨ ᠰᠠᠴᠤᠷᠠᠨ ᠮᠠᠨᠳᠤᠯ᠎ᠠ》 ᠵᠡᠷᠭᠡ ᠰᠣᠩᠭᠤᠳᠠᠭ ᠬᠤᠪᠢᠰᠭᠠᠯᠲᠤ ᠳᠠᠭᠤᠤ ᠤᠯᠠᠭᠠᠨᠴᠠᠪ ᠬᠤᠳᠠ᠎ᠶ᠋ᠢᠨ ᠳᠥᠷᠪᠡᠳ ᠬᠤᠱᠢᠭᠤᠨ᠎ᠤ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠶ᠋ᠢᠨ ᠲᠠᠮᠢᠷ᠎ᠤᠨ ᠲᠠᠯᠠᠪᠠᠢ᠎ᠳᠤ ᠴᠤᠤᠷᠢᠶᠠᠲᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠲᠠᠱᠢᠷᠠᠮ᠎ᠳᠤ᠂ ᠳᠥᠷᠪᠡᠳ ᠬᠤᠱᠢᠭᠤᠨ᠎ᠤ ᠤᠯᠠᠭᠠᠨᠮᠥ᠋ᠴᠢᠷ 《ᠨᠠᠮ᠎ᠤᠨ ᠲᠡᠦᠬᠡ + ᠤᠳᠭ᠎ᠠ ᠤᠷᠠᠯᠢᠭ》 ᠎ᠤᠨ ᠠᠷᠭ᠎ᠠ ᠬᠡᠯᠪᠡᠷᠢ᠎ᠪᠠᠷ 《ᠨᠠᠮ᠎ᠤᠨ ᠲᠡᠦᠬᠡ᠎ᠶ᠋ᠢ ᠰᠤᠷᠤᠯᠴᠠᠨ ᠬᠤᠪᠢᠰᠭᠠᠯᠲᠤ ᠳᠠᠭᠤᠤ᠎ᠪᠠᠨ ᠳᠠᠭᠤᠯᠠᠬᠤ》 ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠵᠦ᠍᠂ ᠠᠷᠠᠳ ᠣᠯᠠᠨ᠎ᠤ ᠣᠶᠤᠨ ᠰᠠᠨᠠᠭᠠᠨ᠎ᠤ ᠬᠦᠴᠦᠨ ᠴᠢᠳᠠᠯ᠎ᠢ ᠨᠢᠭ᠍ᠲᠠᠷᠠᠭᠤᠯᠪᠠ᠃

ᠥᠷᠭᠡᠨ ᠠᠭᠤᠳᠠᠮ ᠤᠮᠠᠷᠠᠲᠤ᠎ᠶ᠋ᠢᠨ ᠡᠬᠡ ᠭᠠᠵᠠᠷ ᠳᠡᠭᠡᠷ᠎ᠡ᠂ ᠤᠯᠠᠭᠠᠨᠮᠥ᠋ᠴᠢᠷ ᠢᠮᠠᠭ᠍ᠲᠠ ᠦᠨᠳᠦᠰᠦᠨ ᠱᠠᠲᠤᠨ᠎ᠳᠤ ᠭᠠᠪᠱᠢᠭᠠᠢᠯᠠᠵᠤ ᠪᠠᠢᠭ᠎ᠠ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ ᠪᠣᠯᠤᠨ᠎ᠠ᠃ ᠲᠡᠳᠡ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠨ᠂ ᠤᠯᠠᠭᠠᠨᠮᠥ᠋ᠴᠢᠷ᠎ᠤᠨ ᠱᠢᠯᠢᠳᠡᠭ ᠤᠯᠠᠮᠵᠢᠯᠠᠯ᠎ᠢ ᠶᠡᠭᠡ᠎ᠪᠠᠷ ᠪᠠᠳᠠᠷᠠᠭᠤᠯᠵᠤ᠂ ᠱᠢᠮᠡᠯᠢᠭ ᠬᠥᠷᠥᠰᠥᠨ᠎ᠳᠤ ᠦᠨᠳᠦᠰᠦᠯᠡᠨ᠂ ᠠᠷᠠᠳ ᠲᠦᠮᠡᠨ᠎ᠳᠤ ᠦᠢᠯᠡᠴᠢᠯᠡᠵᠦ᠍᠂ ᠰᠣᠶᠣᠯ᠎ᠤᠨ ᠴᠡᠴᠡᠭ᠌ᠯᠡᠯ ᠬᠦᠭ᠌ᠵᠢᠯ᠎ᠢ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ᠎ᠢ ᠴᠢᠩᠭᠠᠳᠭᠠᠬᠤ᠂ ᠬᠢᠵᠠᠭᠠᠷ ᠤᠷᠤᠨ᠎ᠤ ᠲᠣᠭ᠍ᠲᠠᠭᠤᠨ᠎ᠢ ᠬᠠᠮᠠᠭᠠᠯᠠᠬᠤ᠎ᠳᠤ ᠴᠢᠬᠤᠯᠠ ᠦᠢᠯᠡᠳᠦᠯ ᠦᠵᠡᠭᠦᠯᠪᠡ᠃

《ᠠᠷᠪᠠᠨ ᠭᠤᠷᠪᠠᠳᠤᠭᠠᠷ ᠲᠠᠪᠤᠨ ᠵᠢᠯ》 ᠎ᠢ ᠡᠷᠭᠢᠴᠡᠭᠦᠯᠬᠦᠶ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠤᠯᠠᠭᠠᠨᠮᠥ᠋ᠴᠢᠷ᠎ᠤᠨ ᠦᠢᠯᠡᠰ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠯᠢ ᠣᠯᠠᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠤᠯᠠᠭᠠᠨᠮᠥ᠋ᠴᠢᠷ᠎ᠤᠨ ᠥᠭᠡᠷᠡᠴᠢᠯᠡᠯᠲᠡ ᠱᠢᠨᠡᠴᠢᠯᠡᠯᠲᠡ᠎ᠶ᠋ᠢᠨ ᠦᠵᠦ᠍ ᠲᠥᠯᠥᠪᠯᠡᠭᠡ᠎ᠶ᠋ᠢ ᠴᠢᠩᠭᠠᠳᠭᠠᠨ᠂ ᠤᠯᠠᠭᠠᠨᠮᠥ᠋ᠴᠢᠷ᠎ᠤᠨ ᠦᠢᠯᠡᠰ᠎ᠤᠨ ᠬᠥᠭ᠌ᠵᠢᠯᠲᠡ᠎ᠶ᠋ᠢ ᠬᠦᠴᠦᠲᠡᠢ ᠠᠬᠢᠭᠤᠯᠪᠠ —

《ᠤᠯᠠᠭᠠᠨᠮᠥ᠋ᠴᠢᠷ᠎ᠤᠨ ᠲᠦᠷᠢᠮ》 ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠵᠠᠯᠭᠠᠭ᠎ᠠ᠎ᠪᠠᠷ ᠨᠡᠢᠲᠡᠯᠡᠵᠦ᠍᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠤᠨ ᠬᠢᠨᠠᠨ ᠱᠢᠯᠭᠠᠵᠤ ᠦᠨᠡᠯᠡᠬᠦ᠌ ᠬᠠᠮᠢᠶᠠᠷᠤᠯᠲᠠ᠎ᠶ᠋ᠢᠨ ᠠᠷᠭ᠎ᠠ》 ᠎ᠳᠤ ᠳᠠᠬᠢᠨ ᠵᠠᠰᠠᠪᠤᠷᠢ ᠣᠷᠣᠭᠤᠯᠵᠤ᠂ ᠤᠯᠠᠭᠠᠨᠮᠥ᠋ᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ᠂ ᠲᠤᠬᠠᠢᠯᠠᠭ᠍ᠰᠠᠨ ᠠᠵᠢᠯ᠎ᠤᠨ ᠠᠵᠢᠯᠯᠠᠭ᠎ᠠ᠂ ᠥᠭᠡᠷᠡᠴᠢᠯᠡᠯᠲᠡ ᠬᠥᠭ᠌ᠵᠢᠯᠲᠡ ᠵᠡᠷᠭᠡ᠎ᠶ᠋ᠢᠨ ᠦᠨᠡᠯᠡᠬᠦ᠌ ᠪᠠᠷᠢᠮᠵᠢᠶ᠎ᠠ᠎ᠶ᠋ᠢ ᠨᠠᠷᠢᠨ ᠲᠣᠳᠣᠷᠬᠠᠶ ᠲᠣᠭ᠍ᠲᠠᠭᠠᠪᠠ;

ᠪᠦᠬᠦ᠌ ᠣᠷᠣᠨ᠎ᠤ ᠤᠯᠠᠭᠠᠨᠮᠥ᠋ᠴᠢᠷ᠎ᠤᠨ ᠦᠢᠯᠡᠰ᠎ᠤᠨ ᠬᠥᠭ᠌ᠵᠢᠯᠲᠡ᠎ᠶ᠋ᠢᠨ ᠲᠤᠰᠭᠠᠢ ᠲᠦᠷᠦᠯ᠎ᠤᠨ ᠵᠠᠷᠤᠳᠠᠯ᠎ᠢ ᠲᠤᠬᠢᠷᠠᠭᠤᠯᠵᠤ᠂ 75 ᠤᠯᠠᠭᠠᠨᠮᠥ᠋ᠴᠢᠷ᠎ᠲᠤ ᠲᠣᠭ᠍ᠯᠠᠯᠲᠠ᠎ᠶ᠋ᠢᠨ ᠲᠤᠮᠤ ᠮᠠᠱᠢᠨ ᠲᠡᠷᠭᠡ ᠲᠤᠬᠢᠷᠠᠭᠤᠯᠵᠤ᠂ ᠤᠯᠤᠰ᠎ᠤᠨ ᠳᠡᠰ᠎ᠤᠨ ᠶᠠᠳᠠᠭᠤ ᠬᠦᠴᠢᠷᠳᠡᠯᠲᠡᠢ ᠬᠤᠱᠢᠭᠤ ᠱᠢᠶᠠᠨ ᠪᠣᠯᠤᠨ 《ᠭᠤᠷᠪᠠᠨ ᠴᠥᠭᠡᠨ ᠲᠣᠭᠠᠲᠤ ᠦᠨᠳᠦᠰᠦᠲᠡᠨ》 ᠎ᠤ ᠥᠪᠡᠷᠲᠡᠭᠡᠨ ᠵᠠᠰᠠᠬᠤ ᠬᠤᠱᠢᠭᠤᠨ᠎ᠳᠤ ᠲᠣᠭ᠍ᠯᠠᠯᠲᠠ᠎ᠶ᠋ᠢᠨ ᠮᠠᠱᠢᠨ ᠲᠡᠷᠭᠡ ᠲᠤᠬᠢᠷᠠᠭᠤᠯᠵᠤ᠂ 25 ᠦᠨᠳᠦᠰᠦᠨ ᠱᠠᠲᠤᠨ᠎ᠤ ᠤᠯᠠᠭᠠᠨᠮᠥ᠋ᠴᠢᠷ᠎ᠤᠨ ᠪᠣᠯᠪᠠᠰᠤᠷᠠᠯ᠎ᠤᠨ ᠲᠢᠩᠬᠢᠮ ᠪᠠᠢᠭᠤᠯᠬᠤ᠎ᠶ᠋ᠢ ᠲᠡᠮᠵᠢᠪᠡ;

ᠪᠥᠬᠦ᠌ ᠣᠷᠣᠨ᠎ᠤ ᠤᠯᠠᠭᠠᠨᠮᠥ᠋ᠴᠢᠷ᠎ᠤᠨ ᠳᠠᠷᠤᠭ᠎ᠠ᠎ᠶ᠋ᠢᠨ ᠪᠣᠯᠪᠠᠰᠤᠷᠠᠯ᠎ᠤᠨ ᠠᠩᠭᠢ᠂ ᠦᠨᠳᠦᠰᠦᠲᠡᠨ᠎ᠤ ᠬᠥᠭ᠌ᠵᠢᠮ᠎ᠤᠨ ᠪᠣᠯᠪᠠᠰᠤᠷᠠᠯ᠎ᠤᠨ ᠠᠩᠭᠢ᠂ ᠪᠥᠵᠢᠭ᠎ᠤᠨ ᠨᠠᠢᠷᠠᠭᠤᠯᠤᠨ ᠤᠳᠤᠷᠢᠳᠤᠭᠠᠴᠢ᠎ᠶ᠋ᠢᠨ ᠪᠣᠯᠪᠠᠰᠤᠷᠠᠯ᠎ᠤᠨ ᠠᠩᠭᠢ ᠵᠡᠷᠭᠡ ᠲᠤᠰᠭᠠᠶ ᠮᠡᠷᠭᠡᠵᠢᠯ᠎ᠤᠨ ᠪᠣᠯᠪᠠᠰᠤᠷᠠᠯ᠎ᠤᠨ ᠬᠠᠪᠰᠤᠷᠤᠨ ᠵᠢᠯᠣᠭᠤᠳᠣᠯᠭ᠎ᠠ᠎ᠨᠢ ᠤᠯᠠᠭᠠᠨᠮᠥ᠋ᠴᠢᠷ᠎ᠤᠨ ᠭᠡᠱᠢᠭᠦᠳ᠎ᠤᠨ ᠦᠰᠦᠨ ᠪᠤᠢᠵᠢᠯᠲᠠ᠎ᠳᠤ ᠬᠦᠴᠦᠨ ᠨᠡᠮᠡᠷᠢᠯᠡᠪᠡ᠃

ᠣᠢᠷ᠎ᠠ᠎ᠶ᠋ᠢᠨ ᠵᠢᠯ᠎ᠤᠳ᠎ᠲᠤ ᠪᠥᠬᠦ᠌ ᠣᠷᠣᠨ᠎ᠤ 75 ᠤᠯᠠᠭᠠᠨᠮᠥ᠋ᠴᠢᠷ ᠵᠢᠯ ᠪᠦᠷᠢ ᠦᠨᠳᠦᠰᠦᠨ ᠱᠠᠲᠤᠨ᠎ᠳᠤ ᠭᠦᠨᠵᠡᠭᠡᠢᠷᠡᠨ 7000 ᠭᠠᠷᠤᠶ ᠲᠠᠯᠠᠪᠠᠢ ᠤᠳᠠᠭ᠎ᠠ ᠲᠣᠭ᠍ᠯᠠᠯᠲᠠ ᠭᠠᠷᠭᠠᠵᠤ᠂ 《ᠰᠦᠯᠵᠢᠶᠡᠨ ᠳᠡᠭᠡᠷᠡᠬᠢ ᠤᠯᠠᠭᠠᠨᠮᠥ᠋ᠴᠢᠷ》 ᠎ᠢᠶᠠᠷ ᠳᠡᠮᠵᠢᠨ 7000 ᠭᠠᠷᠤᠶ ᠲᠠᠯᠠᠪᠠᠢ ᠤᠳᠭ᠎ᠠ ᠤᠷᠠᠯᠢᠭ᠎ᠤᠨ ᠱᠢᠭᠤᠳ ᠨᠡᠪᠲᠡᠷᠡᠭᠦᠯᠭᠡ ᠬᠢᠵᠦ᠍᠂ ᠲᠥᠷᠥ᠎ᠶ᠋ᠢᠨ ᠪᠣᠳᠣᠯᠭ᠎ᠠ᠎ᠶ᠋ᠢ 3000 ᠭᠠᠷᠤᠶ ᠤᠳᠠᠭ᠎ᠠ ᠤᠬᠠᠭᠤᠯᠤᠨ ᠲᠠᠢᠯᠪᠤᠷᠢᠯᠠᠪᠠ᠃ ᠪᠥᠬᠦ᠌ ᠣᠷᠣᠨ᠎ᠤ ᠡᠯ᠎ᠡ ᠱᠠᠲᠤᠨ᠎ᠤ ᠤᠯᠠᠭᠠᠨᠮᠥ᠋ᠴᠢᠷ ᠵᠢᠯ ᠳᠤᠮᠳᠠᠴᠢ᠎ᠪᠠᠷ ᠰᠠᠢᠨ ᠳᠤᠷ᠎ᠠ᠎ᠶ᠋ᠢᠨ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ᠎ᠶ᠋ᠢᠨ ᠲᠥᠷᠥᠯ᠎ᠤᠨ ᠶᠡᠷᠦᠩᠬᠡᠢᠯᠡᠭ᠌ᠰᠡᠨ ᠦᠶᠯᠡᠴᠢᠯᠡᠭᠡ᠎ᠶ᠋ᠢ 4000 ᠭᠠᠷᠤᠶ ᠤᠳᠠᠭ᠎ᠠ ᠥᠷᠨᠢᠭᠦᠯᠵᠦ᠍᠂ 200 ᠭᠠᠷᠤᠶ ᠲᠦᠮᠡᠨ ᠬᠦᠮᠦᠨ ᠤᠳᠠᠭ᠎ᠠ᠎ᠳᠤ ᠦᠶᠯᠡᠴᠢᠯᠡᠵᠦ᠍᠂ ᠣᠯᠠᠨ ᠲᠦᠮᠡᠨ᠎ᠤ ᠦᠨᠡᠨ ᠰᠡᠳᠭᠢᠯ᠎ᠤᠨ ᠬᠦᠷᠢᠶᠡᠯᠡᠯ ᠪᠠ ᠳᠡᠭᠡᠳᠦ ᠬᠡᠮᠵᠢᠶᠡᠨ᠎ᠤ ᠮᠠᠭ᠍ᠲᠠᠭᠠᠯ ᠰᠠᠢᠱᠢᠶᠠᠯ᠎ᠢ ᠤᠯᠪᠠ᠃


111.jpg


 

 ᠦᠵᠡᠭ᠌ᠳᠡᠯ 1

 ᠲᠣᠭ᠍ᠯᠠᠯᠲᠠ ᠦᠶᠯᠡᠴᠢᠯᠡᠭᠡ ᠠᠯᠢᠨ᠎ᠢ ᠴᠤ᠌ ᠰᠠᠭᠠᠲᠠᠭᠠᠬᠤ ᠦᠭᠡᠢ

4 ᠰᠠᠷ᠎ᠠ᠎ᠶ᠋ᠢᠨ 10 ᠎ᠤ ᠡᠳᠦᠷ᠂ ᠯᠢᠶᠣᠤᠨᠢᠩ ᠮᠤᠵᠢ᠎ᠶ᠋ᠢᠨ ᠯᠢᠶᠤᠤᠶᠠᠩ ᠬᠤᠳᠠ᠎ᠶ᠋ᠢᠨ ᠲᠤᠮᠤ ᠵᠦᠴᠦᠭᠡ᠎ᠶ᠋ᠢᠨ ᠬᠦᠷᠢᠶᠡᠯᠡᠩ᠎ᠳᠤ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠲᠤᠭ᠍ᠯᠠᠯᠲᠠ ᠨᠢᠵᠢᠭᠢᠨᠡᠭ᠌ᠰᠡᠨ ᠠᠯᠠᠭ᠎ᠠ ᠲᠠᠱᠢᠯᠲᠠ᠎ᠶ᠋ᠢ ᠤᠯᠵᠤ ᠪᠠᠢᠯ᠎ᠠ᠃ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠡᠨᠡ ᠤᠳᠠᠭᠠᠨ᠎ᠤ ᠪᠦᠬᠦ᠌ ᠤᠯᠤᠰ᠎ᠤᠨ ᠲᠣᠭᠤᠷᠢᠨ ᠲᠣᠭ᠍ᠯᠠᠯᠲᠠ᠎ᠨᠢ 3 ᠰᠠᠷ᠎ᠠ᠎ᠶ᠋ᠢᠨ 26 ᠎ᠠᠴᠠ ᠡᠬᠢᠯᠡᠵᠦ᠍᠂ ᠪᠦᠬᠦ᠌ ᠤᠯᠤᠰ᠎ᠤᠨ 13 ᠮᠤᠵᠢ ᠣᠷᠣᠨ᠎ᠳᠤ 22 ᠲᠠᠯᠠᠪᠠᠢ ᠲᠣᠭᠤᠷᠢᠨ ᠲᠣᠭ᠍ᠯᠠᠯᠲᠠ ᠭᠠᠷᠭᠠᠬᠤ ᠪᠣᠯᠤᠨ᠎ᠠ᠃

4 ᠰᠠᠷ᠎ᠠ᠎ᠶ᠋ᠢᠨ 9 ᠎ᠤ ᠡᠳᠦᠷ᠂ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ᠎ᠬᠢᠨ ᠠᠴᠢᠲᠤ ᠠᠭᠤᠯᠠ ᠰᠤᠮᠤ᠎ᠶ᠋ᠢᠨ ᠪᠦᠷᠢᠳᠦ ᠭᠠᠴᠠᠭ᠎ᠠ᠎ᠳᠤ ᠬᠦᠷᠴᠦ᠍᠂ 《ᠨᠠᠮ᠎ᠤᠨ ᠲᠤᠭ ᠥᠨᠳᠥᠷ ᠨᠠᠮᠢᠷᠠᠨᠠᠮ》 ᠤᠯᠠᠭᠠᠨᠮᠥ᠋ᠴᠢᠷ᠎ᠤᠨ ᠦᠨᠳᠦᠰᠦᠨ ᠱᠠᠲᠤᠨ᠎ᠤ ᠦᠢᠯᠡᠴᠢᠯᠡᠭᠡᠨ᠎ᠤ ᠠᠵᠢᠯᠯᠠᠭ᠎ᠠ ᠳᠤᠮᠳᠠ᠂ ᠤᠯᠠᠭᠠᠨᠮᠦᠴᠢᠷ᠎ᠤᠨ ᠭᠡᠱᠢᠭᠦᠳ ᠮᠠᠯᠴᠢᠳ᠎ᠲᠤ 《ᠮᠠᠯᠴᠢᠳ ᠡᠪ ᠬᠠᠮᠲᠤ ᠨᠠᠮ᠎ᠢᠶᠠᠨ ᠮᠠᠭ᠍ᠲᠠᠨ ᠳᠠᠭᠤᠯᠠᠨ᠎ᠠ》᠂ 《ᠪᠢ ᠡᠬᠡ ᠤᠯᠤᠰ᠎ᠲᠠᠢ᠎ᠪᠠᠨ》 ᠵᠡᠷᠭᠡ ᠤᠯᠠᠨ ᠲᠦᠮᠡᠨ᠎ᠤ ᠦᠵᠡᠵᠦ᠍ ᠰᠣᠨᠢᠷᠬᠠᠬᠤ ᠳᠤᠷᠠᠲᠠᠶ ᠳᠠᠭᠤᠤ ᠪᠦᠵᠢᠭ᠎ᠤᠨ ᠲᠣᠭ᠍ᠯᠠᠯᠲᠠ ᠭᠠᠷᠭᠠᠬᠤ᠎ᠶ᠋ᠢᠨ ᠬᠠᠮᠲᠤ ᠮᠠᠯᠴᠢᠳ᠎ᠲᠤ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠵᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠵᠡᠷᠭᠡ ᠶᠡᠷᠦᠩᠬᠡᠢᠯᠡᠭ᠌ᠰᠡᠨ ᠴᠢᠨᠠᠷᠲᠠᠶ ᠠᠷᠠᠳ᠎ᠲᠤ ᠠᠱᠢᠭ ᠬᠦᠷᠲᠡᠭᠡᠬᠦ᠌ ᠦᠶᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠍᠂ ᠠᠷᠠᠳ ᠣᠯᠠᠨ᠎ᠳᠤ ᠪᠣᠳᠠᠲᠤ ᠠᠱᠢᠭ ᠬᠦᠷᠲᠡᠭᠡᠯ᠎ᠡ᠃

ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠲᠣᠭᠤᠷᠢᠨ ᠲᠣᠭ᠍ᠯᠠᠯᠲᠠ ᠪᠠ ᠰᠠᠢᠨ ᠳᠤᠷ᠎ᠠ᠎ᠶ᠋ᠢᠨ  ᠦᠢᠯᠡᠴᠢᠯᠡᠭᠡ᠎ᠶ᠋ᠢ ᠵᠡᠷᠭᠡ᠎ᠪᠠᠷ ᠶᠠᠪᠤᠭ᠍ᠳᠠᠭᠤᠯᠤᠭ᠍ᠰᠠᠨ ᠱᠢᠨ᠎ᠡ ᠪᠠᠢᠳᠠᠯ ᠪᠣᠯ ᠱᠢᠯᠢ᠎ᠶ᠋ᠢᠨ ᠭᠤᠤᠯ ᠠᠢᠮᠠᠭ᠎ᠤᠨ 13 ᠤᠯᠠᠭᠠᠨᠮᠥ᠋ᠴᠢᠷ᠎ᠤᠨ ᠬᠤᠷᠢᠶᠠᠩᠭᠤᠶ ᠳᠦᠷᠰᠦ ᠪᠣᠯᠤᠨ᠎ᠠ᠃ 2020 ᠣᠨ᠎ᠳᠤ 13 ᠤᠯᠠᠭᠠᠨᠮᠥ᠋ᠴᠢᠷ᠎ᠤᠨ᠎ᠬᠢᠨ ᠮᠠᠯᠵᠢᠬᠤ ᠲᠠᠷᠢᠶᠠᠯᠠᠬᠤ ᠣᠷᠣᠨ᠂ ᠬᠢᠯᠢ ᠬᠢᠵᠠᠭᠠᠷ ᠣᠷᠣᠨ᠂ ᠦᠨᠳᠦᠰᠦᠨ ᠱᠠᠲᠤᠨ᠎ᠤ ᠨᠢᠭᠡᠴᠢ᠎ᠳᠤ ᠭᠦᠨᠵᠡᠭᠡᠢᠷᠡᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠲᠣᠭ᠍ᠯᠠᠯᠲᠠ᠎ᠶ᠋ᠢ 1215 ᠲᠠᠯᠠᠪᠠᠢ ᠤᠳᠠᠭ᠎ᠠ ᠥᠷᠨᠢᠭᠦᠯᠵᠦ᠍᠂ ᠦᠵᠡᠭ᠌ᠴᠢᠳ 60 ᠲᠦᠮᠡᠨ ᠬᠥᠮᠦᠨ ᠤᠳᠠᠭ᠎ᠠ᠎ᠳᠤ ᠬᠦᠷᠦᠭ᠌ᠰᠡᠨ ᠪᠠᠢᠨ᠎ᠠ᠃ 349 ᠤᠳᠭ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠍᠂ ᠡᠭᠦᠨ᠎ᠳᠤ ᠲᠠᠢᠰᠠᠨ᠎ᠤ ᠵᠦᠴᠦᠭᠡ 《ᠵᠢᠷᠦᠬᠡ᠎ᠶ᠋ᠢᠨ ᠬᠠᠢᠷ᠎ᠠ》 ᠎ᠨᠢ 2020 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠢᠰᠠᠨ᠎ᠤ ᠤᠷᠠᠯᠢᠭ᠎ᠤᠨ ᠰᠣᠳᠣᠨ ᠪᠦᠲᠦᠭᠡᠯ᠎ᠤᠨ ᠢᠨᠵᠧᠨᠧᠷᠢᠩ᠎ᠳᠤ ᠰᠣᠩᠭᠤᠭ᠍ᠳᠠᠵᠤ᠂ 11 ᠪᠦᠲᠦᠭᠡᠯ᠎ᠨᠢ 《ᠪᠦᠬᠦ᠌ ᠣᠷᠣᠨ᠎ᠤ ᠤᠯᠠᠭᠠᠨᠮᠥ᠋ᠴᠢᠷ᠎ᠤᠨ ᠤᠤᠭᠠᠯ ᠪᠦᠲᠦᠭᠡᠯᠭᠡ᠎ᠶ᠋ᠢᠨ ᠰᠣᠩᠭᠤᠳᠠᠭ ᠪᠦᠲᠦᠭᠡᠯ᠎ᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ》 ᠎ᠳᠤ ᠵᠢᠭ᠍ᠰᠠᠭᠠᠭ᠍ᠳᠠᠪᠠ᠃


222.jpg


 

 ᠦᠵᠡᠭ᠌ᠳᠡᠯ 2

 ᠰᠦᠯᠵᠢᠶᠡᠨ ᠳᠡᠭᠡᠷᠡᠬᠢ ᠪᠠ ᠪᠤᠳᠠᠳᠤ ᠴᠤᠭ᠍ᠴᠠ᠎ᠶ᠋ᠢᠨ ᠵᠣᠬᠢᠶᠠᠨ ᠪᠦᠲᠦᠭᠡᠯᠭᠡ ᠶᠠᠭᠠᠷᠠᠦ

4 ᠰᠠᠷ᠎ᠠ᠎ᠶ᠋ᠢᠨ 9 ᠎ᠤ ᠡᠳᠦᠷ᠂ ᠰᠤᠷᠪᠤᠯᠵᠢᠯᠠᠭ᠍ᠴᠢ ᠦᠬᠠᠶ ᠬᠤᠲᠠ᠎ᠶ᠋ᠢᠨ ᠤᠯᠠᠭᠠᠨᠮᠥ᠋ᠴᠢᠷ᠎ᠲᠤ ᠬᠦᠷᠴᠦ᠍ ᠰᠤᠷᠪᠤᠯᠵᠢᠯᠠᠬᠤ ᠦᠶ᠎ᠡ᠎ᠳᠤ᠂ ᠭᠡᠱᠢᠭᠦᠳ ᠶᠠᠭ ᠪᠣᠯᠪᠠᠰᠤᠷᠠᠬᠤ᠎ᠶ᠋ᠢᠨ ᠳᠠᠭᠠᠤ ᠪᠡᠯᠡᠭ ᠬᠦᠷᠭᠡᠬᠦ᠌ ᠫᠷᠤᠭ᠌ᠷᠠᠮ ᠪᠤᠯᠬᠤ ᠳᠠᠭᠤᠤ ᠬᠥᠭ᠌ᠵᠢᠮᠲᠦ ᠦᠵᠡᠭ᠌ᠳᠡᠯᠲᠦ ᠵᠦᠴᠦᠭᠡ 《ᠲᠡᠮᠦᠷ ᠨᠢᠷᠤᠭᠤ》 (ᠲᠦᠷ ᠲᠣᠭ᠍ᠲᠠᠭᠠᠭ᠍ᠰᠠᠨ ᠨᠡᠷ᠎ᠡ) ᠎ᠶ᠋ᠢᠨ ᠲᠤᠬᠠᠢ ᠶᠠᠷᠢᠯᠴᠠᠵᠤ ᠪᠠᠢᠪᠠ᠃ ᠵᠦᠴᠦᠭᠡ᠎ᠨᠢ ᠨᠡᠭᠦᠷᠡᠰᠦ ᠮᠠᠯᠲᠠᠬᠤ ᠠᠵᠢᠯᠴᠢᠨ ᠶᠠᠩ ᠶᠦᠩ ᠴᠧᠩ᠎ᠤᠨ ᠭᠤᠷᠪᠠᠨ ᠦᠶ᠎ᠡ᠎ᠪᠠᠷ᠎ᠢᠶᠠᠨ ᠪᠤᠤᠭᠢᠶ᠎ᠠ ᠵᠠᠯᠭᠠᠨ ᠲᠡᠮᠡᠴᠡᠭ᠌ᠰᠡᠨ ᠦᠯᠢᠭᠡᠷ᠎ᠢᠶᠠᠷ ᠳᠠᠮᠵᠢᠭᠤᠯᠤᠨ᠂ ᠡᠪ ᠬᠠᠮᠲᠤᠴᠤᠳ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠠᠷᠠᠳ ᠤᠯᠠᠨ᠎ᠤ ᠬᠦᠴᠢᠷ ᠪᠡᠷᠬᠡᠱᠢᠶᠡᠯ᠎ᠠᠴᠠ ᠠᠶᠤᠬᠤ ᠦᠭᠡᠢ᠂ ᠵᠣᠷᠢᠭ᠍ᠲᠠᠢ᠎ᠪᠠᠷ ᠲᠡᠮᠡᠴᠡᠬᠦ᠌ ᠡᠷᠬᠢᠮ ᠳᠡᠭᠡᠳᠦ ᠵᠠᠩ ᠴᠢᠨᠠᠷ᠎ᠢ ᠢᠯᠡᠷᠡᠭᠦᠯᠪᠡ᠃

ᠣᠢᠷ᠎ᠠ᠎ᠶ᠋ᠢᠨ ᠵᠢᠯ᠎ᠳᠤ ᠦᠬᠠᠶ ᠬᠤᠲᠠ᠎ᠶ᠋ᠢᠨ ᠤᠯᠠᠭᠠᠨᠮᠥ᠋ᠴᠢᠷ ᠵᠢᠯ ᠳᠤᠮᠳᠠᠴᠢ᠎ᠪᠠᠷ 60 ᠭᠠᠷᠤᠶ ᠳᠠᠭᠤᠤ ᠬᠥᠭ᠌ᠵᠢᠮ᠂ ᠪᠥᠵᠢᠭ᠎ᠤᠨ ᠪᠦᠲᠦᠭᠡᠯ᠎ᠢ ᠵᠣᠬᠢᠶᠠᠨ ᠨᠠᠢᠷᠠᠭᠤᠯᠵᠤ᠂ 2018 ᠣᠨ᠎ᠳᠤ ᠦᠬᠠᠢ ᠬᠤᠳᠠ᠎ᠶ᠋ᠢᠨ ᠠᠩᠬᠠᠳᠠᠭ᠍ᠴᠢ ᠤᠤᠭᠠᠯ ᠳᠠᠭᠤᠤ ᠬᠥᠭ᠌ᠵᠢᠮᠲᠦ ᠵᠦᠴᠦᠭᠡ ᠪᠤᠯᠬᠤ 《ᠦᠬᠠᠢ᠎ᠶ᠋ᠢᠨ ᠠᠢᠯ》 ᠎ᠨᠢ ᠥᠪᠡᠷᠲᠡᠭᠡᠨ ᠵᠠᠰᠠᠬᠤ ᠣᠷᠣᠨ᠎ᠤ 《ᠳᠣᠯᠣᠳᠤᠭᠠᠷ ᠪᠦᠯᠦᠭ᠎ᠤᠨ ᠲᠠᠢᠰᠠᠨ᠎ᠤ ᠵᠦᠴᠦᠭᠡ᠎ᠶ᠋ᠢ ᠲᠡᠳᠬᠦᠬᠦ᠌ ᠢᠨᠵᠧᠨᠧᠷᠢᠩ᠎ᠤᠨ ᠰᠡᠳᠦᠪ ᠲᠣᠭ᠍ᠲᠠᠭ᠍ᠰᠠᠨ ᠵᠦᠴᠦᠭᠡ》 ᠎ᠪᠠᠷ ᠲᠤᠭ᠍ᠳᠠᠭᠠᠭ᠍ᠳᠠᠵᠤ᠂ ᠥᠪᠡᠷᠲᠡᠭᠡᠨ ᠵᠠᠰᠠᠬᠤ ᠣᠷᠣᠨ᠎ᠤ 2018 ᠣᠨ᠎ᠤ ᠠᠷᠠᠳ᠎ᠲᠤ ᠠᠱᠢᠭ ᠬᠦᠷᠲᠡᠭᠡᠬᠦ᠌ ᠲᠣᠭᠤᠷᠢᠨ ᠲᠣᠭ᠍ᠯᠠᠯᠲᠠ᠎ᠶ᠋ᠢᠨ ᠱᠢᠯᠢᠳᠡᠭ ᠵᠦᠴᠦᠭᠡ ᠪᠣᠯᠤᠨ 2019 ᠣᠨ᠎ᠤ ᠲᠠᠢᠰᠠᠨ᠎ᠤ ᠤᠷᠠᠯᠢᠭ᠎ᠤᠨ ᠰᠣᠳᠣᠨ ᠵᠦᠴᠦᠭᠡ᠎ᠪᠠᠷ ᠦᠨᠡᠯᠡᠭ᠌ᠳᠡᠵᠦ᠍᠂ ᠪᠠᠰᠠ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠪᠦᠬᠦ᠌ ᠤᠯᠤᠰ᠎ᠤᠨ ᠱᠢᠯᠢᠳᠡᠭ ᠪᠣᠳᠠᠲᠤ ᠠᠬᠤᠢ᠎ᠶ᠋ᠢᠨ ᠰᠡᠳᠦᠪᠲᠦ ᠲᠠᠢᠰᠠᠨ᠎ᠤ ᠤᠷᠠᠯᠢᠭ᠎ᠤᠨ ᠪᠦᠲᠦᠭᠡᠯ᠎ᠤᠨ ᠲᠣᠭ᠍ᠯᠠᠯᠲᠠ᠎ᠳᠤ ᠰᠣᠩᠭᠤᠭ᠍ᠳᠠᠪᠠ᠃ ᠪᠦᠷᠢᠳᠭᠡᠯ᠎ᠢ ᠦᠨᠳᠦᠰᠦᠯᠡᠪᠡᠯ᠂ ᠦᠬᠠᠶ ᠬᠤᠲᠠ᠎ᠶ᠋ᠢᠨ ᠤᠯᠠᠭᠠᠨᠮᠥ᠋ᠴᠢᠷ ᠵᠢᠯ ᠪᠦᠷᠢ ᠡᠯ᠎ᠡ ᠲᠥᠷᠥᠯ᠎ᠤᠨ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ᠎ᠶ᠋ᠢ 120 ᠭᠠᠷᠤᠶ ᠤᠳᠠᠭ᠎ᠠ ᠥᠷᠨᠢᠭᠦᠯᠵᠦ᠍᠂ ᠦᠵᠡᠭ᠌ᠴᠢᠳ 10 ᠭᠠᠷᠤᠶ ᠲᠦᠮᠡᠨ ᠬᠥᠮᠦᠨ ᠤᠳᠠᠭ᠎ᠠ᠎ᠳᠤ ᠬᠦᠷᠦᠭ᠌ᠰᠡᠨ ᠪᠠᠢᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠠᠶᠠᠯᠠᠯ᠎ᠢ ᠡᠬᠢᠯᠡᠭᠦᠯᠵᠦ᠍᠂ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠠᠨᠠᠭᠤᠯᠭ᠎ᠠ》 ᠎ᠳᠤ ᠤᠯᠠᠭᠠᠨᠮᠥ᠋ᠴᠢᠷ᠎ᠤᠨ ᠦᠢᠯᠡᠰ᠎ᠤᠨ ᠱᠢᠨ᠎ᠡ᠎ᠶ᠋ᠢ ᠡᠭᠦᠳᠦᠨ ᠬᠥᠭ᠌ᠵᠢᠯᠲᠡ᠎ᠶ᠋ᠢ ᠠᠬᠢᠭᠤᠯᠬᠤ ᠲᠤᠬᠠᠶ ᠪᠥᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠪᠠ᠃

— ᠱᠢᠨ᠎ᠡ ᠴᠠᠭ ᠦᠶ᠎ᠡ᠎ᠶ᠋ᠢᠨ ᠤᠯᠠᠭᠠᠨᠮᠥ᠋ᠴᠢᠷ᠎ᠤᠨ ᠡᠭᠦᠷᠭᠡ ᠴᠢᠳᠠᠪᠬᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠤᠯᠤᠰ ᠲᠥᠷᠥ᠎ᠶ᠋ᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠠᠭᠠᠨᠮᠥ᠋ᠴᠢᠷ᠎ᠢ ᠨᠠᠮ᠎ᠤᠨ ᠲᠠᠭᠤᠨ ᠪᠠ ᠵᠣᠷᠢᠯᠲᠠ᠎ᠶ᠋ᠢᠨ ᠤᠬᠠᠭᠤᠯᠬᠤ ᠠᠩᠭᠢ᠂ ᠦᠨᠳᠦᠰᠦᠨ ᠱᠠᠲᠤᠨ᠎ᠤ ᠣᠯᠠᠨ ᠲᠦᠮᠡᠨ᠎ᠳᠤ ᠦᠢᠯᠡᠴᠢᠯᠡᠬᠦ᠌ ᠤᠳᠭ᠎ᠠ ᠤᠷᠠᠯᠢᠭ᠎ᠤᠨ ᠠᠩᠭᠢ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ  ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠠᠩᠭᠢ᠂ ᠱᠢᠨ᠎ᠡ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠲᠡᠮᠡᠴᠡᠯ᠎ᠤᠨ ᠠᠩᠭᠢ ᠪᠠ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ ᠠᠵᠢᠯᠯᠠᠬᠤ ᠠᠩᠭᠢ ᠪᠣᠯᠭᠠᠨ ᠪᠥᠲᠥᠭᠡᠨ ᠪᠠᠢᠭᠤᠯᠤᠨ᠎ᠠ᠃

— 《ᠤᠯᠠᠭᠠᠨᠮᠥ᠋ᠴᠢᠷ +》 ᠶᠡᠷᠦᠩᠬᠡᠢᠯᠡᠭ᠌ᠰᠡᠨ ᠰᠠᠢᠨ ᠳᠤᠷ᠎ᠠ᠎ᠶ᠋ᠢᠨ ᠦᠢᠯᠡᠴᠢᠯᠡᠭᠡ᠂ 《ᠤᠯᠠᠭᠠᠨᠮᠥ᠋ᠴᠢᠷ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠷᠠᠳ ᠲᠦᠮᠡᠨ᠎ᠤ ᠳᠤᠮᠳᠠ ᠬᠦᠷᠬᠦ᠌》 ᠵᠡᠷᠭᠡ ᠠᠵᠢᠯᠯᠠᠭ᠎ᠠ᠎ᠶ᠋ᠢ ᠥᠷᠨᠢᠭᠦᠯᠦᠨ᠎ᠡ᠃

— ᠤᠯᠠᠭᠠᠨᠮᠥ᠋ᠴᠢᠷ᠎ᠤᠨ ᠦᠢᠯᠡᠴᠢᠯᠡᠭᠡᠨ᠎ᠤ ᠲᠦᠭᠦᠭᠡᠷᠦᠮᠵᠢ᠎ᠶ᠋ᠢᠨ ᠪᠠᠷᠢᠮᠵᠢᠶᠠᠵᠢᠭ᠍ᠰᠠᠨ ᠪᠠᠢᠭᠤᠯᠤᠯᠲᠠ᠎ᠶ᠋ᠢ ᠠᠬᠢᠭᠤᠯᠵᠤ᠂ ᠦᠢᠯᠡᠴᠢᠯᠡᠭᠡᠨ᠎ᠤ ᠬᠦᠴᠦᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠯᠠᠭᠠᠨᠮᠥ᠋ᠴᠢᠷ᠎ᠤᠨ ᠤᠷᠠᠯᠢᠭ᠎ᠤᠨ ᠱᠠᠩᠨᠠᠯ ᠭᠠᠷᠭᠠᠨ᠎ᠠ ᠁

ᠱᠢᠨ᠎ᠡ ᠴᠠᠭ ᠦᠶ᠎ᠡ᠎ᠳᠤ ᠤᠯᠠᠭᠠᠨᠮᠥ᠋ᠴᠢᠷ᠎ᠤᠨ᠎ᠬᠢᠨ ᠲᠠᠯ᠎ᠠ ᠨᠤᠲᠤᠭ᠎ᠲᠤ ᠦᠨᠳᠦᠰᠦᠯᠡᠵᠦ᠍᠂ ᠦᠨᠳᠦᠰᠦᠨ ᠱᠠᠲᠤᠨ᠎ᠳᠤ ᠦᠢᠯᠡᠴᠢᠯᠡᠬᠦ᠌ ᠱᠢᠯᠢᠳᠡᠭ ᠤᠯᠠᠮᠵᠢᠯᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠪᠦᠯᠬᠦᠮᠳᠡᠨ ᠲᠡᠮᠡᠴᠡᠬᠦ᠌ ᠤᠶᠤᠨ ᠰᠠᠨᠠᠭᠠᠨ᠎ᠤ ᠬᠦᠴᠦᠨ ᠴᠢᠳᠠᠯ᠎ᠢ ᠨᠢᠭ᠍ᠲᠠᠷᠠᠭᠤᠯᠬᠤ ᠪᠣᠯᠤᠨ᠎ᠠ; ᠱᠢᠨ᠎ᠡ ᠠᠶᠠᠨ ᠵᠠᠮ᠎ᠳᠤ ᠤᠯᠠᠭᠠᠨᠮᠥ᠋ᠴᠢᠷ ᠢᠮᠠᠭ᠍ᠲᠠ ᠠᠭᠤᠤ ᠶᠡᠭᠡ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠵᠤ᠂ ᠨᠡᠢᠭᠡᠮ ᠵᠢᠷᠤᠮ᠎ᠤᠨ ᠰᠣᠶᠣᠯ᠎ᠤᠨ ᠬᠥᠭ᠌ᠵᠢᠯ ᠴᠡᠴᠡᠭ᠌ᠯᠡᠯ᠎ᠢ ᠠᠬᠢᠭᠤᠯᠤᠨ᠎ᠠ᠃

  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号