ᠱᠢᠨᠬᠤᠸᠠ ᠬᠤᠷᠢᠶᠠᠠ᠎ᠤ ᠪᠡᠭᠡᠵᠢᠩ᠎ᠤᠨ 4 ᠰᠠᠷ᠎ᠠ᠎ᠶ᠋ᠢᠨ 11 ᠤ ᠴᠠᠬᠢᠯᠭᠠᠠ ᠮᠡᠲᠡᠭᠡ᠎ᠠᠴᠠ
ᠬᠠᠪᠤᠷ᠎ᠤᠨ ᠲᠠᠷᠢᠶᠠᠯᠠᠭ᠎ᠠ᠎ᠶ᠋ᠢᠨ ᠤᠰᠤᠯᠠᠯᠲᠠ᠎ᠶ᠋ᠢᠨ ᠠᠵᠢᠯ ᠶᠠᠭ ᠪᠦᠬᠦ᠌ ᠤᠯᠤᠰ᠎ᠤᠨ ᠡᠯ᠎ᠠ ᠭᠠᠵᠠᠷ᠎ᠲᠤ ᠪᠦᠬᠦ᠌ ᠲᠠᠯ᠎ᠠ᠎ᠪᠠᠷ ᠦᠷᠨᠢᠵᠥ᠍ ᠪᠤᠢ᠃ ᠰᠤᠷᠪᠤᠯᠵᠢᠯᠠᠭ᠍ᠴᠢ ᠠᠮᠤ ᠪᠤᠳᠠᠭᠠᠨ᠎ᠤ ᠭᠠᠷᠤᠯᠲᠠ ᠶᠡᠭᠡ ᠵᠠᠷᠢᠮ ᠮᠤᠵᠢ᠎ᠪᠠᠷ ᠰᠤᠷᠪᠤᠯᠵᠢᠯᠠᠬᠤ᠎ᠳᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠲᠠᠯᠠᠪᠠᠶ ᠤᠯᠠᠮ᠎ᠢᠶᠠᠷ ᠨᠡᠮᠡᠭ᠌ᠳᠡᠵᠦ᠍᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠮᠡᠷᠭᠡᠵᠢᠯ ᠦᠷᠭᠡᠨ᠎ᠢᠶᠠᠷ ᠬᠡᠷᠡᠭ᠌ᠯᠡᠭ᠌ᠲᠡᠵᠤ ᠪᠠᠢᠬᠤ᠎ᠶ᠋ᠢ ᠣᠯᠵᠤ ᠬᠠᠷᠠᠪᠠ᠃
ᠬᠥᠳᠡᠭᠡ ᠠᠵᠤ ᠠᠬᠤᠶ ᠬᠥᠳᠡᠭᠡ ᠲᠣᠰᠭᠤᠨ᠎ᠤ ᠶᠠᠮᠤᠨ᠎ᠤ ᠪᠦᠷᠢᠳᠭᠡᠯ᠎ᠢ ᠦᠨᠳᠦᠰᠦᠯᠡᠪᠡᠯ᠂ ᠮᠠᠨ᠎ᠤ ᠤᠯᠤᠰ᠎ᠤᠨ ᠲᠠᠷᠢᠶᠠᠨ ᠭᠠᠵᠠᠷ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠲᠠᠯᠠᠪᠠᠶ ᠣᠢᠷ᠎ᠠ᠎ᠶ᠋ᠢᠨ ᠵᠢᠯ᠎ᠳᠤ ᠵᠢᠯ ᠳᠠᠷᠠᠭᠠᠯᠠᠨ ᠨᠡᠮᠡᠭ᠌ᠳᠡᠪᠡ᠃ 2020 ᠣᠨ᠎ᠳᠤ ᠪᠥᠬᠦ᠌ ᠤᠯᠤᠰ᠎ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 8391 ᠲᠦᠮᠡᠨ ᠮᠥ᠍᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠲᠠᠷᠢᠶᠠᠠ ᠭᠠᠵᠠᠷ᠎ᠢ 2395 ᠲᠦᠮᠡᠨ ᠮᠥ᠍ ᠪᠠᠢᠭᠤᠯᠪᠠ᠃ 2021 ᠣᠨ᠎ᠳᠤ᠂ ᠪᠥᠬᠦ᠌ ᠤᠯᠤᠰ᠎ᠲᠤ 1 ᠳ᠋ᠦᠩᠱᠢᠭᠤᠷ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ 1500 ᠲᠦᠮᠡᠨ ᠮᠥ᠍ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠲᠠᠷᠢᠶᠠᠠ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠪᠡᠶᠡᠯᠡᠭᠦᠯᠦᠨ᠎ᠡ᠃
ᠲᠠᠷᠢᠶᠠᠯᠠᠩ᠎ᠤᠨ ᠲᠣᠮᠣ ᠤᠯᠤᠰ ᠪᠣᠯᠤᠭ᠍ᠰᠠᠨ᠎ᠤ ᠬᠤᠪᠢ᠎ᠳᠤ᠂ ᠮᠠᠨ᠎ᠤ ᠤᠯᠤᠰ᠎ᠤᠨ ᠲᠠᠷᠢᠶᠠᠯᠠᠩ᠎ᠤᠨ ᠤᠰᠤᠯᠠᠯᠲᠠ᠎ᠳᠤ ᠬᠡᠷᠡᠭ᠌ᠯᠡᠬᠦ᠌ ᠤᠰᠤᠨ᠎ᠤ ᠬᠡᠮᠵᠢᠶ᠎ᠡ ᠶᠡᠭᠡ ᠪᠠᠢᠬᠤ᠎ᠶ᠋ᠢᠨ ᠬᠠᠮᠲᠤ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭ᠍ᠳᠠᠵᠤ ᠪᠠᠢᠨ᠎ᠠ᠃ ᠤᠰᠤ ᠠᠷᠪᠢᠯᠠᠬᠤ ᠤᠰᠤᠯᠠᠯᠲᠠ᠎ᠶ᠋ᠢ ᠶᠡᠭᠡ᠎ᠪᠠᠷ ᠬᠥᠭ᠌ᠵᠢᠭᠦᠯᠬᠦ᠌ ᠪᠣᠯ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ᠎ᠢ ᠨᠠᠮᠳᠠᠭᠤᠯᠬᠤ ᠵᠠᠢᠯᠠᠰᠢ ᠦᠭᠡᠶ ᠰᠣᠩᠭᠤᠯᠲᠠ ᠪᠣᠯᠤᠨ᠎ᠠ᠃ ᠤᠰᠤᠨ ᠠᠱᠢᠠᠠᠯᠠᠯᠲᠠᠶ᠋ᠢᠨ ᠶᠠᠮᠤᠨ᠎ᠤ ᠪᠥᠬᠦ᠌ ᠤᠯᠤᠰ᠎ᠤᠨ ᠤᠰᠤ ᠠᠷᠪᠢᠯᠠᠨ ᠬᠡᠷᠡᠭ᠌ᠯᠡᠬᠦ᠌ ᠠᠵᠢᠯ᠎ᠤᠨ ᠠᠯᠪᠠᠨ ᠬᠡᠷ᠎ᠤᠨ ᠪᠦᠷᠢᠳᠭᠡᠯ᠎ᠢ ᠦᠨᠳᠦᠰᠦᠯᠡᠪᠡᠯ᠂ ᠪᠥᠬᠦ᠌ ᠤᠯᠤᠰ᠎ᠤᠨ ᠤᠰᠤ ᠬᠡᠷᠡᠭ᠌ᠯᠡᠬᠦ᠌ ᠦᠷ᠎ᠡ ᠪᠦᠲᠦᠮᠵᠢ ᠣᠢᠷ᠎ᠠ᠎ᠶ᠋ᠢᠨ ᠵᠢᠯ᠎ᠳᠤ ᠢᠯᠡᠳᠲᠡ ᠳᠡᠭᠡᠭ᠌ᠰᠢᠯᠡᠪᠡ᠃ 2019 ᠣᠨ᠎ᠳᠤ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤᠨ᠎ᠤ ᠪᠦᠲᠦᠮᠵᠢᠲᠡᠶ ᠠᠱᠢᠠᠠᠯᠠᠯᠲᠠᠶ᠋ᠢᠨ ᠢᠯᠡᠳᠭᠡᠮᠵᠢ᠎ᠨᠢ 2015 ᠣᠨ᠎ᠳᠤ 0.536 ᠯᠢᠳ᠋ᠷ ᠪᠠᠢᠭ᠍ᠰᠠᠨ᠎ᠠᠴᠠ᠎ᠪᠠᠨ 0.559 ᠯᠢᠳ᠋ᠷ ᠪᠣᠯᠵᠣ ᠳᠡᠭᠡᠭ᠌ᠰᠢᠯᠡᠪᠡ᠃
ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠮᠡᠷᠭᠡᠵᠢᠯ᠎ᠨᠢ ᠲᠠᠷᠢᠶᠠᠨ ᠭᠠᠵᠠᠷ᠎ᠤᠨ ᠤᠰᠤᠯᠠᠯᠲᠠ᠎ᠳᠤ ᠥᠷᠭᠡᠨ᠎ᠢᠶᠠᠷ ᠬᠡᠷᠡᠭ᠌ᠯᠡᠭ᠌ᠳᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠬᠥᠲᠥᠯᠥᠨ ᠳᠠᠭᠠᠭᠤᠯᠬᠤ ᠪᠠ ᠲᠣᠭᠠᠴᠢᠯᠠᠭ᠍ᠰᠠᠨ ᠡᠨᠧᠷᠭᠢ ᠣᠯᠭᠤᠬᠤ᠎ᠨᠢ ᠴᠦ᠍ ᠤᠯᠠᠮ᠎ᠠᠴᠠ ᠤᠯᠠᠮ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠳᠤ ᠴᠢᠬᠤᠯᠠᠴᠢᠯᠠᠭ᠍ᠳᠠᠬᠤ ᠪᠣᠯᠵᠠᠶ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢ ᠲᠣᠭᠠᠴᠢᠯᠠᠬᠤ᠂ ᠤᠶᠤᠨᠴᠢᠯᠠᠬᠤ᠂ ᠨᠠᠷᠢᠯᠢᠭ᠍ᠵᠢᠭᠤᠯᠬᠤ᠎ᠶ᠋ᠢ ᠣᠢᠷ᠎ᠠ᠎ᠶ᠋ᠢᠨ ᠵᠢᠯ᠎ᠤᠨ ᠲᠤᠷᠰᠢ ᠶᠡᠭᠡ᠎ᠪᠠᠷ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠱᠢᠠᠠᠯᠠᠬᠤᠶ᠋ᠢ ᠤᠯᠠᠮ ᠨᠢᠭᠡ ᠠᠯᠬᠤᠮ ᠠᠬᠢᠭᠤᠯᠤᠭ᠍ᠰᠠᠠ ᠪᠠᠢᠨ᠎ᠠ᠃