ᠰᠤᠷᠪᠤᠯᠵᠢᠯᠠᠭ᠍ᠴᠢ ᠦᠪᠡᠷᠳᠡᠭᠡᠨ ᠵᠠᠰᠠᠬᠤ ᠤᠷᠤᠨ᠎ᠤ ᠵᠠᠬ᠎ᠠ ᠳᠡᠯᠬᠡᠬᠦᠷ᠎ᠤᠨ ᠬᠢᠨᠠᠯᠳᠠ ᠬᠠᠮᠢᠶᠠᠷᠤᠯᠳᠠ᠎ᠶ᠋ᠢᠨ ᠳᠤᠪᠴᠢᠶ᠎ᠠ᠎ᠠᠴᠠ ᠤᠢ᠍ᠢᠯᠠᠭᠠᠭ᠍ᠰᠠᠨ᠎ᠢᠶᠠᠷ᠂ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠪᠦᠬᠦ᠌ ᠳᠠᠯ᠎ᠠ᠎ᠪᠠᠷ ᠳᠤᠭᠤᠱᠢᠯᠠᠭᠤᠯᠵᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠬᠠᠤᠯᠢᠵᠢᠯ᠎ᠤᠨ ᠵᠠᠰᠠᠭ᠎ᠤᠨ ᠤᠷᠳᠤᠨ᠎ᠤ ᠪᠠᠢᠭᠤᠯᠤᠯᠳᠠ᠎ᠶ᠋ᠢᠨ ᠱᠠᠭᠠᠷᠳᠠᠯᠭ᠎ᠠ᠎ᠶ᠋ᠢ ᠬᠦᠨᠵᠡᠬᠡᠢ ᠨᠠᠢᠳᠠᠪᠤᠷᠢᠵᠢᠭᠤᠯᠤᠨ᠂ ᠺᠠᠳ᠋ᠷ ᠠᠵᠢᠯᠳᠠᠨ᠎ᠤ ᠬᠠᠤᠯᠢ ᠴᠠᠭᠠᠵᠠ᠎ᠶ᠋ᠢᠨ ᠤᠬᠠᠮᠰᠠᠷ ᠪᠠ ᠬᠠᠤᠯᠢ᠎ᠪᠠᠷ ᠵᠠᠰᠠᠭ ᠶᠠᠪᠤᠭᠤᠯᠬᠤ ᠴᠢᠳᠠᠪᠤᠷᠢ᠎ᠶ᠋ᠢ ᠴᠢᠨᠠᠬ᠍ᠰᠢᠳᠠ ᠳᠡᠭᠡᠭ᠌ᠰᠢᠯᠡᠬᠦᠯᠵᠤ᠂ ᠳᠤᠱᠢᠶᠠᠯ᠎ᠢᠶᠠᠨ ᠬᠦᠢᠴᠡᠳᠭᠡᠬᠦ᠌ ᠶᠠᠪᠤᠴᠠ ᠳᠤᠮᠳᠠ ᠲᠦᠭ᠌ᠰᠢᠬᠦᠷᠢ᠎ᠶ᠋ᠢ ᠪᠦᠳᠦᠮᠵᠢᠳᠠᠢ ᠰᠡᠷᠬᠡᠢᠯᠡᠬᠦ᠌᠎ᠶ᠋ᠢᠨ ᠳᠤᠰᠠᠳᠠ᠂ ᠲᠦᠷᠦᠬᠦᠭᠡᠨ ᠦᠪᠡᠷᠳᠡᠭᠡᠨ ᠵᠠᠰᠠᠬᠤ ᠤᠷᠤᠨ᠎ᠤ ᠵᠠᠬ᠎ᠠ ᠳᠡᠯᠬᠡᠬᠦᠷ᠎ᠤᠨ ᠬᠢᠨᠠᠯᠳᠠ ᠬᠠᠮᠢᠶᠠᠷᠤᠯᠳᠠ᠎ᠶ᠋ᠢᠨ ᠳᠤᠪᠴᠢᠶ᠎ᠠ 《ᠭᠡᠷᠡᠭ᠎ᠤᠨ ᠵᠢᠱ᠌ᠢᠶ᠎ᠠ᠎ᠪᠠᠷ ᠬᠠᠤᠯᠢ ᠲᠠᠢᠯᠪᠤᠷᠢᠯᠡᠬᠤ》 ᠰᠡᠷᠡᠮᠵᠢᠯᠡᠬᠦᠯᠬᠦ᠌ ᠬᠦᠮᠦᠵᠢᠯ᠎ᠤᠨ ᠪᠤᠯᠪᠠᠰᠤᠷᠠᠯ ᠡᠷᠬᠢᠯᠡᠪᠡ᠃
《ᠬᠡᠷᠡᠭ᠎ᠤᠨ ᠵᠢᠱ᠌ᠢᠶ᠎ᠠ᠎ᠪᠠᠷ ᠬᠠᠤᠯᠢ ᠲᠠᠢᠯᠪᠤᠷᠢᠯᠡᠬᠤ》 ᠰᠡᠷᠡᠮᠵᠢᠯᠡᠬᠦᠯᠬᠦ᠌ ᠬᠦᠮᠦᠵᠢᠯ᠎ᠤᠨ ᠪᠤᠯᠪᠠᠰᠤᠷᠠᠯ᠎ᠳᠤ ᠬᠤᠶᠠᠷ ᠬᠠᠤᠯᠢᠴᠢ᠎ᠶ᠋ᠢ ᠤᠷᠢᠵᠤ ᠳᠠᠢᠯᠤᠮᠵᠢ ᠬᠢᠯᠬᠡᠵᠤ᠂ ᠦᠪᠡᠷᠳᠡᠭᠡᠨ ᠵᠠᠰᠠᠬᠤ ᠤᠷᠤᠨ᠎ᠤ ᠵᠠᠬ᠎ᠠ ᠳᠡᠯᠬᠡᠬᠦᠷ᠎ᠤᠨ ᠬᠢᠨᠠᠯᠳᠠ ᠬᠠᠮᠢᠶᠠᠷᠤᠯᠳᠠ᠎ᠶ᠋ᠢᠨ ᠳᠤᠪᠴᠢᠶ᠎ᠠ᠎ᠶ᠋ᠢᠨ ᠤᠢ᠍ᠢᠷ᠎ᠠ᠎ᠶ᠋ᠢᠨ ᠬᠤᠶᠠᠷ ᠵᠢᠯ᠎ᠳᠠᠬᠢ ᠵᠠᠰᠠᠭ ᠵᠠᠬᠢᠷᠭᠠᠨ᠂ ᠠᠷᠠᠳ᠎ᠤᠨ ᠶᠠᠪᠤᠳᠠᠯ᠎ᠤᠨ ᠵᠠᠭᠠᠯᠳᠤᠯᠭ᠎ᠠ᠎ᠶ᠋ᠢᠨ ᠬᠡᠷᠡᠭ ᠵᠢᠴᠢ ᠵᠠᠬ᠎ᠠ ᠳᠡᠯᠬᠡᠬᠦᠷ᠎ᠤᠨ ᠬᠢᠨᠠᠯᠳᠠ ᠬᠠᠮᠢᠶᠠᠷᠤᠯᠳᠠ᠎ᠶ᠋ᠢᠨ ᠱᠢᠰᠲ᠋ᠧᠮ᠎ᠤᠨ ᠬᠠᠮᠢᠶ᠎ᠠ ᠪᠦᠬᠦᠢ ᠨᠡᠢᠳᠡᠯᠢᠭ ᠬᠡᠷᠡᠭ᠎ᠢᠶᠠᠷ ᠵᠢᠱ᠌ᠢᠶᠡᠯᠡᠨ 《ᠬᠡᠷᠡᠭ᠎ᠤᠨ ᠵᠢᠱ᠌ᠢᠶ᠎ᠠ᠎ᠪᠠᠷ ᠬᠠᠤᠯᠢ ᠲᠠᠢᠯᠪᠤᠷᠢᠯᠡᠬᠤ》 ᠬᠡᠯᠪᠡᠷᠢ᠎ᠪᠠᠷ ᠳᠡᠯᠬᠡᠷᠡᠬᠦᠯᠤᠨ ᠶᠠᠷᠢᠵᠤ᠂ ᠦᠷᠭᠡᠨ ᠤᠯᠠᠨ ᠺᠠᠳ᠋ᠷ ᠠᠵᠢᠯᠳᠠᠨ᠎ᠢ ᠬᠠᠤᠯᠢ ᠶᠤᠰᠤᠭᠠᠷ ᠡᠬᠦᠷᠭᠡ ᠳᠤᠱᠢᠶᠠᠯ᠎ᠢᠶᠠᠨ ᠬᠦᠢᠴᠡᠳᠭᠡᠬᠦ᠌᠎ᠶ᠋ᠢ ᠰᠡᠷᠡᠮᠵᠢᠯᠡᠬᠦᠯᠪᠡ᠃ ᠪᠤᠯᠪᠠᠰᠤᠷᠠᠯ᠎ᠨᠢ ᠠᠷᠠᠳ᠎ᠤᠨ ᠶᠠᠪᠤᠳᠠᠯ᠎ᠤᠨ ᠬᠡᠷ᠎ᠡ᠎ᠶ᠋ᠢ ᠬᠦᠢᠴᠡᠳᠭᠡᠬᠦ᠌ ᠪᠠ ᠵᠠᠭᠤᠷᠠᠯᠳᠤᠭᠠᠨ᠎ᠢ ᠱᠢᠢᠳᠪᠦᠷᠢᠯᠡᠬᠦ᠂ ᠵᠠᠰᠠᠭ ᠵᠠᠬᠢᠷᠭᠠᠨ᠎ᠤ ᠱᠢᠢᠳᠭᠡᠯ ᠵᠢᠴᠢ ᠵᠦᠪᠱᠢᠶᠡᠷᠡᠯ᠂ ᠢᠳᠡᠭᠡᠨ᠎ᠤ ᠠᠮᠤᠷ ᠲᠦᠪᠱᠢᠨ᠎ᠤ ᠬᠢᠨᠠᠨ ᠬᠠᠮᠢᠶᠠᠷᠤᠯᠳᠠ᠎ᠶ᠋ᠢᠨ ᠳᠤᠱᠢᠶᠠᠯ᠎ᠢᠶᠠᠨ ᠭᠤᠳᠤᠭᠠᠵᠤ ᠡᠷᠡᠬᠦᠦ᠎ᠶ᠋ᠢᠨ ᠬᠡᠷᠡᠭ᠎ᠤᠨ ᠶᠠᠯ᠎ᠠ ᠬᠢᠭ᠌ᠰᠡᠨ ᠵᠡᠷᠭᠡ ᠭᠤᠷᠪᠠᠨ ᠬᠦᠷᠢᠶ᠎ᠡ ᠴᠠᠷᠠᠭᠠᠨ᠎ᠳᠠᠬᠢ 9 ᠦᠨᠡᠨ ᠪᠤᠳᠠᠳᠠᠢ ᠬᠡᠷᠡᠭ᠎ᠤᠨ ᠵᠢᠱ᠌ᠢᠶ ᠡᠶ᠋ᠢ ᠳᠡᠯᠬᠡᠵᠦ᠍᠂ ᠬᠠᠤᠯᠢ ᠴᠠᠭᠠᠵᠠ ᠪᠠ ᠬᠡᠷᠡᠭ᠎ᠢ ᠤᠶᠠᠯᠳᠤᠭᠤᠯᠤᠨ ᠵᠠᠳᠠᠯᠤᠯᠳᠠ ᠬᠢᠵᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠬᠦᠯᠬᠦ᠌ ᠠᠵᠢᠯ᠎ᠳᠤ ᠠᠩᠬᠠᠷᠬᠤ ᠵᠤᠬᠢᠰᠳᠠᠢ ᠵᠦᠢᠯᠡᠰ᠎ᠢ ᠳᠠᠢᠯᠪᠤᠷᠢᠯᠠᠵᠠᠢ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号