ᠤᠯᠠᠭᠠᠨᠮᠥ᠋ᠴᠢᠷ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠱᠢᠨ᠎ᠡ ᠴᠠᠭ ᠦᠶ᠎ᠡ᠎ᠶ᠋ᠢᠨ ᠰᠣᠶᠣᠯ᠎ᠤᠨ ᠦᠢᠯᠡᠰ᠎ᠤᠨ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠤᠶ᠎ᠠ
2021-04-28 10:41:33
ᠵᠣᠬᠢᠶᠠᠭ᠍ᠴᠢ᠄
ᠪᠦᠦ ᠰᠡᠴᠡᠨ
ᠣᠩᠱᠢᠭ᠍ᠰᠠᠨ ᠣᠳᠠᠭ᠎ᠠ᠄
★★★☆☆


ᠶᠡᠷᠦᠩᠬᠡᠶ ᠱᠦᠵᠢ ᠰᠢ᠎ᠶ᠋ᠢᠨ ᠫᠢᠩ ᠰᠥᠨᠢᠳ ᠪᠠᠷᠠᠭᠤᠨ ᠬᠤᠱᠢᠭᠤᠨ᠎ᠤ ᠤᠯᠠᠭᠠᠨᠮᠥ᠋ᠴᠢᠷ᠎ᠤᠨ ᠭᠡᠱᠢᠭᠦᠳ᠎ᠲᠤ ᠢᠯᠡᠭᠡᠭ᠌ᠰᠡᠨ ᠬᠠᠷᠢᠭᠤ ᠵᠠᠬᠢᠳᠠᠯ᠎ᠳᠠᠭᠠᠨ᠂ ᠤᠯᠠᠭᠠᠨᠮᠥ᠋ᠴᠢᠷ᠎ᠢ 《ᠪᠥᠬᠦ᠌ ᠤᠯᠤᠰ᠎ᠤᠨ ᠤᠳᠭ᠎ᠠ ᠤᠷᠠᠯᠢᠭ᠎ᠤᠨ ᠹᠷᠣᠨᠲ᠎ᠤᠨ ᠨᠢᠭᠡᠨ ᠲᠤᠭ ᠮᠥᠨ》 ᠭᠡᠵᠦ᠍ ᠮᠠᠭ᠍ᠲᠠᠨ ᠰᠠᠢᠱᠢᠶᠠᠵᠤ᠂ ᠲᠡᠳᠡᠨ᠎ᠢ ᠥᠨᠢ ᠡᠭᠦᠷᠢᠳᠡ ᠲᠠᠯ᠎ᠠ ᠨᠤᠲᠤᠭ᠎ᠤᠨ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠪᠣᠯᠤᠭᠠᠷᠠᠶ ᠭᠡᠵᠦ᠍ ᠵᠣᠷᠢᠭ᠍ᠵᠢᠭᠤᠯᠪᠠ᠃ ᠪᠢᠳᠡ ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ 《ᠠᠷᠠᠳ ᠲᠦᠮᠡᠨ᠎ᠳᠤ ᠱᠢᠭᠤᠳ ᠦᠢᠯᠡᠴᠢᠯᠡᠬᠦ᠂ ᠦᠨᠳᠦᠰᠦᠨ ᠱᠠᠲᠤᠨ᠎ᠳᠤ ᠦᠢᠯᠡᠴᠢᠯᠡᠬᠦ᠌》 ᠤᠯᠠᠭᠠᠨᠮᠥ᠋ᠴᠢᠷ᠎ᠤᠨ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠤᠨ᠂ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠪᠥᠬᠦ᠌ ᠲᠠᠯ᠎ᠠ᠎ᠪᠠᠷ ᠴᠡᠴᠡᠭ᠌ᠯᠡᠭᠦᠯᠦᠨ ᠬᠥᠭ᠌ᠵᠢᠭᠦᠯᠵᠦ᠍᠂ ᠠᠷᠠᠳ ᠲᠦᠮᠡᠨ᠎ᠳᠤ ᠨᠠᠩ ᠪᠦᠷᠢᠨ ᠲᠡᠭᠦᠯᠳᠡᠷ᠂ ᠨᠠᠩ ᠪᠠᠶᠠᠯᠢᠭ᠂ ᠨᠠᠩ ᠴᠢᠨᠠᠷ ᠰᠠᠢᠲᠠᠶ ᠣᠶᠤᠨ᠎ᠤ ᠰᠣᠶᠣᠯ᠎ᠤᠨ ᠠᠮᠢᠳᠤᠷᠠᠯ᠎ᠢ ᠡᠳ᠋ᠯᠡᠭᠦᠯᠬᠦ᠌ ᠬᠡᠷᠡᠭ᠌ᠲᠡᠶ᠃ ᠨᠡᠢᠭᠡᠮ ᠵᠢᠷᠤᠮ᠎ᠤᠨ ᠭᠤᠣᠯᠯᠠᠬᠤ ᠦᠷᠳᠡᠭ᠎ᠤᠨ ᠦᠵᠡᠯᠲᠡ᠎ᠪᠠᠷ ᠰᠣᠶᠣᠯ᠎ᠤᠨ ᠪᠠᠢᠭᠤᠯᠤᠯᠲᠠ᠎ᠶ᠋ᠢ ᠬᠥᠳᠤᠯᠤᠨ ᠳᠠᠭᠠᠭᠤᠯᠬᠤ᠎ᠶ᠋ᠢ ᠪᠠᠷᠢᠮᠲᠠᠯᠠᠵᠤ᠂ ᠨᠡᠢᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠠᠷᠠᠳ ᠲᠦᠮᠡᠨ᠎ᠤ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠤ ᠪᠠ ᠠᠷᠠᠳ ᠲᠦᠮᠡᠨ᠎ᠤ ᠤᠶᠤᠨ᠎ᠤ ᠬᠦᠴᠦᠨ᠎ᠢ ᠴᠢᠩᠭᠠᠷᠠᠭᠤᠯᠬᠤ᠎ᠶ᠋ᠢᠨ ᠨᠢᠭᠡᠳᠦᠯ᠎ᠢ ᠠᠬᠢᠭᠤᠯᠬᠤ ᠬᠡᠷᠡᠭ᠌ᠲᠡᠢ᠃ ᠤᠯᠠᠭᠠᠨᠮᠥ᠋ᠴᠢᠷ᠎ᠢ ᠨᠠᠮ᠎ᠤᠨ ᠲᠠᠭᠤᠨ ᠪᠠ ᠵᠣᠷᠢᠯᠲᠠ᠎ᠶ᠋ᠢᠨ ᠤᠬᠠᠭᠤᠯᠬᠤ ᠠᠩᠭᠢ᠂ ᠦᠨᠳᠦᠰᠦᠨ ᠱᠠᠲᠤᠨ᠎ᠤ ᠣᠯᠠᠨ ᠲᠦᠮᠡᠨ᠎ᠳᠤ  ᠦᠢᠯᠡᠴᠢᠯᠡᠬᠦ᠌ ᠤᠳᠭ᠎ᠠ ᠤᠷᠠᠯᠢᠭ᠎ᠤᠨ ᠠᠩᠭᠢ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠠᠩᠭᠢ᠂ ᠱᠢᠨ᠎ᠡ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠲᠡᠮᠡᠴᠡᠯ᠎ᠤᠨ ᠠᠩᠭᠢ ᠪᠠ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ ᠠᠵᠢᠯᠯᠠᠬᠤ ᠠᠩᠭᠢ ᠪᠣᠯᠭᠠᠨ ᠪᠥᠲᠥᠭᠡᠨ ᠪᠠᠢᠭᠤᠯᠬᠤ ᠬᠡᠷᠡᠭ᠌ᠲᠡᠶ᠃ ᠨᠠᠮ᠎ᠤᠨ ᠤᠳᠭ᠎ᠠ ᠤᠷᠠᠯᠢᠭ᠎ᠤᠨ ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠤᠯᠠᠨ ᠲᠦᠮᠡᠨ᠎ᠲᠠᠢ ᠤᠢ᠍ᠢᠷᠠᠲᠤᠭ᠍ᠰᠠᠨ᠂ ᠤᠯᠠᠨ ᠲᠦᠮᠡᠨ᠎ᠤ ᠳᠤᠮᠳᠠ ᠳᠡᠯᠭᠡᠷᠡᠵᠦ᠍ ᠲᠠᠭᠠᠱᠢᠶᠠᠭ᠍ᠳᠠᠭ᠍ᠰᠠᠨ ᠨᠡᠩ ᠤᠯᠠᠨ ᠱᠢᠯᠢᠳᠡᠭ ᠪᠦᠲᠦᠭᠡᠯ᠎ᠢ ᠵᠣᠬᠢᠶᠠᠨ ᠪᠦᠲᠦᠭᠡᠬᠦ᠌ ᠬᠡᠷᠡᠭ᠌ᠲᠡᠢ᠃ ᠰᠣᠨᠢᠨ ᠮᠡᠳᠡᠭᠡ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠭ᠎ᠠ ᠵᠣᠬᠢᠶᠠᠯ ᠤᠷᠠᠯᠢᠭ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠥᠪ᠎ᠤᠨ ᠱᠢᠰᠲ᠋ᠧᠮᠲᠦ ᠴᠢᠨᠠᠷᠲᠠᠢ ᠬᠠᠮᠠᠭᠠᠯᠠᠯᠲᠠ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ ᠬᠡᠷᠡᠭ᠌ᠲᠡᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号