ᠣᠯᠠᠨ ᠲᠦᠮᠡᠨ᠎ᠤ ᠳᠤᠮᠳᠠ᠎ᠠᠴᠠ ᠢᠷᠡᠵᠦ᠍ ᠣᠯᠠᠨ ᠲᠦᠮᠡᠨ᠎ᠤ ᠳᠤᠮᠳᠠ ᠤᠴᠢᠨ᠎ᠠ
2021-04-28 10:41:27
ᠵᠣᠬᠢᠶᠠᠭ᠍ᠴᠢ᠄
​ ᠸᠠᠩ ᠸᠧᠨ ᠵᠢᠩ
ᠣᠩᠱᠢᠭ᠍ᠰᠠᠨ ᠣᠳᠠᠭ᠎ᠠ᠄
★★★☆☆

 

1957 ᠣᠨ᠎ᠳᠤ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠪᠠᠷᠠᠭᠤᠨ ᠬᠤᠱᠢᠭᠤᠨ᠎ᠳᠤ ᠠᠩᠬᠠᠨ᠎ᠤ ᠡᠩᠨᠡᠭᠡ᠎ᠶ᠋ᠢ ᠡᠭᠦᠳᠦᠨ ᠪᠠᠢᠭᠤᠯᠤᠭ᠍ᠰᠠᠨ᠎ᠠᠴᠠ ᠡᠬᠢᠯᠡᠨ᠂ ᠤᠯᠠᠭᠠᠨᠮᠥ᠋ᠴᠢᠷ ᠪᠠᠢᠩᠭᠤ ᠲᠣᠭ᠍ᠯᠠᠯᠲᠠ ᠭᠠᠷᠭᠠᠨ ᠪᠠᠢᠩᠭᠤ ᠱᠢᠨᠡᠴᠢᠯᠡᠵᠦ᠍᠂ ᠣᠯᠠᠨ᠎ᠤ ᠬᠦᠷᠢᠶᠡᠯᠡᠯ᠎ᠢ ᠣᠯᠵᠤ᠂ ᠤᠳᠤ ᠪᠤᠯᠬᠤ᠎ᠳᠤ ᠨᠢᠭᠡᠨᠲᠡ 75 ᠡᠩᠨᠡᠭᠡ ᠪᠣᠯᠤᠨ ᠬᠥᠭ᠌ᠵᠢᠵᠦ᠍᠂ ᠪᠥᠬᠦ᠌ ᠣᠷᠣᠨ᠎ᠤ ᠡᠯ᠎ᠡ ᠭᠠᠵᠠᠷ᠎ᠲᠤ ᠲᠦᠭᠡᠵᠦ᠍ ᠪᠤᠢ᠃ 60 ᠭᠠᠷᠤᠶ ᠵᠢᠯ᠎ᠤᠨ ᠲᠤᠷᠰᠢ᠂ ᠦᠶ᠎ᠡ ᠦᠶ᠎ᠡ᠎ᠶ᠋ᠢᠨ ᠤᠯᠠᠭᠠᠨᠮᠥ᠋ᠴᠢᠷ᠎ᠤᠨ ᠭᠡᠱᠢᠭᠦᠳ ᠰᠠᠯᠬᠢ ᠱᠢᠭᠤᠷᠭᠠᠨ᠎ᠢ ᠰᠥᠷᠴᠦ᠍᠂ ᠬᠠᠯᠠᠭᠤᠨ ᠬᠦᠢᠲᠡᠨ᠎ᠢ ᠳᠡᠰᠪᠦᠷᠢᠯᠡᠨ᠂ ᠦᠷᠭᠡᠨ ᠭᠤᠪᠢ ᠬᠦᠳᠡᠭᠡ ᠲᠠᠯ᠎ᠠ᠎ᠪᠠᠷ ᠬᠦᠷᠴᠦ᠍ ᠬᠥᠬᠡ ᠲᠩᠷᠢ᠎ᠪᠠᠷ ᠬᠥᠱᠢᠭᠡ ᠪᠣᠯᠭᠠᠨ᠂ ᠬᠥᠷᠥᠰᠥᠲᠦ ᠳᠡᠯᠡᠬᠡᠶ᠎ᠪᠠᠷ ᠲᠠᠢᠰᠠ ᠪᠣᠯᠭᠠᠵᠤ᠂ ᠮᠠᠯᠴᠢᠨ ᠲᠦᠮᠡᠨ᠎ᠳᠤ ᠤᠷᠠᠨ ᠰᠠᠢᠬᠠᠨ᠎ᠤ ᠲᠣᠭ᠍ᠯᠠᠯᠲᠠ ᠭᠠᠷᠭᠠᠵᠤ᠂ ᠪᠠᠶᠠᠷ ᠪᠠᠶᠠᠰᠤᠯ ᠪᠠ ᠦᠢᠯᠡᠴᠢᠯᠡᠭᠡ ᠬᠠᠩᠭᠠᠵᠤ᠂ ᠣᠯᠠᠨ ᠲᠦᠮᠡᠨ᠎ᠲᠠᠢ ᠭᠦᠨ ᠵᠤᠵᠠᠭᠠᠨ ᠨᠥᠬᠦᠷᠯᠡᠯ ᠪᠠᠢᠭᠤᠯᠤᠨ᠂ 《ᠮᠠᠨ᠎ᠤ ᠤᠯᠠᠭᠠᠨᠮᠥ᠋ᠴᠢᠷ》 ᠬᠡᠮᠡᠭ᠌ᠳᠡᠵᠡᠢ᠃

ᠤᠯᠠᠭᠠᠨᠮᠥ᠋ᠴᠢᠷ ᠪᠣᠯ ᠪᠥᠬᠦ᠌ ᠤᠯᠤᠰ᠎ᠤᠨ ᠤᠳᠭ᠎ᠠ ᠤᠷᠠᠯᠢᠭ᠎ᠤᠨ ᠹᠷᠣᠨᠲ᠎ᠤᠨ ᠨᠢᠭᠡᠨ ᠲᠤᠭ ᠮᠥᠨ᠂ ᠮᠡᠨᠳᠦᠯᠡᠭ᠌ᠰᠡᠨ ᠡᠳᠦᠷ᠎ᠠᠴᠠ᠎ᠪᠠᠨ ᠡᠬᠢᠯᠡᠨ᠂ ᠡᠨᠡ ᠬᠦ᠌ ᠲᠤᠭ᠎ᠨᠢ ᠥᠷᠭᠡᠨ ᠠᠭᠤᠳᠠᠮ ᠥᠪᠥᠷ ᠮᠣᠩᠭᠤᠯ᠎ᠤᠨ ᠡᠬᠡ ᠭᠠᠵᠠᠷ᠎ᠲᠤ ᠨᠠᠮᠢᠷᠠᠵᠤ᠂ ᠨᠠᠮ ᠪᠠ ᠵᠠᠰᠠᠭ᠎ᠤᠨ ᠣᠷᠳᠣᠨ᠎ᠤ ᠣᠯᠠᠨ ᠲᠦᠮᠡᠨ᠎ᠲᠠᠢ ᠨᠢᠭ᠍ᠲᠠ ᠬᠠᠷᠢᠯᠴᠠᠬᠤ ᠬᠥᠭᠦᠷᠭᠡ ᠬᠤᠯᠪᠣᠭᠠᠰᠤ ᠪᠣᠯᠤᠭ᠍ᠰᠠᠨ ᠪᠠᠢᠨ᠎ᠠ᠃ ᠴᠢᠮᠡᠭᠡ ᠬᠤᠯᠪᠣᠭ᠎ᠠ ᠪᠠ ᠵᠠᠮ ᠬᠠᠷᠢᠯᠴᠠᠭ᠎ᠠ ᠲᠦᠢᠯ᠎ᠤᠨ ᠳᠥᠭᠦᠮ ᠦᠭᠡᠢ ᠪᠠᠢᠭ᠍ᠰᠠᠨ ᠴᠠᠭ ᠦᠶ᠎ᠡ᠎ᠳᠤ ᠲᠡᠨᠢᠭᠡᠷ ᠠᠭᠤᠳᠠᠮ ᠲᠠᠯ᠎ᠠ ᠨᠤᠲᠤᠭ᠂ ᠡᠯᠡᠰᠦᠨ ᠴᠦᠯ᠎ᠤᠨ ᠭᠦᠨ᠎ᠳᠤ᠂ ᠤᠯᠠᠭᠠᠨᠮᠦᠴᠢᠷ᠎ᠤᠨ ᠡᠩᠨᠡᠭᠡ᠎ᠶ᠋ᠢᠨ ᠭᠠᠯ ᠤᠯᠠᠭᠠᠨ ᠲᠤᠭ ᠬᠠᠷᠠᠭ᠍ᠳᠠᠬᠤ ᠪᠦᠷᠢ ᠮᠠᠯᠴᠢᠨ ᠲᠦᠮᠡᠨ᠎ᠤ ᠬᠦᠰᠡᠯ ᠡᠷᠡᠮᠡᠯᠵᠡᠯ᠎ᠢ ᠬᠥᠭ᠌ᠵᠢᠭᠡᠳᠡᠭ᠃ ᠤᠴᠢᠷ᠎ᠨᠢ ᠤᠯᠠᠭᠠᠨᠮᠥ᠋ᠴᠢᠷ ᠤᠶᠤᠨ ᠰᠠᠨᠠᠭ᠎ᠠ ᠰᠣᠶᠣᠯ᠎ᠤᠨ ᠬᠦᠨᠡᠰᠦ ᠠᠪᠴᠢᠷᠠᠭ᠍ᠰᠠᠨ᠎ᠢᠶᠠᠷ ᠪᠠᠷᠠᠬᠤ ᠦᠭᠡᠢ ᠪᠠᠰᠠ ᠦᠨᠳᠦᠰᠦᠨ ᠱᠠᠲᠤᠨ᠎ᠳᠤ ᠳᠤᠲᠠᠭ᠍ᠳᠠᠵᠤ ᠪᠠᠢᠭ᠎ᠠ᠂ ᠤᠯᠠᠨ ᠲᠦᠮᠡᠨ᠎ᠳᠤ ᠪᠠᠴᠢᠮ ᠱᠠᠭᠠᠷᠳᠠᠭ᠍ᠳᠠᠵᠤ ᠪᠠᠢᠭ᠎ᠠ ᠮᠠᠰᠢ ᠤᠯᠠᠨ ᠦᠢᠯᠡᠴᠢᠯᠡᠭᠡᠨ᠎ᠤ ᠲᠦᠷᠦᠯ ᠵᠦᠢᠯ᠎ᠢ ᠠᠪᠴᠢᠷᠠᠨ᠂ ᠨᠡᠩ ᠴᠢᠬᠤᠯᠠ᠎ᠨᠢ ᠨᠠᠮ ᠪᠣᠯᠤᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ ᠬᠦᠷᠭᠡᠭ᠌ᠰᠡᠨ ᠶᠤᠮ᠃

ᠡᠴᠢᠨᠡᠨ ᠵᠢᠯ᠎ᠤᠨ ᠲᠤᠷᠰᠢ ᠤᠯᠠᠭᠠᠨᠮᠥ᠋ᠴᠢᠷ᠎ᠤᠨ ᠲᠣᠭ᠍ᠯᠠᠯᠲᠠ ᠪᠣᠯᠤᠨ ᠵᠣᠬᠢᠶᠠᠨ ᠪᠦᠲᠦᠭᠡᠯᠭᠡ ᠶᠠᠭᠠᠬᠢᠭᠠᠳ ᠬᠥᠮᠦᠰ᠎ᠤᠨ ᠠᠩᠬᠠᠷᠤᠯ᠎ᠢ ᠲᠠᠲᠠᠭ᠍ᠰᠠᠭᠠᠷ ᠢᠷᠡᠭ᠌ᠰᠡᠨ ᠪᠤᠢ ᠭᠡᠵᠦ᠍ ᠵᠠᠷᠢᠮ ᠬᠦᠮᠦᠨ ᠰᠤᠨᠢᠷᠬᠠᠬᠤ ᠮᠠᠭᠠᠳ᠂ ᠡᠭᠦᠨ᠎ᠤ ᠵᠠᠩᠭᠢᠯᠠᠭ᠎ᠠ᠎ᠨᠢ 《ᠤᠯᠠᠨ ᠲᠦᠮᠡᠨ᠎ᠲᠠᠢ       ᠤᠢ᠍ᠢᠷᠠᠲᠤᠭ᠍ᠰᠠᠨ》 ᠎ᠳᠤ ᠪᠠᠢᠳᠠᠭ᠃ ᠤᠯᠠᠭᠠᠨᠮᠥ᠋ᠴᠢᠷ᠎ᠤᠨ 60 ᠭᠠᠷᠤᠶ ᠵᠢᠯ᠎ᠤᠨ ᠬᠥᠭ᠌ᠵᠢᠯᠲᠡ᠎ᠶ᠋ᠢᠨ ᠥᠩᠭᠡᠷᠡᠯᠲᠡ᠎ᠨᠢ ᠦᠨᠳᠦᠰᠦᠨ ᠱᠠᠲᠤᠨ᠎ᠳᠤ ᠦᠨᠳᠦᠰᠦᠯᠡᠵᠦ᠍᠂ ᠠᠷᠠᠳ ᠲᠦᠮᠡᠨ᠎ᠳᠤ ᠦᠢᠯᠡᠴᠢᠯᠡᠪᠡᠯ ᠰᠣᠶᠣᠯ ᠤᠷᠠᠯᠢᠭ ᠰᠠᠶᠢ ᠪᠠᠲᠤ ᠪᠠᠬᠢ ᠰᠠᠭᠤᠷᠢ᠎ᠲᠠᠢ ᠪᠣᠯᠵᠣ ᠴᠢᠳᠠᠨ᠎ᠠ; ᠠᠮᠢᠳᠤᠷᠠᠯ᠎ᠤᠨ ᠱᠢᠮᠡᠯᠢᠭ ᠬᠥᠷᠥᠰᠥᠨ᠎ᠳᠤ ᠦᠨᠳᠦᠰᠦᠯᠡᠪᠡᠯ ᠤᠷᠠᠯᠢᠭ ᠰᠠᠶᠢ ᠴᠤᠭ ᠪᠠᠳᠠᠷᠠᠩᠭᠤᠶ ᠠᠮᠢᠵᠢᠷᠠᠯ᠎ᠤᠨ ᠬᠦᠴᠦᠨ᠎ᠲᠠᠢ ᠪᠣᠯᠵᠣ ᠴᠢᠳᠠᠨ᠎ᠠ; ᠠᠷᠠᠳ ᠤᠯᠠᠨ᠎ᠤ ᠡᠯᠪᠡᠭ ᠪᠠᠶᠠᠯᠢᠭ ᠦᠢᠯᠡᠳᠦᠯᠭᠡ᠎ᠶ᠋ᠢᠨ ᠳᠤᠮᠳᠠ᠎ᠠᠴᠠ ᠭᠦᠢᠴᠡᠳ ᠱᠢᠮ᠎ᠡ ᠲᠡᠵᠢᠭᠡᠯ ᠣᠯᠪᠠᠯ ᠰᠠᠶᠢ ᠠᠮᠢᠳᠤᠷᠠᠯ ᠪᠠ ᠤᠯᠠᠨ ᠲᠦᠮᠡᠨ᠎ᠲᠠᠢ ᠤᠢ᠍ᠢᠷᠠᠳᠤᠭ᠍ᠰᠠᠨ᠂ ᠤᠯᠠᠨ ᠲᠦᠮᠡᠨ᠎ᠤ ᠳᠤᠮᠳᠠ ᠳᠡᠯᠭᠡᠷᠡᠵᠦ᠍ ᠲᠠᠭᠠᠱᠢᠶᠠᠭ᠍ᠳᠠᠭ᠍ᠰᠠᠨ ᠨᠡᠩ ᠤᠯᠠᠨ ᠱᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠍ ᠴᠢᠳᠠᠨ᠎ᠠ ᠭᠡᠳᠡᠭ᠎ᠢ ᠭᠦᠢᠴᠡᠳ ᠢᠯᠡᠷᠡᠭᠦᠯᠪᠡ᠃

ᠴᠠᠭ ᠦᠶ᠎ᠡ ᠬᠥᠭ᠌ᠵᠢᠵᠦ᠍᠂ ᠤᠷᠠᠯᠢᠭ ᠳᠠᠪᠱᠢᠵᠤ ᠪᠠᠢᠨ᠎ᠠ᠂ ᠭᠡᠪᠡᠴᠦ᠍ ᠤᠯᠠᠭᠠᠨᠮᠥ᠋ᠴᠢᠷ᠎ᠤᠨ ᠡᠨᠡ ᠬᠦ᠌ ᠠᠷᠠᠳ ᠲᠦᠮᠡᠨ᠎ᠳᠤ ᠱᠢᠭᠤᠳ ᠦᠢᠯᠡᠴᠢᠯᠡᠵᠦ᠍᠂ ᠦᠨᠳᠦᠰᠦᠨ ᠱᠠᠲᠤᠨ᠎ᠳᠤ ᠦᠢᠯᠡᠴᠢᠯᠡᠬᠦ᠌ ᠤᠳᠭ᠎ᠠ ᠤᠷᠠᠯᠢᠭ᠎ᠤᠨ ᠠᠵᠢᠯᠯᠠᠭ᠎ᠠ ᠬᠡᠵᠢᠶᠡᠳᠡ ᠴᠠᠭ ᠦᠶ᠎ᠡ᠎ᠠᠴᠠ ᠬᠤᠵᠢᠭᠤᠳᠠᠬᠤ ᠦᠭᠡᠢ ᠶᠤᠮ᠂ ᠨᠠᠮ᠎ᠤᠨ ᠤᠳᠤᠷᠢᠳᠤᠯᠭ᠎ᠠ ᠳᠣᠣᠷ᠎ᠠ ᠪᠤᠢ ᠪᠣᠯᠤᠭ᠍ᠰᠠᠨ ᠤᠯᠠᠭᠠᠨᠮᠥ᠋ᠴᠢᠷ᠎ᠤᠨ ᠵᠣᠷᠢᠭ ᠰᠠᠨᠠᠭ᠎ᠠ ᠴᠤ᠌ ᠬᠡᠵᠢᠶᠡᠳᠡ ᠴᠠᠭ ᠦᠶ᠎ᠡ᠎ᠠᠴᠠ ᠬᠤᠴᠣᠷᠬᠤ ᠦᠭᠡᠢ ᠶᠤᠮ᠂ ᠲᠡᠷᠡᠴᠢᠯᠡᠨ ᠴᠠᠭ ᠦᠶ᠎ᠡ᠎ᠲᠠᠢ ᠬᠠᠮᠲᠤ᠎ᠪᠠᠷ ᠤᠷᠤᠭ᠍ᠰᠢᠯᠠᠵᠤ᠂ ᠦᠶ᠎ᠡ᠎ᠶ᠋ᠢᠨ ᠦᠶ᠎ᠡ᠎ᠳᠤ ᠣᠷᠣᠱᠢᠨ ᠲᠣᠭ᠍ᠲᠠᠨᠢᠵᠤ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠪᠣᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号