ᠦᠡᠭ᠌ᠭᠡᠷᠡᠭ᠌ᠰᠡᠨ᠎ᠢᠶᠠᠷ ᠲᠤᠯᠢ ᠪᠤᠯᠭᠠᠵᠦ᠍ ᠢᠷᠡᠭᠡᠳᠦᠢ᠎ᠪᠠᠨ ᠲᠠᠨᠢᠵᠦ᠍ ᠭᠠᠢᠬᠠᠮᠱᠢᠭ᠍ᠳᠣ ᠬᠠᠭᠤᠳᠠᠰᠦ᠎ᠶ᠋ᠢ ᠦᠷᠭᠦᠯᠵᠢᠯᠠᠨ ᠪᠢᠴᠢᠭ᠌ᠯᠡᠨ᠎ᠡ
2021-04-30 09:17:39
ᠵᠣᠬᠢᠶᠠᠭ᠍ᠴᠢ᠄
ᠪᠠᠢ ᠳ᠋ᠠᠨ ᠯᠢ ᠢᠤᠢ ᠵᠦᠸᠧ ᠯᠢᠤ ᠶᠠᠩ ᠴᠧᠨ ᠷᠦᠢ ᠮᠢᠩ
ᠣᠩᠱᠢᠭ᠍ᠰᠠᠨ ᠣᠳᠠᠭ᠎ᠠ᠄
★★★☆☆

ᠲᠡᠤᠭᠡ ᠲᠡᠮᠡᠴᠡᠯ᠎ᠤᠨ ᠭᠡᠷᠡᠯ ᠬᠢᠯᠪᠠᠭ᠎ᠠ᠎ᠶ᠋ᠢ ᠲᠡᠮᠳᠡᠭ᠌ᠯᠡᠭᠦ᠌ ᠪᠦᠭᠡᠳ ᠨᠡᠩ ᠴᠤ᠌ ᠢᠷᠡᠭᠡᠳᠦᠢ᠎ᠶ᠋ᠢᠨ ᠴᠢᠭ᠌ᠯᠡᠯ᠎ᠢ ᠵᠢᠭᠠᠨ᠎ᠠ᠃ ᠬᠤᠪᠢᠰᠭᠠᠯ᠎ᠤᠨ ᠡᠭᠢ ᠪᠠᠶᠠᠯᠢᠭ᠎ᠠᠴᠠ ᠵᠠᠭᠤᠨ ᠵᠢᠯ᠎ᠤᠨ ᠢᠷᠠᠭᠤ ᠲᠠᠭᠤᠨ᠎ᠢ ᠰᠤᠨᠤᠰᠴᠤ᠌᠂ ᠵᠠᠭᠤᠨ ᠵᠢᠯ᠎ᠤᠨ ᠤᠯᠠ ᠮᠦᠷ᠎ᠢ ᠮᠦᠷᠳᠡᠭᠦ᠎ᠨᠢ᠂ ᠦᠡᠭ᠌ᠭᠡᠷᠡᠭ᠌ᠰᠡᠨ ᠲᠡᠤᠭᠡ᠎ᠶ᠋ᠢᠨ ᠬᠦᠴᠢᠷ ᠪᠡᠷᠭᠡ ᠪᠠ ᠬᠡᠷᠡᠯ ᠬᠢᠯᠪᠠᠭ᠎ᠠ᠎ᠶ᠋ᠢ ᠡᠷᠭᠢᠨ ᠬᠠᠷᠠᠬᠤ᠎ᠶ᠋ᠢᠨ ᠲᠦᠯᠦᠭᠡ ᠯᠡ ᠪᠢᠰᠢ᠂ ᠨᠠᠩ ᠴᠤ᠌ ᠠᠭᠤᠤ ᠶᠡᠭᠡ ᠵᠤᠷᠢᠭ ᠰᠠᠨᠠᠭ᠎ᠠ᠎ᠶ᠋ᠢ᠎ᠨᠢ ᠵᠠᠯᠭᠠᠮᠵᠢᠯᠠᠵᠦ᠍᠂ ᠦᠨᠢ ᠮᠦᠡᠭ᠌ᠭᠡ᠎ᠶ᠋ᠢᠨ ᠤᠬ ᠰᠠᠨᠠᠭ᠎ᠠ᠎ᠶ᠋ᠢ᠎ᠨᠢ ᠬᠠᠳᠠᠭᠠᠯᠠᠵᠦ᠍᠂ ᠡᠷᠡᠮᠡᠭᠡᠢᠯᠡᠨ ᠤᠷᠤᠬ᠍ᠰᠢᠯᠠᠬᠤ ᠬᠦᠴᠤᠨ ᠴᠢᠳᠠᠯ᠎ᠢᠶᠠᠨ ᠬᠦᠭ᠌ᠵᠢᠭᠡᠭᠦ᠎ᠶ᠋ᠢᠨ ᠲᠦᠯᠦᠭᠡ ᠶᠤᠮ᠃

ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯ᠎ᠤᠨ ᠣᠷᠳᠣᠨ᠎ᠳᠤ ᠬᠦᠷᠴᠦ᠍᠂ ᠣᠷᠭᠢᠯᠤᠮ᠎ᠠ ᠬᠠᠯᠠᠭᠤᠨ ᠰᠡᠳᠭᠢᠯᠭᠡ᠎ᠲᠠᠢ ᠤᠨ ᠰᠠᠷ᠎ᠠ᠎ᠶ᠋ᠢ ᠳᠠᠬᠢᠨ ᠡᠷᠭᠢᠴᠡᠭᠦᠯᠦᠨ᠎ᠠ; ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠤ ᠬᠦᠷᠴᠦ᠍᠂ ᠬᠤᠪᠢᠰᠭᠠᠯ᠎ᠤᠨ ᠠᠬᠠᠮᠠᠳ ᠦᠶ᠎ᠡ᠎ᠶ᠋ᠢᠨ᠎ᠬᠢᠨ᠎ᠤ ᠪᠠᠭᠠᠲᠤᠷᠯᠢᠭ ᠦᠢᠯᠡ ᠠᠵᠢᠯᠯᠠᠭ᠎ᠠ᠎ᠶ᠋ᠢ ᠳᠤᠷᠠᠰᠤᠨ ᠰᠠᠨᠠᠭᠠᠯᠵᠠᠨ᠎ᠠ; ᠬᠤᠪᠢᠰᠭᠠᠯ᠎ᠤᠨ ᠬᠠᠭᠤᠴᠢ ᠦᠯᠡᠳᠡᠭ᠌ᠳᠡᠯ᠎ᠢ ᠰᠤᠷᠪᠤᠯᠵᠢᠯᠠᠵᠤ᠂ ᠲᠡᠦᠬᠡ᠎ᠶ᠋ᠢᠨ ᠦᠯᠡᠳᠡᠭᠡᠭ᠌ᠰᠡᠨ ᠤᠯᠠ ᠮᠥᠷ᠎ᠢ ᠡᠷᠢᠯᠬᠢᠯᠡᠨ᠎ᠠ ᠁ ᠬᠤᠪᠢᠰᠭᠠᠯ᠎ᠤᠨ ᠡᠬᠢ ᠪᠠᠶᠠᠯᠢᠭ ᠪᠣᠯ ᠠᠮᠢᠳᠤ ᠰᠣᠷᠭᠤᠭ ᠲᠡᠦᠬᠡ ᠪᠣᠯᠬᠤ ᠪᠥᠭᠡᠳ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠬᠠᠮᠤᠭ᠎ᠤᠨ ᠠᠮᠢᠳᠤᠯᠢᠭ ᠵᠢᠭᠠᠬᠤ ᠮᠠᠲ᠋ᠧᠷᠢᠶᠠᠯ ᠪᠣᠯᠤᠨ᠎ᠠ᠃ ᠥᠪᠥᠷ ᠮᠣᠩᠭᠤᠯ᠎ᠤᠨ ᠬᠤᠪᠢᠰᠭᠠᠯ᠎ᠤᠨ ᠡᠬᠢ ᠪᠠᠶᠠᠯᠢᠭ ᠮᠠᠰᠢ ᠡᠯᠪᠡᠭ ᠳᠡᠯᠪᠡᠭ᠂ ᠬᠤᠪᠢᠰᠭᠠᠯ᠎ᠤᠨ ᠡᠬᠢ ᠪᠠᠶᠠᠯᠢᠭ ᠭᠡᠬᠦ᠌ ᠡᠨᠡ ᠬᠦ᠌ 《ᠠᠮᠢᠳᠤ ᠵᠢᠭᠠᠬᠤ ᠮᠠᠲ᠋ᠧᠷᠢᠶᠠᠯ》 ᠎ᠢ ᠭᠦᠢᠴᠡᠳ ᠰᠠᠢᠲᠤᠷ ᠠᠱᠢᠬ᠍ᠯᠠᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠣᠳ᠎ᠢ ᠬᠥᠮᠦᠵᠢᠭᠦᠯᠦᠨ ᠵᠢᠯᠣᠭᠤᠳᠴᠤ᠌ ᠪᠠᠢᠭᠠᠳ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠴᠢᠨᠠᠭ᠍ᠰᠢᠳᠠ ᠪᠠᠲᠤ ᠴᠣᠭ᠍ᠴᠠᠯᠠᠵᠤ᠂ ᠨᠠᠮ᠎ᠤᠨ ᠲᠡᠦᠬᠡ᠎ᠶ᠋ᠢ ᠰᠤᠷᠤᠯᠴᠠᠬᠤ᠂ ᠦᠵᠡᠯ ᠰᠠᠨᠠᠭ᠎ᠠ᠎ᠪᠠᠨ ᠰᠡᠭᠡᠭᠡᠷᠡᠭᠦᠯᠬᠦ᠂ ᠪᠤᠲᠠᠲᠤ ᠶᠠᠪᠤᠲᠠᠯ ᠬᠢᠬᠦ᠂ ᠱᠢᠨ᠎ᠡ ᠪᠠᠢᠳᠠᠯ᠎ᠢ ᠡᠭᠦᠳᠬᠦ᠌᠎ᠶ᠋ᠢ ᠪᠡᠶᠡᠯᠡᠭᠦᠯᠵᠦ᠍᠂ ᠥᠪᠥᠷ ᠮᠣᠩᠭᠤᠯ᠎ᠤᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠢ᠃ 


QQ图片20210430084803.png


ᠲᠡᠤᠭᠡ᠎ᠶ᠋ᠢ ᠰᠤᠷᠤᠯᠴᠠᠨ ᠵᠤᠷᠢᠭ᠎ᠢᠶᠠᠨ ᠬᠦᠪᠴᠢᠯᠡᠵᠦ᠍᠂ ᠦᠡᠭ᠌ᠭᠡᠷᠡᠭ᠌ᠰᠡᠨ᠎ᠢᠶᠠᠷ ᠲᠤᠯᠢ ᠪᠤᠯᠭᠠᠵᠦ᠍ ᠢᠷᠡᠭᠡᠳᠦᠢ᠎ᠪᠠᠨ ᠲᠠᠨᠢᠳᠠᠭ᠃

ᠲᠡᠤᠭᠡ᠂ ᠶᠡᠷᠦ᠎ᠨᠢ ᠵᠠᠷᠢᠮ ᠤᠨᠴᠠᠭᠠᠢ ᠤᠨ ᠵᠢᠯ᠎ᠤᠳ᠎ᠲᠤ ᠬᠦᠮᠦᠰ᠎ᠲᠤ ᠤᠶᠤᠨ ᠤᠬᠠᠭᠠᠨ ᠱᠢᠩᠭᠡᠭᠡᠵᠦ᠍᠂ ᠦᠷᠭᠦᠯᠵᠢᠯᠠᠨ ᠤᠷᠤᠬ᠍ᠰᠢᠯᠠᠬᠤ ᠡᠷᠴᠢ ᠬᠦᠴᠤᠨ ᠤᠯᠭᠤᠳᠠᠬ᠃

ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠲᠠᠢᠴᠢᠯᠠᠯᠲᠠ᠎ᠶ᠋ᠢᠨ ᠶᠡᠭᠡ ᠬᠤᠷᠠᠯ ᠲᠡᠭᠡᠷ᠎ᠡ᠂ ᠮᠠᠨ᠎ᠤ ᠨᠠᠮ᠎ᠤᠨ ᠵᠠᠭᠤᠨ ᠵᠢᠯ᠎ᠤᠨ ᠤᠢ᠎ᠶ᠋ᠢ ᠪᠡᠯᠬᠡᠯᠡᠬᠦ᠌ ᠴᠢᠬᠤᠯᠠ ᠴᠠᠬ ᠮᠦᠴᠡ᠎ᠳᠤ᠂ 《ᠬᠤᠤᠰ ᠵᠠᠭᠤᠨ ᠵᠢᠯ》 ᠎ᠤᠨ ᠳᠡᠮᠡᠴᠡᠬᠦ᠌ ᠬᠠᠷᠠᠯᠳᠠ᠎ᠶ᠋ᠢᠨ ᠳᠡᠥᠬᠡᠨ ᠠᠭᠤᠯᠵᠠᠷ ᠬᠤᠭᠤᠴᠠᠭ᠎ᠠ ᠵᠠᠩᠬᠢᠯᠠᠭ᠎ᠠ᠎ᠶ᠋ᠢᠨ ᠦᠶ᠎ᠡ᠎ᠳᠤ᠂ ᠪᠦᠬᠦ᠌ ᠨᠠᠮ᠎ᠳᠤ ᠨᠠᠮ᠎ᠤᠨ ᠳᠡᠥᠬᠡ᠎ᠶ᠋ᠢᠨ ᠰᠤᠷᠤᠯᠴᠠᠯᠭ᠎ᠠ ᠬᠦᠮᠦᠵᠢᠯ᠎ᠢ ᠳᠦᠪᠯᠡᠷᠡᠬᠦᠯᠦᠨ ᠦᠷᠨᠢᠬᠦᠯᠬᠦ᠌᠎ᠨᠢ ᠴᠠᠭ᠎ᠲᠠᠭᠠᠨ ᠮᠠᠰᠢ ᠳᠤᠬᠢᠷᠠᠵᠥ᠍᠂ ᠮᠠᠰᠢ ᠴᠢᠬᠤᠯᠠᠳᠠᠢ ᠶᠤᠮ ᠬᠡᠵᠥ᠍ ᠵᠢᠭᠠᠵᠦ᠍ ᠭᠠᠷᠭᠠᠪᠠ᠃

ᠬᠤᠪᠢᠰᠭᠠᠯ᠎ᠤᠨ ᠡᠭᠢ ᠪᠠᠶᠠᠯᠢᠭ ᠪᠤᠯ ᠮᠠᠨ᠎ᠤ ᠨᠠᠮ ᠠᠷᠠᠳ ᠲᠦᠮᠡᠨ᠎ᠢ ᠤᠳᠤᠷᠢᠳᠤᠨ ᠬᠤᠪᠢᠰᠭᠠᠯ᠂ ᠪᠦᠲᠦᠭᠡᠨ ᠪᠠᠢᠭᠤᠯᠤᠯᠳᠠ ᠪᠠ ᠦᠭᠡᠷᠡᠴᠢᠯᠡᠯᠳᠡ᠎ᠶ᠋ᠢᠨ ᠶᠠᠪᠤᠴᠠ᠎ᠳᠤ ᠦᠯᠡᠳᠡᠭᠡᠭ᠌ᠰᠡᠨ ᠲᠡᠤᠭᠡ᠎ᠶ᠋ᠢᠨ ᠤᠯᠠ ᠮᠦᠷ ᠪᠠ ᠵᠤᠷᠢᠭ ᠰᠠᠨᠠᠭ᠎ᠠ᠎ᠶ᠋ᠢᠨ ᠠᠴᠢᠶᠠᠯᠠᠪᠤᠷᠢ᠂ ᠤᠯᠳᠠᠰᠢ ᠦᠭᠡᠢ ᠬᠤᠪᠤᠷᠬᠠᠨ ᠤᠬ ᠰᠤᠷᠪᠤᠯᠵᠢ᠎ᠶ᠋ᠢᠨ ᠲᠡᠵᠢᠭᠡᠯ ᠮᠦᠷᠳᠡᠭᠡᠨ ᠤᠶᠤᠨ ᠰᠠᠨᠠᠭᠠᠨ᠎ᠤ ᠰᠠᠭᠤᠷᠢ ᠪᠣᠯᠣᠨ᠎ᠠ᠃ ᠲᠡᠷᠡ᠎ᠨᠢ ᠰᠦᠷ ᠲᠠᠯᠠᠢᠴᠠᠳᠠᠢ ᠬᠤᠪᠢᠰᠭᠠᠯ᠎ᠤᠨ ᠲᠡᠤᠭᠡ᠂ ᠬᠦᠴᠢᠷ ᠪᠡᠷᠭᠡᠱᠢᠶᠠᠯ᠎ᠲᠠᠢ ᠲᠡᠮᠡᠴᠡᠯ᠎ᠤᠨ ᠲᠡᠤᠭᠡ᠂ ᠡᠷᠡᠮᠡᠭᠡᠢᠯᠡᠨ ᠤᠷᠤᠬ᠍ᠰᠢᠯᠠᠬᠤ ᠦᠭᠡᠷᠡᠴᠢᠯᠡᠯᠳᠡ᠎ᠶ᠋ᠢᠨ ᠲᠡᠤᠭᠡ᠎ᠶ᠋ᠢ ᠠᠴᠢᠶᠠᠯᠠᠵᠦ᠍᠂ ᠨᠠᠮ᠎ᠤᠨ ᠱᠢᠨᠵᠢ ᠴᠢᠨᠠᠷ ᠪᠠ ᠵᠤᠷᠢᠯᠳᠠ᠎ᠶ᠋ᠢ ᠢᠯᠡᠷᠡᠭᠦᠯᠵᠦ᠍᠂ ᠡᠪ ᠬᠠᠮᠳᠤᠴᠤᠳ᠎ᠤᠨ ᠤᠬ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠶ᠋ᠢ ᠬᠡᠷᠡᠴᠢᠯᠡᠵᠦ᠍᠂ ᠨᠠᠮ᠎ᠤᠨ ᠱᠢᠯᠢᠳᠡᠭ ᠤᠯᠠᠮᠵᠢᠯᠠᠯ ᠪᠠ ᠬᠡᠪ ᠰᠤᠷᠳᠠᠯ᠎ᠢ ᠨᠢᠬ᠍ᠳᠠᠷᠠᠭᠤᠯᠵᠤ᠂ ᠬᠤᠪᠢᠰᠭᠠᠯ᠎ᠤᠨ ᠵᠤᠷᠢᠭ ᠰᠠᠨᠠᠭ᠎ᠠ ᠪᠠ ᠰᠤᠶᠤᠯ᠎ᠤᠨ ᠰᠠᠭᠤᠷᠢ᠎ᠶ᠋ᠢ ᠠᠭᠤᠯᠵᠦ᠍ ᠪᠠᠢᠨ᠎ᠠ᠃

ᠮᠠᠨ᠎ᠤ ᠤᠷᠤᠨ᠎ᠤ ᠡᠯ᠎ᠠ ᠭᠠᠵᠠᠷ᠎ᠲᠤ ᠲᠠᠷᠬᠠᠵᠦ᠍ ᠪᠠᠢᠭ᠎ᠠ ᠵᠢᠨᠢᠩ᠎ᠤᠨ ᠲᠠᠢᠯᠠᠯᠳᠤᠭᠠᠨ᠎ᠤ ᠲᠤᠷᠠᠰᠭᠠᠯ᠎ᠤᠨ ᠤᠷᠳᠤᠨ᠂ ᠲᠠᠯᠠᠨ ᠬᠠᠷ᠎ᠠ ᠠᠭᠤᠯᠠ᠎ᠶ᠋ᠢᠨ ᠶᠠᠫᠤᠨ᠎ᠢ ᠡᠰᠡᠷᠭᠦᠴᠡᠭᠦ᠌ ᠫᠠᠷᠲ᠋ᠢᠽᠠᠨ ᠠᠩᠬᠢ᠎ᠶ᠋ᠢᠨ ᠰᠠᠭᠤᠷᠢᠨ ᠭᠠᠵᠠᠷ᠎ᠤᠨ ᠦᠵᠡᠭᠦᠯᠭᠡ᠎ᠶ᠋ᠢᠨ ᠤᠷᠳᠤᠨ᠂ ᠤᠯᠠᠭᠠᠨᠬᠦᠦ᠎ᠶ᠋ᠢᠨ ᠲᠤᠷᠠᠰᠭᠠᠯ᠎ᠤᠨ ᠤᠷᠳᠤᠨ ᠵᠡᠷᠭᠡ ᠬᠤᠪᠢᠰᠭᠠᠯ᠎ᠤᠨ ᠡᠭᠢ ᠪᠠᠶᠠᠯᠢᠭ ᠪᠤᠯ᠂ ᠮᠠᠨ᠎ᠤ ᠨᠠᠮ᠎ᠤᠨ ᠪᠤᠢ ᠪᠤᠯᠭᠠᠬ᠍ᠰᠠᠨ ᠬᠤᠪᠤᠷ ᠦᠨᠡᠳᠤ ᠣᠶᠣᠨ ᠰᠠᠨᠠᠭᠠᠨ᠎ᠤ ᠦᠪ ᠬᠦᠷᠦᠩᠭᠡ ᠪᠤᠯᠬᠤ᠎ᠪᠠᠷ ᠪᠠᠷᠠᠬᠤ ᠦᠭᠡᠢ᠂ ᠠᠮᠢᠳᠤᠯᠢᠭ ᠪᠤᠳᠠᠳᠠᠢ ᠵᠢᠭᠠᠬᠤ ᠮᠠᠲᠧᠷᠢᠶᠠᠯ ᠪᠠᠢᠵᠦ᠍᠂ ᠠᠭᠤᠳᠠᠯᠵᠦ᠍᠂ ᠰᠤᠷᠤᠯᠴᠠᠵᠦ᠍᠂ ᠲᠤᠷᠠᠰᠭᠠᠵᠦ᠍᠂ ᠵᠠᠯᠭᠠᠮᠵᠢᠯᠠᠬᠤ ᠴᠢᠬᠤᠯᠠᠳᠠᠢ ᠪᠠᠢᠨ᠎ᠠ᠃

ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ᠎ᠢ ᠦᠷᠨᠢᠭᠦᠯᠦᠭ᠌ᠰᠡᠨ᠎ᠠᠴᠠ ᠨᠠᠭᠠᠰᠢ᠂ ᠮᠠᠨ᠎ᠤ ᠤᠷᠤᠨ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ ᠪᠠ ᠲᠦᠪ᠎ᠤᠨ ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠲᠠᠢᠴᠢᠯᠠᠯᠳᠠ᠎ᠶ᠋ᠢᠨ ᠶᠡᠭᠡ ᠬᠤᠷᠠᠯ ᠲᠡᠭᠡᠷᠡᠭᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠨ ᠲᠤᠭᠤᠱᠢᠯᠠᠭᠤᠯᠵᠦ᠍᠂ ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ᠎ᠢ ᠯᠠᠪᠳᠠᠭᠤᠨ ᠪᠠᠳᠤᠳᠠᠢ ᠮᠦᠷᠳᠡᠭᠡᠨ ᠬᠦᠨᠵᠡᠭᠡᠢ ᠦᠷᠨᠢᠭᠦᠯᠪᠠ᠃

ᠪᠦᠭᠦ᠌ ᠤᠷᠤᠨ᠎ᠤ ᠡᠯ᠎ᠠ ᠭᠠᠵᠠᠷ᠎ᠤᠨ᠎ᠬᠢᠨ ᠲᠤᠬᠠᠢ᠎ᠶ᠋ᠢᠨ ᠭᠠᠵᠠᠷ᠎ᠤᠨ ᠬᠦᠮᠦᠵᠢᠯ᠎ᠤᠨ ᠲᠠᠯᠠᠪᠤᠷ ᠪᠠ ᠬᠤᠪᠢᠰᠭᠠᠯ᠎ᠤᠨ ᠡᠭᠢ ᠪᠠᠶᠠᠯᠢᠭ᠎ᠢᠶᠠᠨ ᠠᠱᠢᠬ᠍ᠯᠠᠵᠦ᠍᠂ ᠤᠯᠠᠨ ᠵᠦᠢᠯ᠎ᠤᠨ ᠬᠡᠯᠪᠡᠷᠢ᠎ᠪᠠᠷ ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ᠎ᠢ ᠦᠷᠨᠢᠭᠦᠯᠵᠦ᠍᠂ ᠨᠠᠮ᠎ᠤᠨ ᠲᠡᠤᠭᠡ᠎ᠪᠠᠷ ᠵᠢᠭᠠᠬᠤ ᠮᠠᠲᠧᠷᠢᠶᠠᠯ ᠪᠤᠯᠭᠠᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠲᠡᠤᠭᠡ᠎ᠶ᠋ᠢ ᠮᠡᠳᠡᠵᠦ᠍ ᠨᠠᠮ᠎ᠢᠶᠠᠨ ᠬᠠᠢᠷᠠᠯᠠᠵᠦ᠍᠂ ᠲᠡᠤᠭᠡ᠎ᠶ᠋ᠢ ᠮᠡᠳᠡᠵᠦ᠍ ᠤᠯᠤᠰ᠎ᠢᠶᠠᠨ ᠬᠠᠢᠷᠠᠯᠠᠬᠤ ᠬᠠᠢᠷ᠎ᠠ ᠰᠡᠳᠭᠢᠯᠭᠡ᠎ᠶ᠋ᠢ ᠬᠦᠭ᠌ᠵᠢᠭᠡᠵᠦ᠍᠂ ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠬᠠᠯᠠᠭᠤᠨ ᠦᠷᠨᠢᠯᠳᠠ ᠭᠠᠷᠭᠠᠪᠠ᠃


QQ图片20210430084810.png

 

 ᠦᠵᠡᠭ᠌ᠳᠡᠯ 1 —

 ᠬᠤᠪᠢᠰᠭᠠᠯ᠎ᠤᠨ ᠡᠬᠢ ᠪᠠᠶᠠᠯᠢᠭ᠎ᠢ 《ᠠᠮᠢᠯᠠᠭᠤᠯᠤᠨ ᠬᠦᠭ᠌ᠵᠢᠬᠡᠪᠠ》

 

 《ᠪᠢ ᠰᠠᠢᠨ ᠳᠤᠷ᠎ᠠ᠎ᠠᠴᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠤ᠂ ᠨᠠᠮ᠎ᠤᠨ ᠬᠥᠲᠥᠯᠪᠦᠷᠢ᠎ᠶ᠋ᠢ ᠬᠦᠷᠢᠶᠡᠯᠡᠨ᠂ ᠨᠠᠮ᠎ᠤᠨ ᠲᠦᠷᠢᠮ᠎ᠢ ᠰᠠᠬᠢᠨ᠎ᠠ》 ᠭᠡᠬᠦ᠌ ᠨᠠᠮ᠎ᠳᠤ ᠣᠷᠣᠬᠤ ᠴᠢᠩᠭ᠎ᠠ ᠬᠦᠴᠦᠲᠡᠢ ᠲᠠᠩᠭᠠᠷᠢᠭ᠎ᠤᠨ ᠦᠭᠡᠰ ᠲᠦᠮᠡᠳ᠎ᠤᠨ ᠬᠤᠪᠢᠰᠭᠠᠯ᠎ᠤᠨ ᠬᠥᠮᠦᠵᠢᠯ᠎ᠤᠨ ᠰᠠᠭᠤᠷᠢᠨ᠎ᠳᠤ ᠴᠤᠤᠷᠢᠶᠠᠲᠤᠵᠤ᠂ ᠬᠥᠬᠡᠬᠤᠲᠠ᠎ᠶ᠋ᠢᠨ ᠲᠦᠮᠡᠳ ᠵᠡᠭᠦᠨ ᠬᠤᠱᠢᠭᠤᠨ᠎ᠤ ᠭᠠᠯ ᠰᠡᠷᠭᠡᠢᠯᠡᠨ ᠭᠠᠯ ᠤᠨᠲᠠᠷᠠᠭᠠᠵᠣ ᠠᠪᠤᠷᠠᠨ ᠲᠤᠰᠠᠯᠠᠬᠤ ᠶᠡᠭᠡ ᠠᠩᠬᠢ᠎ᠶ᠋ᠢᠨ ᠨᠠᠮ᠎ᠤᠨ ᠭᠡᠱᠢᠭᠦᠨ ᠳᠠᠷᠤᠭ᠎ᠠ ᠪᠠᠢᠯᠳᠤᠭ᠍ᠴᠢᠳ ᠠᠳᠡ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢ ᠲᠠᠬᠢᠨ ᠡᠷᠭᠢᠴᠡᠭᠦᠯᠦᠨ᠎ᠡ᠃

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠳᠣᠮᠳᠠ᠂ ᠲᠦᠮᠡᠳ ᠵᠡᠭᠦᠨ ᠬᠤᠱᠢᠭᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠱᠠᠭᠠᠷᠳᠠᠯᠭ᠎ᠠ᠎ᠶ᠋ᠢ ᠭᠦᠨᠵᠡᠭᠡᠢ ᠡᠵᠡᠮᠱᠢᠵᠦ᠍᠂ ᠬᠠᠭᠤᠴᠢᠨ ᠰᠠᠭᠤᠴᠠ᠂ ᠬᠤᠪᠢᠰᠭᠠᠯ᠎ᠤᠨ ᠬᠥᠮᠦᠵᠢᠯ᠎ᠤᠨ ᠰᠠᠭᠤᠷᠢᠨ ᠵᠡᠷᠭᠡ ᠬᠤᠪᠢᠰᠭᠠᠯ᠎ᠤᠨ ᠰᠣᠶᠣᠯ᠎ᠤᠨ ᠡᠬᠢ ᠪᠠᠶᠠᠯᠢᠭ᠎ᠢ ᠭᠦᠢᠴᠡᠳ ᠠᠱᠢᠡᠡᠯᠠᠵᠤ᠂ ᠬᠤᠪᠢᠰᠭᠠᠯ᠎ᠤᠨ ᠵᠠᠮ ᠱᠤᠭᠤᠮ᠎ᠢ ᠨᠡᠪᠲᠡᠷᠡᠭᠦᠯᠵᠦ᠍᠂ ᠰᠣᠳᠣᠨ ᠵᠦᠢᠯ᠎ᠢ ᠡᠭᠦᠳᠴᠦ᠍᠂ ᠬᠤᠪᠢᠰᠭᠠᠯ᠎ᠤᠨ ᠰᠣᠶᠣᠯ᠎ᠤᠨ ᠡᠬᠢ ᠪᠠᠶᠠᠯᠢᠭ᠎ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠳᠤ 《ᠠᠮᠢᠯᠠᠭᠤᠯᠤᠨ ᠬᠥᠭ᠌ᠵᠢᠭᠡᠵᠦ᠍》᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠦᠷᠭᠦᠯᠵᠢᠯᠡᠨ ᠠᠬᠢᠭᠤᠯᠵᠠᠢ᠃

《ᠲᠦᠮᠡᠳ ᠵᠡᠭᠦᠨ ᠬᠤᠱᠢᠭᠤᠨ᠎ᠤ ᠬᠤᠪᠢᠰᠭᠠᠯ᠎ᠤᠨ ᠡᠬᠢ ᠪᠠᠶᠠᠯᠢᠭ ᠳᠣᠩ ᠡᠯᠪᠡᠭ᠂ ᠤᠯᠠᠭᠠᠨᠬᠦᠦ᠎ᠶ᠋ᠢᠨ ᠬᠠᠭᠤᠴᠢᠨ ᠰᠠᠭᠤᠴᠠ᠂ ᠷᠦᠩ ᠶᠣᠣ ᠱᠢᠶᠠᠨ᠎ᠤ ᠬᠠᠭᠤᠴᠢᠨ ᠰᠠᠭᠤᠴᠠ᠂ ᠵᠢᠷᠭᠠᠯ᠎ᠤᠨ ᠬᠠᠭᠤᠴᠢᠨ ᠰᠠᠭᠤᠴᠠ᠂ ᠴᠢᠩ ᠱᠠᠨ᠎ᠤ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ ᠵᠡᠷᠭᠡ ᠪᠤᠢ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠳᠤ᠂ ᠪᠢᠳᠡ ᠲᠦᠮᠡᠳ ᠵᠡᠭᠦᠨ ᠬᠤᠱᠢᠭᠤᠨ᠎ᠤ ᠬᠤᠪᠢᠰᠭᠠᠯ᠎ᠤᠨ ᠰᠣᠶᠣᠯ᠎ᠤᠨ ᠡᠬᠢ ᠪᠠᠶᠠᠯᠢᠭ᠎ᠢ ᠭᠦᠢᠴᠡᠳ ᠠᠭᠤᠳᠠᠯᠵᠤ᠂ ᠠᠬᠠᠮᠠᠳ ᠨᠢᠭᠡ ᠦᠶ᠎ᠡ᠎ᠶ᠋ᠢᠨ ᠦᠭᠡᠢᠭᠦᠦ ᠠᠩᠬᠢ᠎ᠶ᠋ᠢᠨ ᠬᠤᠪᠢᠰᠭᠠᠯᠴᠢᠳ᠎ᠤᠨ ᠭᠤᠶᠠᠴᠢ ᠦᠬᠡᠢ ᠡᠷᠡᠯᠬᠡᠭ ᠪᠠᠭᠠᠲᠤᠷᠯᠢᠭ ᠦᠪᠠᠷ᠎ᠢ᠎ᠪᠠᠨ ᠬᠠᠷᠠᠮ ᠦᠬᠡᠢ ᠵᠣᠷᠢᠭᠤᠯᠬᠤ ᠵᠣᠷᠢᠭ ᠰᠠᠨᠠᠭ᠎ᠠ᠎ᠪᠠᠷ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠵᠢᠯᠣᠭᠤᠳᠴᠤ᠌ ᠪᠠᠢᠭᠠᠳ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ᠎ᠤᠨ ᠲᠥᠯᠥᠭᠡ ᠪᠣᠳᠠᠲᠤ ᠶᠠᠪᠤᠲᠠᠯ ᠬᠢᠵᠦ᠍ ᠥᠭ᠌ᠭᠦᠨ᠎ᠡ》 ᠭᠡᠵᠦ᠍ ᠲᠦᠮᠡᠳ ᠵᠡᠭᠦᠨ ᠬᠤᠱᠢᠭᠤᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠭᠡᠷ᠎ᠤᠨ ᠡᠷᠬᠢᠯᠡᠭ᠌ᠴᠢ ᠵᠤᠤ ᠶᠦᠩ ᠴᠢᠶᠠᠩ ᠬᠡᠯᠡᠨ᠎ᠡ᠃

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠳᠣᠮᠳᠠ᠂ ᠪᠦᠬᠦ᠌ ᠬᠤᠱᠢᠭᠤᠨ᠎ᠤ 34 ᠳᠤᠮᠳᠠᠳᠤ ᠪᠠᠭ᠎ᠠ ᠰᠤᠷᠭᠠᠭᠤᠯᠢ 《ᠬᠡᠦᠬᠡᠳ᠎ᠤᠨ ᠰᠡᠳᠭᠢᠯ ᠨᠠᠮ᠎ᠢᠶᠠᠨ ᠳᠠᠭᠠᠬᠤ》 ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ ᠪᠦᠬᠦ᠌ ᠪᠠᠭ᠍ᠰᠢ ᠰᠤᠷᠤᠭ᠍ᠴᠢᠳ᠎ᠢ ᠬᠦᠳᠦᠯᠥᠨ ᠳᠠᠭᠠᠭᠤᠯᠵᠤ ᠪᠠᠢᠭᠠᠳ ᠤᠯᠤᠰ᠎ᠢᠶᠠᠨ ᠬᠠᠢᠷᠠᠯᠠᠬᠤ ᠰᠡᠳᠭᠢᠯᠭᠡ᠂ ᠤᠯᠤᠰ᠎ᠢᠶᠠᠨ ᠬᠦᠴᠦᠷᠬᠡᠭ᠌ᠵᠢᠭᠦᠯᠬᠦ᠌ ᠵᠣᠷᠢᠭ᠂ ᠤᠯᠤᠰ᠎ᠤᠨ᠎ᠢᠶᠠᠨ ᠲᠥᠯᠥᠭᠡ ᠵᠢᠳᠬᠦᠬᠦ᠌ ᠠᠵᠢᠯᠯᠠᠭ᠎ᠠ᠎ᠶ᠋ᠢ ᠤᠬᠠᠮᠰᠠᠷ᠎ᠠᠴᠠ᠎ᠪᠠᠨ ᠰᠤᠷᠤᠯᠴᠠᠯᠭ᠎ᠠ ᠠᠮᠢᠳᠤᠷᠠᠯ᠎ᠳᠠᠭᠠᠨ ᠠᠭᠤᠰᠭᠠᠵᠤ᠂ ᠵᠠᠯᠠᠭᠤᠴᠤᠳ ᠪᠠᠭᠠᠴᠤᠳ᠎ᠤᠨ ᠰᠡᠳᠭᠢᠯ᠎ᠳᠤ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠨᠡᠢᠭᠡᠮ ᠵᠢᠷᠤᠮ᠎ᠢ ᠬᠠᠢᠷᠠᠯᠠᠬᠤ ᠦᠷ᠎ᠡ᠎ᠶ᠋ᠢ ᠲᠠᠷᠢᠵᠤ᠂ ᠬᠤᠪᠢᠰᠭᠠᠯ᠎ᠤᠨ ᠤᠳᠤᠮᠱᠢᠯ᠂ ᠬᠤᠪᠢᠰᠭᠠᠯ᠎ᠤᠨ ᠤᠴᠢ᠎ᠶ᠋ᠢ ᠦᠶ᠎ᠡ᠎ᠶ᠋ᠢᠨ ᠦᠶ᠎ᠡ᠎ᠳᠤ ᠤᠯᠠᠮᠵᠢᠯᠠᠵᠠᠢ᠃

ᠬᠤᠪᠢᠰᠭᠠᠯ᠎ᠤᠨ ᠡᠬᠢ ᠪᠠᠶᠠᠯᠢᠭ ᠭᠡᠬᠦ᠌ ᠡᠨᠡ ᠬᠦ᠌ ᠡᠷᠬᠢᠮ ᠨᠠᠨᠳᠢᠨ ᠣᠶᠤᠨ ᠰᠠᠨᠠᠭᠠᠨ᠎ᠤ ᠡᠬᠢ ᠪᠠᠶᠠᠯᠢᠭ᠎ᠢ ᠦᠨᠡᠨ ᠬᠦ᠌ ᠠᠮᠢᠳᠤᠯᠢᠭ ᠪᠥᠭᠡᠳ ᠰᠠᠢᠲᠤᠷ ᠬᠡᠷᠡᠭ᠌ᠯᠡᠬᠦ᠌᠎ᠶ᠋ᠢᠨ ᠲᠥᠯᠥᠭᠡ᠂ ᠲᠦᠮᠡᠳ ᠵᠡᠭᠦᠨ ᠬᠤᠱᠢᠭᠤ 《ᠬᠤᠪᠢᠰᠭᠠᠯᠲᠤ + ᠠᠮᠢ ᠠᠬᠤᠢ》᠂ 《ᠬᠤᠪᠢᠰᠭᠠᠯᠲᠤ + ᠰᠣᠶᠣᠯ》᠂ 《ᠬᠤᠪᠢᠰᠭᠠᠯᠲᠤ + ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ》 ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠰᠣᠳᠣᠨ ᠪᠦᠲᠦᠭᠡᠯ᠎ᠢ ᠭᠤᠣᠯᠳᠠᠯᠭ᠎ᠠ᠎ᠲᠠᠢ ᠡᠭᠦᠳᠴᠤ᠌᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠴᠢᠶᠠᠯᠠᠪᠤᠷᠢ᠎ᠶ᠋ᠢ ᠬᠦᠴᠦᠯᠡᠨ ᠪᠠᠶᠠᠯᠢᠭ᠍ᠵᠢᠭᠤᠯᠤᠨ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠲᠠᠰᠤᠷᠠᠯᠲᠠ ᠦᠭᠡᠢ ᠭᠦᠨᠵᠡᠭᠡᠢᠷᠡᠭᠦᠯᠬᠦ᠌᠎ᠶ᠋ᠢ ᠠᠬᠢᠭᠤᠯᠵᠣ ᠪᠠᠢᠨ᠎ᠠ᠃


QQ图片20210430084820.png


 

  ᠦᠵᠡᠭ᠌ᠲᠡᠯ 2 —

 ᠬᠤᠪᠢᠰᠭᠠᠯ᠎ᠤᠨ ᠦᠯᠢᠬᠡᠷ᠎ᠢ ᠰᠠᠢᠳᠤᠷ ᠶᠠᠷᠢᠵᠤ ᠬᠤᠪᠢᠰᠭᠠᠯ᠎ᠤᠨ ᠵᠤᠷᠢᠬ ᠰᠠᠨᠠᠭ᠎ᠠ᠎ᠶ᠋ᠢ ᠪᠠᠳᠠᠷᠠᠭᠤᠯᠤᠨ᠎ᠠ

 

ᠤᠢ᠍ᠢᠷ᠎ᠠ᠎ᠶ᠋ᠢᠨ ᠡᠳᠦᠷ᠂ ᠠᠷᠤᠨ ᠬᠤᠱᠢᠭᠤᠨ᠎ᠤ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠦᠪᠯᠡᠯ᠂ ᠬᠤᠱᠢᠭᠤᠨ᠎ᠤ ᠵᠡᠮᠳᠡᠭ᠌ᠴᠦᠳ᠎ᠤᠨ ᠬᠤᠯᠪᠤᠭ᠎ᠠ᠂ ᠬᠤᠱᠢᠭᠤᠨ᠎ᠤ ᠬᠤᠶᠠᠳᠤᠭᠠᠷ ᠬᠡᠦᠬᠡᠳ᠎ᠤᠨ ᠴᠡᠴᠡᠷᠯᠢᠭ ᠵᠡᠷᠬᠡ ᠪᠠᠢᠭᠤᠯᠭ᠎ᠠ ᠨᠢᠬᠡᠴᠢ᠎ᠶ᠋ᠢᠨ ᠨᠠᠮ᠎ᠤᠨ ᠬᠡᠱᠢᠬᠦᠨ ᠺᠠᠳ᠋ᠷᠴᠤᠳ ᠪᠤᠯᠤᠨ ᠠᠵᠢᠯᠳᠠᠳ ᠬᠦᠯᠦᠨ ᠪᠤᠢᠷ᠎ᠤᠨ ᠵᠡᠬᠦᠨ ᠬᠤᠢᠳᠤ᠎ᠶ᠋ᠢᠨ ᠶᠠᠫᠤᠨ᠎ᠢ ᠡᠰᠡᠷᠬᠦᠴᠡᠬᠦ᠌ ᠬᠤᠯᠪᠤᠭᠠᠳᠤ ᠴᠡᠷᠢᠭ᠎ᠤᠨ ᠲᠤᠷᠠᠰᠭᠠᠯ᠎ᠤᠨ ᠤᠷᠳᠤᠨ᠎ᠳᠤ ᠬᠦᠷᠴᠦ᠍᠂ ᠬᠤᠪᠢᠰᠭᠠᠯᠳᠣ ᠦᠷᠡᠭ᠌ᠳᠡᠭ᠌ᠰᠡᠨ ᠪᠠᠭᠠᠳᠤᠷᠴᠤᠳ᠎ᠲᠤ ᠴᠡᠴᠡᠭ᠌ᠳᠦ ᠰᠠᠬ᠍ᠰᠤ ᠡᠷᠬᠦᠪᠠ᠃

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ ᠲᠤᠮᠳᠠ᠂ ᠬᠦᠯᠦᠨ ᠪᠤᠢᠷ ᠬᠤᠳᠠ ᠬᠤᠪᠢᠰᠭᠠᠯ᠎ᠤᠨ ᠬᠠᠭᠤᠴᠢ ᠦᠯᠡᠳᠡᠭ᠌ᠳᠡᠯ᠂ ᠬᠤᠪᠢᠰᠭᠠᠯ᠎ᠤᠨ ᠲᠡᠦᠬᠡ᠎ᠶ᠋ᠢᠨ ᠮᠦᠽᠸᠢ ᠵᠡᠷᠬᠡ ᠬᠤᠪᠢᠰᠭᠠᠯ᠎ᠤᠨ ᠡᠬᠢ ᠪᠠᠶᠠᠯᠢᠬ᠎ᠢ ᠬᠦᠢᠴᠡᠳ ᠠᠱᠢᠬ᠍ᠯᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠦᠷᠨᠢᠭᠦᠯᠵᠦ᠍᠂ ᠬᠤᠪᠢᠰᠭᠠᠯ᠎ᠤᠨ ᠡᠬᠢ ᠪᠠᠶᠠᠯᠢᠬ᠎ᠢᠶᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠠᠮᠢᠳᠤᠯᠢᠬ ᠵᠢᠭᠠᠬᠤ ᠮᠠᠲᠧᠷᠢᠶᠠᠯ ᠪᠤᠯᠭᠠᠵᠤ᠂ ᠬᠤᠪᠢᠰᠭᠠᠯ᠎ᠤᠨ ᠦᠯᠡᠳᠡᠭ᠌ᠳᠡᠯ᠂ ᠲᠤᠷᠠᠰᠭᠠᠯ᠎ᠤᠨ ᠲᠠᠯᠠᠪᠠᠢ ᠤᠷᠳᠤᠨ ᠵᠡᠷᠬᠡ᠎ᠶ᠋ᠢᠨ ᠤᠬᠠᠭᠤᠯᠤᠨ ᠬᠦᠮᠦᠵᠢᠬᠦᠯᠬᠦ᠌ ᠴᠢᠳᠠᠮᠵᠢ᠎ᠶ᠋ᠢ ᠰᠠᠢᠳᠤᠷ ᠪᠠᠳᠠᠷᠠᠭᠤᠯᠪᠠ᠃

ᠲᠤᠬᠠᠢ᠎ᠶ᠋ᠢᠨ ᠭᠠᠵᠠᠷ᠎ᠤᠨ ᠵᠠᠭᠤᠴᠢᠯᠠᠭᠤᠷ᠎ᠤᠳ ᠲᠤᠰᠭᠠᠢ ᠪᠤᠯᠤᠩ ᠨᠡᠬᠡᠬᠡᠨ᠂ ᠲᠤᠬᠠᠢ᠎ᠶ᠋ᠢᠨ ᠭᠠᠵᠠᠷ᠎ᠤᠨ ᠬᠤᠪᠢᠰᠭᠠᠯ᠎ᠤᠨ ᠡᠬᠢ ᠪᠠᠶᠠᠯᠢᠬ᠎ᠤᠨ ᠬᠦᠮᠦᠵᠢᠯ᠎ᠤᠨ ᠴᠡᠭ᠎ᠢ ᠬᠦᠨᠵᠡᠬᠡᠢ ᠮᠡᠳᠡᠭᠡᠯᠡᠨ᠂ ᠤᠯᠠᠨ ᠲᠦᠮᠡᠨ᠎ᠢ ᠰᠤᠨᠢᠨ᠂ ᠷᠠᠳᠢᠣ᠋᠂ ᠲᠧᠯᠸᠢᠰ ᠵᠡᠷᠬᠡ ᠡᠯ᠎ᠡ ᠵᠦᠢᠯ᠎ᠤᠨ ᠵᠠᠭᠤᠴᠢ᠎ᠪᠠᠷ ᠲᠠᠮᠵᠢᠭᠤᠯᠤᠨ ᠲᠤᠬᠠᠢ᠎ᠶ᠋ᠢᠨ ᠭᠠᠵᠠᠷ᠎ᠤᠨ ᠬᠤᠪᠢᠰᠭᠠᠯ᠎ᠤᠨ ᠲᠡᠦᠬᠡᠨ ᠦᠯᠢᠬᠡᠷ ᠬᠡᠷᠡᠭ ᠶᠠᠪᠤᠳᠠᠯ᠎ᠢ ᠤᠢ᠍ᠢᠯᠠᠭᠠᠭᠤᠯᠪᠠ; ᠬᠦᠯᠦᠨ ᠪᠤᠢᠷ ᠬᠤᠳᠠ᠎ᠲᠠᠢ ᠬᠤᠯᠪᠤᠭ᠎ᠠ᠎ᠲᠠᠢ 《ᠭᠤᠷᠪᠠᠨ ᠮᠢᠩᠭᠠᠨ ᠦᠨᠦᠴᠢᠨ ᠬᠡᠦᠬᠡᠳ ᠦᠪᠦᠷ ᠮᠤᠩᠭᠤᠯ᠎ᠳᠤ ᠤᠷᠤᠬ᠍ᠰᠠᠨ》 ᠰᠦᠪᠡᠭ᠌ᠴᠢ᠎ᠶ᠋ᠢ ᠬᠦᠨᠵᠡᠬᠡᠢ ᠠᠭᠤᠳᠠᠯᠤᠨ᠂ ᠨᠠᠮ᠎ᠤᠨ ᠬᠡᠱᠢᠬᠦᠨ ᠺᠠᠳ᠋ᠷ᠎ᠢ ᠬᠦᠳᠦᠯᠦᠨ ᠲᠠᠭᠠᠭᠤᠯᠵᠤ ᠬᠤᠪᠢᠰᠭᠠᠯ᠎ᠤᠨ ᠤᠯᠠᠮᠵᠢᠯᠠᠯ᠎ᠢ ᠤᠯᠠᠮᠵᠢᠯᠠᠨ ᠵᠠᠯᠭᠠᠮᠵᠢᠯᠠᠭᠤᠯᠪᠠ᠃

ᠠᠭᠤᠤ ᠶᠡᠭᠡ ᠦᠢᠯᠡᠰ᠎ᠤᠨ ᠣᠷᠳᠣ ᠠᠶᠠᠨ ᠵᠠᠮ᠎ᠳᠤ᠂ ᠲᠡᠦᠬᠡ᠎ᠪᠠᠷ ᠲᠤᠯᠢ ᠪᠤᠯᠭᠠᠨ ᠲᠠᠷᠪᠠᠭᠤᠯ ᠬᠡᠢᠰᠭᠡᠨ ᠠᠶᠠᠯᠠᠨ᠎ᠠ᠃  

ᠤᠢ᠍ᠢᠷ᠎ᠠ᠎ᠶ᠋ᠢᠨ ᠡᠳᠦᠷ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ ᠪᠠᠢᠩᠭᠤ᠎ᠶ᠋ᠢᠨ ᠬᠤᠷᠢᠶ᠎ᠠ᠎ᠶ᠋ᠢᠨ ᠬᠤᠷᠠᠯ ᠵᠢᠴᠢ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠤᠳᠤᠷᠢᠳᠭᠤ ᠲᠤᠭᠤᠢ᠍ᠢᠯᠠᠩ᠎ᠤᠨ ᠬᠤᠷᠠᠯ ᠬᠤᠷᠠᠯᠳᠤᠵᠤ᠂ ᠮᠠᠨ᠎ᠤ ᠤᠷᠤᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠢ ᠴᠢᠨᠠᠬ᠍ᠰᠢᠳᠠ ᠰᠠᠢᠳᠤᠷ ᠠᠳᠭᠤᠬᠤ᠎ᠳᠤ ᠪᠤᠳᠠᠳᠠᠢ ᠱᠠᠭᠠᠷᠳᠠᠯᠭ᠎ᠠ ᠲᠤᠷᠠᠳᠴᠠᠢ᠃ ᠮᠠᠨ᠎ᠤ ᠤᠷᠤᠨ ᠦᠷᠬᠦᠯᠵᠢᠯᠡᠨ ᠴᠢᠨᠠᠷ ᠰᠠᠢᠳᠠᠢ ᠦᠨᠳᠦᠷ ᠪᠠᠷᠢᠮᠵᠢᠶ᠎ᠠ᠂ ᠯᠠᠪᠲᠠᠭᠤᠨ ᠪᠠᠲᠤᠲᠠᠢ᠎ᠪᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠢ ᠦᠷᠨᠢᠬᠦᠯᠦᠨ᠂ ᠨᠠᠮ᠎ᠤᠨ ᠬᠡᠷᠡᠯ ᠰᠠᠴᠤᠷᠠᠩᠭᠤᠢ ᠲᠡᠦᠬᠡ᠎ᠠᠴᠠ ᠱᠢᠮ᠎ᠠ ᠲᠡᠵᠢᠬᠡᠯ ᠱᠢᠩᠭᠡᠭᠡᠨ ᠠᠪᠴᠤ᠌᠂ ᠰᠤᠷᠤᠯᠴᠠᠯᠭ᠎ᠠ᠎ᠶ᠋ᠢᠨ ᠦᠷ᠎ᠡ ᠪᠦᠳᠦᠬᠡᠯ᠎ᠢ ᠲᠠᠰᠤᠷᠠᠯᠲᠠ ᠦᠬᠡᠢ ᠠᠵᠢᠯ᠎ᠤᠨ ᠬᠦᠳᠡᠯᠬᠡᠬᠦ᠌ ᠬᠦᠴᠦᠨ ᠪᠤᠯᠤᠨ ᠦᠷ᠎ᠡ ᠪᠦᠳᠦᠮᠵᠢ ᠪᠤᠯᠭᠠᠨ᠎ᠠ᠃

ᠰᠡᠳᠭᠢᠯ᠎ᠳᠡᠭᠡᠨ ᠢᠳᠡᠬᠡᠯ ᠪᠢᠱᠢᠷᠡᠯ᠎ᠲᠠᠢ ᠪᠤᠯ ᠬᠦᠯ᠎ᠳᠡᠭᠡᠨ ᠢᠳᠡ᠎ᠲᠠᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ ᠲᠤᠮᠳᠠ᠂ ᠮᠠᠨ᠎ᠤ ᠤᠷᠤᠨ ᠦᠷᠬᠦᠯᠵᠢᠯᠡᠨ ᠬᠤᠪᠢᠰᠭᠠᠯ᠎ᠤᠨ ᠡᠬᠢ ᠪᠠᠶᠠᠯᠢᠬ᠎ᠢᠶᠠᠷ ᠠᠴᠢᠶᠠᠯᠠᠪᠤᠷᠢ ᠪᠤᠯᠭᠠᠨ᠂ ᠬᠤᠪᠢᠰᠭᠠᠯ᠎ᠤᠨ ᠡᠬᠢ ᠪᠠᠶᠠᠯᠢᠬ ᠲᠤᠮᠳᠠ᠎ᠠᠴᠠ ᠤᠶᠤᠨ ᠰᠠᠨᠠᠭᠠᠨ᠎ᠤ ᠱᠢᠮ᠎ᠡ ᠲᠡᠵᠢᠬᠡᠯ ᠱᠢᠩᠭᠡᠭᠡᠨ ᠠᠪᠴᠤ᠌᠂ ᠵᠠᠭᠤᠨ ᠵᠢᠯ᠎ᠤᠨ ᠲᠡᠮᠡᠴᠡᠯ᠎ᠤᠨ ᠲᠡᠦᠬᠡᠨ᠎ᠠᠴᠠ ᠡᠷᠡᠯᠭᠡᠭ᠌ᠯᠡᠨ ᠤᠷᠤᠬ᠍ᠰᠢᠯᠠᠬᠤ ᠬᠦᠴᠦᠨ ᠴᠢᠳᠠᠯ᠎ᠢ ᠱᠢᠩᠭᠡᠭᠡᠨ ᠠᠪᠴᠤ᠌᠂ 《ᠦᠵᠡᠰᠭᠦᠯᠡᠩᠲᠦ ᠰᠠᠢᠬᠠᠨ ᠦᠪᠦᠷ ᠮᠤᠩᠭᠤᠯ᠎ᠢᠶᠠᠨ ᠪᠦᠲᠦᠭᠡᠨ ᠪᠠᠢᠭᠤᠯᠵᠦ᠍᠂ ᠠᠭᠤᠤ ᠶᠡᠭᠡ ᠲᠤᠮᠳᠠᠳᠤ᠎ᠶ᠋ᠢᠨ ᠵᠡᠬᠦᠳᠦ᠎ᠶ᠋ᠢ ᠬᠠᠮᠳᠤ᠎ᠪᠠᠷ ᠲᠡᠷᠭᠡᠯᠱᠢᠬᠦᠯᠬᠦ᠌》 ᠱᠢᠨ᠎ᠠ ᠬᠠᠭᠤᠳᠠᠰᠤ᠎ᠶ᠋ᠢ ᠪᠢᠴᠢᠭ᠌ᠯᠡᠬᠦ᠌ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号