ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠭ᠌ᠰᠡᠨ᠎ᠠᠴᠠ ᠨᠠᠭᠠᠰᠢ᠂ ᠤᠯᠠᠭᠠᠨᠴᠠᠪ ᠬᠤᠳᠠ᠎ᠶ᠋ᠢᠨ ᠨᠠᠮ᠎ᠤᠨ ᠬᠤᠷᠢᠶ᠎ᠠ ᠨᠠᠷᠢᠨ ᠨᠢᠭ᠍ᠲᠠ ᠪᠠᠢᠷᠢᠯᠠᠭᠤᠯᠵᠤ᠂ ᠤᠳᠤᠷᠢᠤᠡᠬᠤ ᠳᠤᠭᠤᠢᠯᠠᠩ ᠵᠢᠴᠢ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠵᠢᠯᠣᠭᠤᠤᠡᠬᠤ ᠳᠤᠭᠤᠢᠯᠠᠩ ᠭᠦᠨᠵᠡᠭᠡᠢ ᠱᠠᠯᠠᠪᠳᠠᠭᠤᠯᠤᠨ ᠵᠢᠯᠣᠭᠤᠳᠴᠤ᠌᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠨᠠᠮ᠎ᠤᠨ ᠬᠤᠷᠢ᠊ ᠡᠶ᠎ᠡ ᠦᠳᠲᠡᠷ ᠲᠦᠷᠭᠡᠨ ᠠᠬᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠳᠤᠮᠳᠠ ᠰᠤᠷᠤᠯᠴᠠᠯᠭ᠎ᠠ᠎ᠶ᠋ᠢᠨ ᠥᠷᠨᠢᠯᠲᠡ ᠭᠠᠷᠴᠤ᠌᠂ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠦᠭ᠌ᠬᠦ᠂ ᠠᠵᠢᠯ᠎ᠤᠨ ᠱᠢᠨ᠎ᠡ ᠪᠠᠢᠳᠠᠯ᠎ᠢ ᠡᠭᠦᠳᠬᠦ᠌᠎ᠶ᠋ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠵᠣᠷᠢᠯᠲᠠ ᠪᠣᠯᠭᠠᠵᠤ᠂ ᠡᠯ᠎ᠡ ᠵᠦᠢᠯ᠎ᠤᠨ ᠠᠵᠢᠯ᠎ᠢ ᠡᠮᠬᠢ ᠵᠢᠷᠤᠮ᠎ᠲᠠᠢ ᠥᠷᠨᠢᠭᠦᠯᠬᠦ᠌᠎ᠶ᠋ᠢ ᠯᠠᠪᠳᠠᠭᠤᠨ ᠪᠠᠲᠤᠲᠠᠢ ᠠᠬᠢᠭᠤᠯᠪᠠ᠃
ᠤᠯᠠᠭᠠᠨᠴᠠᠪ ᠬᠤᠲᠠ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠸᠠᠩ ᠶᠦᠡᠭ ᠱᠧᠩ᠄ 《ᠪᠥᠬᠦ᠌ ᠬᠤᠲᠠ ᠳᠠᠶᠠᠭᠠᠷ ᠨᠠᠮ᠎ᠤᠨ ᠲᠡᠦᠬᠡ᠎ᠶ᠋ᠢ ᠰᠤᠷᠤᠯᠴᠠᠬᠤ᠂ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ᠂ 〈ᠪᠢ ᠨᠠᠮ᠎ᠤᠨ ᠭᠡᠱᠢᠭᠦᠨ᠂ ᠪᠢ ᠲᠠᠨ᠎ᠢ ᠬᠠᠪᠰᠤᠷᠤᠶ᠎ᠠ〉 ᠭᠡᠬᠦ᠌ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢᠨ ᠠᠵᠢᠯᠯᠠᠭ᠎ᠠ ᠪᠠ ᠠᠷᠠᠳ᠎ᠤᠨ ᠲᠥᠯᠥᠭᠡ ᠪᠣᠳᠠᠲᠤ ᠶᠠᠪᠤᠳᠠᠯ ᠬᠢᠬᠦ᠌ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠦᠷᠨᠢᠭᠦᠯᠵᠤ᠂ ᠨᠢᠭᠡ ᠪᠦᠯᠦᠭ ᠤᠯᠠᠨ ᠲᠦᠮᠡᠨ᠎ᠤ 〈ᠪᠠᠴᠢᠮᠳᠠᠵᠦ᠍ ᠬᠦᠴᠢᠷᠳᠡᠵᠦ᠍ ᠵᠤᠪᠠᠨᠢᠵᠦ᠍ ᠬᠦᠰᠡᠵᠦ᠍〉 ᠪᠠᠢᠭ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠰᠤᠷᠤᠯᠴᠠᠯᠭ᠎ᠠ ᠬᠥᠮᠦᠵᠢᠯ᠎ᠢ ᠲᠠᠰᠤᠷᠠᠯᠳᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ》 ᠬᠡᠵᠤ ᠲᠠᠨᠢᠯᠴᠠᠭᠤᠯᠤᠨ᠎ᠠ᠃
ᠲᠣᠰ ᠬᠤᠳᠠ᠎ᠶ᠋ᠢᠨ ᠨᠠᠮ᠎ᠤᠨ ᠬᠤᠷᠢᠶ᠎ᠠ ᠤᠷᠢᠳ ᠬᠤᠵᠢᠳ 5 ᠤᠳᠠᠭ᠎ᠠ ᠬᠤᠳᠠ᠎ᠶ᠋ᠢᠨ ᠨᠠᠮ᠎ᠤᠨ ᠬᠤᠷᠢᠶᠠᠨ᠎ᠤ ᠤᠨᠤᠯ ᠰᠤᠷᠤᠯᠴᠠᠬᠤ ᠭᠤᠣᠯ ᠳᠤᠭᠤᠢᠯᠠᠩ᠎ᠤᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠴᠢᠬᠤᠯᠠ ᠶᠠᠷᠢᠶ᠎ᠠ᠂ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠴᠠᠭ ᠲᠤᠬᠠᠢᠳᠤᠨᠢ᠎ᠲᠠᠭᠠᠨ ᠰᠤᠷᠤᠯᠴᠠᠪᠠ᠃ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠲᠤᠭᠤᠢ᠍ᠢᠯᠠᠩ᠂ ᠬᠤᠲᠠ᠎ᠶ᠋ᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠲᠤᠭᠤᠢ᠍ᠢᠯᠠᠩ᠂ ᠬᠤᠲᠠ᠎ᠶ᠋ᠢᠨ ᠤᠯᠤᠰ ᠲᠥᠷᠦ᠎ᠶ᠋ᠢᠨ ᠵᠥᠪᠯᠡᠯᠭᠡᠨ᠎ᠤ ᠣᠨᠣᠯ ᠰᠤᠷᠤᠯᠴᠠᠬᠤ ᠭᠤᠣᠯ ᠲᠤᠭᠤᠢ᠍ᠢᠯᠠᠩ ᠵᠢᠱ᠌ᠢᠶ᠎ᠡ ᠦᠵᠡᠭᠦᠯᠦᠨ ᠳᠠᠢᠴᠢᠯᠠᠵᠤ᠂ ᠨᠢᠭᠡᠳᠦᠭᠡᠷ ᠬᠢᠴᠢᠶᠡᠯ᠎ᠢ ᠴᠢᠨᠠᠷ ᠰᠠᠢᠳᠤᠷ ᠣᠷᠣᠵᠤ᠂ ᠲᠤᠰᠭᠠᠢ ᠰᠡᠳᠦᠪ ᠬᠤᠪᠢᠶᠠᠨ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠵᠤ᠂ ᠤᠳᠤᠷᠢᠳᠭᠤ ᠪᠠᠭ᠎ᠤᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠪᠠ᠃ ᠱᠢᠶᠠᠨ᠎ᠤ ᠭᠠᠵᠠᠷ᠎ᠤᠨ ᠲᠡᠰ᠎ᠠᠴᠠ ᠳᠡᠭᠡᠭ᠌ᠰᠢᠬᠢ ᠤᠳᠤᠷᠢᠳᠭᠤ ᠺᠠᠳ᠋ᠷ᠎ᠤᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠢ ᠰᠡᠳᠦᠪᠲᠦ ᠪᠣᠯᠪᠠᠰᠤᠷᠠᠯ᠎ᠤᠨ ᠠᠩᠬᠢ ᠡᠷᠬᠢᠯᠡᠪᠡ᠃
ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠡᠭᠦᠷ᠎ᠢᠶᠠᠷ ᠲᠦᠱᠢᠭ ᠪᠣᠯᠭᠠᠵᠤ᠂ 《ᠭᠤᠷᠪᠠᠨ ᠬᠤᠷᠠᠯ ᠨᠢᠭᠡ ᠬᠢᠴᠢᠶᠡᠯ》᠂ ᠭᠤᠣᠯ ᠰᠡᠳᠦᠪᠲᠦ ᠨᠠᠮ᠎ᠤᠨ ᠡᠳᠦᠷᠯᠢᠭ ᠪᠠ ᠨᠠᠮ᠎ᠤᠨ ᠲᠡᠦᠬᠡ᠎ᠶ᠋ᠢᠨ ᠮᠡᠳᠡᠯᠭᠡ᠎ᠶ᠋ᠢᠨ ᠤᠷᠤᠯᠳᠤᠭᠠᠨ ᠵᠡᠷᠭᠡ ᠬᠡᠯᠪᠡᠷᠢ᠎ᠪᠠᠷ ᠰᠤᠷᠤᠯᠴᠠᠯᠭ᠎ᠠ᠎ᠶ᠋ᠢ ᠵᠣᠬᠢᠶᠠᠨ ᠪᠠᠢᠭᠤᠯᠪᠠ᠃ 3 ᠰᠠᠷ᠎ᠠ᠎ᠶ᠋ᠢᠨ 31 ᠤ ᠡᠳᠦᠷ ᠪᠣᠯᠲᠠᠯ᠎ᠠ᠂ 11 ᠬᠤᠱᠢᠭᠤ ᠱᠢᠶᠠᠨ ᠬᠤᠳᠠ ᠲᠣᠭᠤᠷᠢᠭ ᠪᠣᠯᠤᠨ 90 ᠬᠤᠳᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ ᠪᠦᠬᠦᠨ᠎ᠢᠶᠠᠷ᠎ᠢᠶᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠨᠢᠭᠡᠳᠦᠭᠡᠷ ᠬᠢᠴᠢᠶᠡᠯ᠎ᠢ ᠣᠷᠣᠵᠤ ᠳᠠᠭᠤᠰᠭᠠᠭ᠍ᠰᠠᠨ ᠪᠥᠭᠡᠳ ᠰᠠᠨᠠᠯ᠎ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠢᠷᠭᠢ᠊ ᠡᠶ᠎ᠡ᠎ᠶ᠋ᠢᠨ ᠤᠯᠠᠨ ᠨᠡᠢᠲᠡ᠎ᠶ᠋ᠢᠨ ᠲᠠᠪᠴᠡᠩᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠴᠢᠬᠤᠯᠠ ᠲᠠᠪᠴᠠᠩ ᠪᠣᠯᠭᠠᠵᠤ᠂ 《ᠨᠠᠮ᠎ᠤᠨ ᠲᠡᠦᠬᠡ᠎ᠶ᠋ᠢᠨ ᠮᠡᠳᠡᠯᠭᠡ᠎ᠶ᠋ᠢᠨ ᠡᠳᠦᠷ ᠪᠦᠷᠢ᠎ᠶ᠋ᠢᠨ ᠬᠠᠷᠢᠭᠤᠯᠲᠠ》᠂ 《ᠨᠠᠮ᠎ᠤᠨ ᠲᠡᠦᠬᠡ᠎ᠶ᠋ᠢᠨ ᠦᠯᠢᠬᠡᠷ᠎ᠤᠨ ᠵᠠᠭᠤᠨ ᠲᠠᠢᠯᠤᠮᠵᠢ》᠂ 《ᠡᠳᠦᠷ ᠪᠦᠷᠢ ᠨᠠᠮ᠎ᠤᠨ ᠲᠡᠦᠬᠡ᠎ᠶ᠋ᠢ ᠰᠤᠷᠤᠯᠴᠠᠶ᠎ᠠ》 ᠵᠡᠷᠭᠡ ᠲᠤᠰᠭᠠᠢ ᠪᠤᠯᠤᠩ ᠨᠡᠭᠡᠭᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠲᠤ ᠲᠦᠭᠦᠮ ᠲᠦᠳᠡ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠵᠢᠭ᠍ᠰᠠᠭᠠᠯ᠎ᠤᠨ ᠭᠠᠵᠠᠷ ᠨᠡᠭᠡᠭᠡᠵᠦ᠍ ᠥᠭ᠌ᠪᠡ᠃ ᠬᠤᠲᠠ᠎ᠶ᠋ᠢᠨ ᠨᠠᠮ᠎ᠤᠨ ᠬᠤᠷᠢᠶᠠᠨ᠎ᠤ ᠨᠠᠮ᠎ᠤᠨ ᠰᠤᠷᠭᠠᠭᠤᠯᠢ ᠪᠣᠯᠤᠨ ᠬᠤᠲᠠ᠎ᠶ᠋ᠢᠨ ᠷᠠᠳᠢᠣ᠋ ᠲᠧᠯᠸᠢᠰ ᠬᠤᠷᠢᠶ᠎ᠠ ᠬᠠᠮᠲᠤᠷᠠᠨ᠂ 《ᠨᠠᠮ᠎ᠤᠨ ᠲᠡᠦᠬᠡ᠎ᠶ᠋ᠢᠨ ᠬᠥᠮᠦᠵᠢᠯ᠎ᠤᠨ ᠡᠳᠦᠷ ᠪᠦᠷᠢ᠎ᠶ᠋ᠢᠨ ᠶᠠᠷᠢᠶ᠎ᠠ》 ᠭᠡᠬᠦ᠌ ᠪᠤᠯᠤᠩ ᠭᠠᠷᠭᠠᠵᠤ᠂ 《ᠨᠠᠮ᠎ᠤᠨ ᠰᠤᠷᠭᠠᠭᠤᠯᠢ + ᠨᠠᠮ᠎ᠤᠨ ᠵᠠᠭᠤᠴᠢᠯᠠᠭᠤᠷ》 ᠵᠡᠷᠭᠡ ᠬᠡᠯᠪᠡᠷᠢ᠎ᠪᠠᠷ ᠨᠠᠮ᠎ᠤᠨ ᠲᠡᠦᠬᠡ᠎ᠳᠤ ᠲᠤᠰᠭᠠᠶ ᠰᠡᠳᠦᠪᠲᠦ ᠲᠠᠢᠯᠤᠮᠵᠢ ᠬᠢᠵᠦ᠍᠂ ᠥᠷᠭᠡᠨ ᠣᠯᠠᠨ ᠨᠠᠮ᠎ᠤᠨ ᠭᠡᠱᠢᠭᠦᠨ᠎ᠤ ᠰᠤᠷᠤᠯᠴᠠᠬᠤ᠎ᠳᠤ ᠲᠥᠬᠦᠮ ᠦᠵᠡᠭᠦᠯᠪᠡ᠃
ᠲᠣᠰ ᠬᠤᠲᠠ ᠰᠤᠷᠤᠯᠴᠠᠯᠭ᠎ᠠ ᠬᠥᠮᠦᠵᠢᠯ᠎ᠢ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠤᠢ᠍ᠢᠯᠡᠳᠦᠯᠭᠡᠶ᠋ᠢᠨ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠭᠦᠳᠡ᠎ᠪᠠᠨ ᠨᠡᠭᠡᠭᠡᠵᠦ᠍ ᠪᠣᠳᠠᠲᠤ ᠶᠠᠪᠤᠳᠠᠯ ᠬᠢᠬᠦ᠂ ᠬᠡᠷᠡᠭ᠌ᠵᠢᠭᠦᠯᠬᠦ᠌ ᠲᠦᠷᠦᠯ ᠵᠦᠢᠯ᠎ᠢ ᠤᠯᠠᠨ ᠲᠦᠮᠡᠨ᠎ᠤ ᠲᠤᠮᠳᠠ᠎ᠠᠴᠠ ᠤᠯᠬᠤ᠂ ᠱᠢᠢᠳᠪᠤᠷᠢᠯᠡᠬᠦ᠌ ᠶᠠᠪᠤᠴᠠ᠎ᠪᠠᠨ ᠣᠯᠠᠨ ᠲᠦᠮᠡᠨ᠎ᠳᠤ ᠢᠯᠡ ᠪᠣᠯᠭᠠᠬᠤ᠎ᠶ᠋ᠢ ᠪᠠᠷᠢᠮᠲᠠᠯᠠᠵᠤ᠂ ᠱᠢᠢᠳᠪᠦᠷᠢᠯᠡᠭ᠌ᠰᠡᠨ ᠦᠷ᠎ᠡ ᠳ᠋ᠦᠩ᠎ᠨᠢ ᠣᠯᠠᠨ ᠲᠦᠮᠡᠨ᠎ᠤ ᠱᠢᠯᠭᠠᠯᠲᠠ᠎ᠶ᠋ᠢ ᠬᠦᠯᠢᠶᠡᠨ᠎ᠠ᠃ 《12345》 ᠵᠠᠰᠠᠭ᠎ᠤᠨ ᠣᠷᠳᠣᠨ᠎ᠤ ᠠᠷᠠᠳ᠎ᠲᠤ ᠳᠥᠭᠦᠮ ᠦᠵᠡᠭᠦᠯᠬᠦ᠌ ᠤᠢ᠍ᠢᠯᠡᠴᠢᠯᠡᠭᠡᠨ᠎ᠤ ᠬᠠᠯᠠᠮᠱᠢᠯ ᠤᠲᠠᠰᠤ᠂ ᠵᠢᠷᠬᠢᠶ᠎ᠡ᠎ᠶ᠋ᠢᠨ ᠣᠯᠠᠨ ᠨᠡᠢᠲᠡ᠎ᠶ᠋ᠢᠨ ᠲᠠᠪᠴᠡᠩ ᠪᠠ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠣᠯᠠᠨ ᠲᠦᠮᠡᠨ᠎ᠤ ᠭᠡᠷ᠎ᠲᠤ ᠬᠦᠷᠴᠤ᠌ ᠰᠤᠷᠪᠤᠯᠵᠢᠯᠠᠬᠤ ᠵᠡᠷᠭᠡ ᠬᠡᠯᠪᠡᠷᠢ᠎ᠪᠠᠷ ᠵᠠᠰᠠᠭ᠎ᠤᠨ ᠶᠠᠪᠤᠳᠠᠯ᠎ᠢ ᠠᠷᠠᠳ᠎ᠠᠴᠠ ᠠᠰᠠᠭᠤᠬᠤ᠂ ᠠᠷᠭ᠎ᠠ ᠪᠣᠳᠣᠯᠭ᠎ᠠ᠎ᠶ᠋ᠢ ᠠᠷᠠᠳ᠎ᠠᠴᠠ ᠠᠰᠠᠭᠤᠬᠤ᠂ ᠬᠡᠷᠡᠭ᠌ᠴᠡᠭᠡ ᠱᠠᠭᠠᠷᠳᠠᠯᠭ᠎ᠠ᠎ᠶ᠋ᠢ ᠠᠷᠠᠳ᠎ᠠᠴᠠ ᠠᠰᠠᠭᠤᠬᠤ᠂ ᠰᠠᠨᠠᠯ ᠰᠣᠨᠣᠰᠤᠨ᠂ ᠬᠦᠰᠡᠯ ᠱᠠᠭᠠᠷᠳᠠᠯᠭ᠎ᠠ᠎ᠶ᠋ᠢ ᠣᠢᠯᠠᠭᠠᠵᠤ᠂ ᠡᠭᠦᠨ᠎ᠤ ᠰᠠᠭᠤᠷᠢᠨ ᠳᠡᠭᠡᠷ᠎ᠡ ᠠᠰᠠᠭᠤᠳᠠᠯ᠎ᠤᠨ ᠨᠠᠷᠢᠨ ᠬᠠᠭᠤᠳᠠᠰᠤ᠎ᠶ᠋ᠢ ᠬᠤᠷᠢᠶᠠᠩᠭᠤᠢ᠍ᠢᠯᠠᠨ ᠡᠮᠬᠢᠯᠡᠵᠠᠢ᠃ ᠣᠳᠣᠬᠠᠨ᠎ᠳᠤ᠂ 《12345》 ᠵᠠᠰᠠᠭ᠎ᠤᠨ ᠶᠠᠪᠤᠳᠠᠯ᠎ᠤᠨ ᠤᠢ᠍ᠢᠯᠡᠴᠢᠯᠡᠭᠡᠨ᠎ᠤ ᠬᠠᠯᠠᠮᠱᠢᠯ ᠤᠲᠠᠰᠤ᠎ᠶ᠋ᠢ 9300 ᠭᠠᠷᠤᠶ ᠲᠤᠰᠴᠤ᠌᠂ ᠱᠢᠢᠳᠪᠤᠷᠢᠯᠡᠵᠤ ᠳᠠᠭᠤᠰᠭᠠᠭ᠍ᠰᠠᠨ ᠨᠣᠷᠮ᠎ᠠ 99.7% ᠳᠤ ᠬᠦᠷᠴᠡᠶ; 《ᠭᠤᠷᠪᠠ᠎ᠶ᠋ᠢ ᠠᠰᠠᠭᠤᠬᠤ》 ᠲᠣᠳᠣᠷᠬᠠᠶ ᠬᠠᠭᠤᠳᠠᠰᠤ᠎ᠶ᠋ᠢᠨ ᠲᠤᠬᠠᠶ 129 ᠵᠦᠢᠯ᠎ᠤᠨ ᠰᠠᠨᠠᠯ ᠰᠠᠨᠠᠭᠤᠯᠭ᠎ᠠ ᠬᠤᠷᠢᠶᠠᠵᠤ᠂ 4 ᠰᠠᠷ᠎ᠠ᠎ᠶ᠋ᠢᠨ 19 ᠤ ᠡᠳᠦᠷ ᠲᠦᠷᠦᠭᠦᠦ ᠪᠦᠯᠦᠭ᠎ᠤᠨ 《ᠭᠤᠷᠪᠠ᠎ᠶ᠋ᠢ ᠠᠰᠠᠭᠤᠬᠤ》 ᠠᠵᠢᠯᠯᠠᠭ᠎ᠠ᠎ᠶ᠋ᠢᠨ ᠠᠰᠠᠭᠤᠳᠠᠯ᠎ᠤᠨ ᠲᠣᠳᠣᠷᠬᠠᠶ ᠬᠠᠭᠤᠳᠠᠰᠤ᠎ᠶ᠋ᠢ ᠨᠡᠢᠭᠡᠮ ᠳᠠᠶᠠᠭᠠᠷ᠎ᠲᠤ ᠠᠯᠪᠠᠨ ᠶᠣᠰᠣᠭᠠᠷ ᠨᠡᠢᠲᠡᠯᠡᠪᠡ᠃