ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠬ᠍ᠯᠠᠵᠦ᠍ ᠡᠷᠡᠯᠭᠡᠭ᠌ᠯᠡᠨ ᠤᠷᠤᠬ᠍ᠰᠢᠯᠠᠬᠤ ᠬᠦᠴᠦᠨ ᠴᠢᠳᠠᠯ᠎ᠢᠶᠠᠨ ᠬᠦᠭ᠌ᠵᠢᠭᠡᠶ᠎ᠡ
2021-04-30 09:17:23
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

ᠬᠤᠪᠢᠰᠭᠠᠯ᠎ᠤᠨ ᠲᠤᠷᠠᠰᠭᠠᠯ᠎ᠤᠨ ᠤᠷᠲᠦᠨ᠂ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠤ ᠬᠦᠷᠴᠦ᠍᠂ ᠬᠤᠪᠢᠰᠭᠠᠯᠳᠣ ᠦᠷᠡᠭ᠌ᠳᠡᠭ᠌ᠰᠡᠨ ᠪᠠᠭᠠᠲᠤᠷᠴᠤᠳ᠎ᠢ ᠲᠤᠷᠠᠰᠤᠨ ᠰᠠᠨᠠᠭᠠᠯᠵᠠᠨ᠎ᠠ᠂ ᠬᠤᠪᠢᠰᠭᠠᠯ᠎ᠤᠨ ᠪᠠᠭᠤᠷᠢ᠎ᠪᠠᠷ ᠰᠤᠷᠪᠤᠯᠵᠢᠯᠠᠵᠣ᠂ ᠲᠡᠥᠬᠡ᠎ᠠᠴᠠ ᠦᠯᠡᠳᠡᠭᠡᠭ᠌ᠰᠡᠨ ᠲᠡᠮᠡᠴᠡᠯ᠎ᠤᠨ ᠤᠯᠠ ᠮᠦᠷ᠎ᠢ ᠬᠠᠢᠨ᠎ᠠ ᠁ ᠪᠦᠬᠦ᠌ ᠤᠷᠤᠨ᠎ᠤ ᠡᠯ᠎ᠡ ᠭᠠᠵᠠᠷ᠎ᠤᠨ ᠨᠠᠮ᠎ᠤᠨ ᠲᠡᠥᠬᠡ᠎ᠶ᠋ᠢᠨ ᠰᠤᠷᠤᠯᠴᠠᠯᠭ᠎ᠠ ᠬᠦᠮᠦᠵᠢᠯ ᠳᠤᠮᠲᠠ᠂ ᠬᠤᠪᠢᠰᠭᠠᠯ᠎ᠤᠨ ᠡᠬᠢ ᠪᠠᠶᠠᠯᠢᠭ᠎ᠨᠢ ᠤᠷᠤᠯᠠᠭᠤᠯᠵᠦ᠍ ᠪᠤᠯᠤᠰᠢ ᠦᠬᠡᠢ ᠦᠢᠯᠡᠳᠦᠯ ᠦᠵᠡᠬᠦᠯᠵᠦ᠍᠂ ᠨᠠᠮ᠎ᠤᠨ ᠲᠡᠥᠬᠡ᠎ᠶ᠋ᠢᠨ ᠰᠤᠷᠤᠯᠴᠠᠯᠭ᠎ᠠ ᠬᠦᠮᠦᠵᠢᠯ ᠳᠤᠮᠲᠠ ᠳᠠᠬᠢᠨ ᠡᠬᠦᠰᠴᠦ᠍ ᠦᠯᠦ᠍ ᠪᠤᠯᠬᠤ 《ᠠᠮᠢᠲᠦ ᠴᠢᠯᠠᠭᠤᠵᠢᠮᠠᠯ》 ᠪᠤᠯᠵᠠᠢ᠃

ᠰᠦᠷ ᠲᠠᠯᠠᠢᠴᠠᠲᠠᠢ ᠬᠤᠪᠢᠰᠭᠠᠯ᠎ᠤᠨ ᠲᠡᠥᠬᠡ᠎ᠶ᠋ᠢᠨ ᠶᠠᠪᠤᠴᠠ᠎ᠳᠤ᠂ ᠳᠤᠮᠳᠠᠳᠦ ᠤᠯᠤᠰ᠎ᠤᠨ ᠡᠪ ᠬᠠᠮᠲᠦ ᠨᠠᠮ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠤᠮᠠᠷᠠᠲᠦ ᠬᠢᠯᠢ᠎ᠶ᠋ᠢᠨ ᠡᠬᠡ ᠭᠠᠵᠠᠷ᠎ᠲᠤ ᠡᠷᠡᠯᠭᠡᠭ᠌ᠯᠡᠨ ᠲᠡᠮᠡᠴᠡᠵᠦ᠍᠂ ᠭᠡᠷᠡᠯ ᠰᠠᠴᠤᠷᠠᠩᠭᠤᠢ ᠲᠡᠥᠬᠡ᠎ᠶ᠋ᠢᠨ ᠬᠠᠭᠤᠳᠠᠰᠦ᠎ᠶ᠋ᠢ ᠪᠢᠴᠢᠭ᠌ᠯᠡᠨ᠂ ᠶᠡᠭᠡ ᠬᠡᠮᠵᠢᠶᠡᠨ᠎ᠤ ᠬᠤᠪᠢᠰᠭᠠᠯ᠎ᠤᠨ ᠰᠤᠶᠤᠯ᠎ᠤᠨ ᠦᠪ᠎ᠢ ᠦᠯᠡᠳᠡᠵᠠᠢ᠃ 《ᠲᠠᠪᠤᠨ ᠰᠠᠷ᠎ᠠ᠎ᠶ᠋ᠢᠨ ᠨᠢᠭᠡᠨ᠎ᠤ ᠬᠤᠷᠠᠯ᠎ᠤᠨ ᠭᠠᠵᠠᠷ》᠂ ᠦᠪᠦᠷ ᠮᠤᠩᠭᠤᠯ᠎ᠤᠨ ᠦᠨᠳᠦᠰᠦᠲᠡᠨ᠎ᠤ ᠴᠢᠯᠦᠭᠡᠯᠡᠯᠲᠡ᠎ᠶ᠋ᠢᠨ ᠳᠤᠷᠠᠰᠭᠠᠯ᠎ᠤᠨ ᠤᠷᠲᠦᠨ᠂ ᠤᠯᠠᠭᠠᠨᠬᠦᠦ᠎ᠶ᠋ᠢᠨ ᠲᠤᠷᠠᠰᠭᠠᠯ᠎ᠤᠨ ᠤᠷᠳᠦᠨ᠂ ᠳᠠᠯᠠᠨ ᠬᠠᠷ᠎ᠠ ᠠᠭᠤᠯᠠ᠎ᠶ᠋ᠢᠨ ᠶᠠᠫᠤᠨ᠎ᠢ ᠡᠰᠡᠷᠬᠦᠴᠡᠬᠦ᠌ ᠫᠠᠷᠲ᠋ᠢᠽᠠᠨ ᠠᠩᠬᠢ᠎ᠶ᠋ᠢᠨ ᠰᠠᠭᠤᠷᠢᠨ ᠭᠠᠵᠠᠷ ᠵᠡᠷᠭᠡ᠎ᠨᠢ ᠪᠢᠳᠡᠨ᠎ᠤ ᠨᠠᠮ᠎ᠤᠨ ᠲᠡᠥᠬᠡ᠎ᠶ᠋ᠢᠨ ᠰᠤᠷᠤᠯᠴᠠᠯᠭ᠎ᠠ ᠬᠦᠮᠦᠵᠢᠯ ᠦᠷᠨᠢᠬᠦᠯᠬᠦ᠌ ᠬᠠᠮᠤᠭ᠎ᠤᠨ ᠠᠮᠢᠲᠦᠯᠢᠭ᠋ ᠵᠢᠭᠠᠬᠤ ᠮᠠᠲ᠋ᠧᠷᠢᠶᠠᠯ ᠪᠤᠯᠵᠠᠢ᠃

ᠨᠠᠮ᠎ᠤᠨ ᠲᠡᠥᠬᠡ᠎ᠶ᠋ᠢᠨ ᠰᠤᠷᠤᠯᠴᠠᠯᠭ᠎ᠠ ᠬᠦᠮᠦᠵᠢᠯ ᠦᠷᠨᠢᠬᠦᠯᠬᠦ᠌᠎ᠳᠤ ᠦᠨᠳᠦᠷ ᠪᠠᠷᠢᠮᠵᠢᠶ᠎ᠠ ᠴᠢᠨᠠᠷ ᠰᠠᠢᠲᠠᠢ᠎ᠪᠠᠷ ᠡᠯ᠎ᠡ ᠵᠦᠢᠯ᠎ᠤᠨ ᠡᠬᠦᠷᠭᠡ᠎ᠶ᠋ᠢ ᠪᠡᠶᠡᠯᠡᠬᠦᠯᠵᠦ᠍᠂ ᠢᠯᠠᠩᠭᠤᠶ᠎ᠠ ᠤᠢ᠍ᠢᠷ᠎ᠠ ᠬᠠᠪᠢ᠎ᠶ᠋ᠢᠨ ᠬᠤᠪᠢᠰᠭᠠᠯ᠎ᠤᠨ ᠡᠬᠢ ᠪᠠᠶᠠᠯᠢᠭ᠎ᠢ ᠠᠭᠤᠳᠠᠯᠤᠨ ᠰᠠᠢᠲᠤᠷ ᠠᠱᠢᠬ᠍ᠯᠠᠵᠦ᠍᠂ ᠬᠦᠮᠦᠰ᠎ᠤᠨ ᠳᠤᠮᠳᠠᠳᠦ ᠤᠯᠤᠰ᠎ᠤᠨ ᠡᠪ ᠬᠠᠮᠳᠦ ᠨᠠᠮ ᠶᠠᠭᠤᠨ᠎ᠳᠤ 《ᠲᠡᠢᠯᠬᠦ᠌》᠂ ᠮᠠᠷᠺᠰ᠎ᠤᠨ ᠦᠵᠡᠯ ᠶᠠᠭᠤᠨ᠎ᠳᠤ 《ᠪᠤᠯᠬᠤ》᠂ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢᠭᠡᠮ ᠵᠢᠷᠦᠮ ᠶᠠᠭᠤᠨ᠎ᠳᠤ 《ᠰᠠᠢᠨ》 ᠬᠡᠳᠡᠭ᠎ᠤᠨ ᠲᠤᠬᠠᠢ ᠲᠠᠨᠢᠯᠲᠠ᠎ᠶ᠋ᠢ ᠬᠦᠨᠵᠡᠬᠡᠢᠷᠡᠬᠦᠯᠬᠦ᠌ ᠬᠡᠷᠡᠭ᠌ᠲᠡᠢ᠃ ᠱᠢᠨ᠎ᠡ ᠠᠶᠠᠨ ᠵᠠᠮ᠎ᠳᠤ ᠮᠣᠷᠳᠠᠵᠣ᠂ ᠱᠢᠨ᠎ᠡ ᠴᠠᠬ ᠦᠶ᠎ᠡ᠎ᠳᠤ ᠡᠷᠡᠯᠭᠡᠭ᠌ᠯᠡᠨ ᠤᠷᠤᠬ᠍ᠰᠢᠯᠠᠬᠤ᠎ᠳᠤ᠂ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠬ᠍ᠯᠠᠬᠤ᠂ ᠬᠤᠪᠢᠰᠭᠠᠯ᠎ᠤᠨ ᠤᠯᠠᠮᠵᠢᠯᠠᠯ᠎ᠢ ᠪᠠᠳᠠᠷᠠᠭᠤᠯᠬᠤ᠂ ᠬᠤᠪᠢᠰᠠᠬ᠍ᠯ᠎ᠤᠨ ᠵᠤᠷᠢᠭ ᠰᠠᠨᠠᠭ᠎ᠠ᠎ᠶ᠋ᠢ ᠰᠠᠢᠲᠤᠷ ᠵᠠᠯᠭᠠᠮᠵᠢᠯᠠᠬᠤ᠎ᠶ᠋ᠢ ᠨᠡᠩ ᠱᠠᠭᠠᠷᠳᠠᠵᠣ᠂ ᠤᠯᠤᠰ ᠲᠦᠷᠦ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶ᠋ᠢᠨ ᠤᠬᠠᠪᠣᠷᠢᠯᠠᠬᠤ ᠴᠢᠳᠠᠪᠤᠷᠢ᠂ ᠤᠯᠤᠰ ᠲᠦᠷᠦ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠦᠬᠡᠢ ᠳᠡᠭᠡᠭ᠌ᠰᠢᠯᠡᠬᠦᠯᠵᠦ᠍᠂ ᠱᠢᠨ᠎ᠡ ᠠᠭᠤᠤ ᠶᠡᠭᠡ ᠠᠶᠠᠨ ᠵᠠᠮ ᠳᠤᠮᠲᠠ ᠱᠢᠨ᠎ᠡ ᠨᠡᠩ ᠶᠡᠭᠡ ᠬᠡᠷᠡᠯ ᠰᠠᠴᠤᠷᠠᠩᠭᠤᠢ ᠦᠢᠯᠡᠰ᠎ᠢ ᠴᠤᠬ᠍ᠴᠠᠯᠠᠬᠤ ᠬᠡᠷᠡᠭ᠌ᠲᠡᠢ᠃

ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠬ᠍ᠯᠠᠵᠦ᠍᠂ ᠬᠤᠪᠢᠰᠭᠠᠯ᠎ᠤᠨ ᠡᠬᠢ ᠪᠠᠶᠠᠯᠢᠭ᠎ᠤᠨ ᠤᠶᠤᠨ ᠰᠠᠨᠠᠭᠠᠨ᠎ᠤ ᠲᠤᠲᠤᠭᠠᠳᠦ ᠠᠭᠤᠯᠤᠬ᠍ᠳᠠᠬᠤᠨ᠎ᠢ ᠬᠦᠨᠵᠡᠬᠡᠢ ᠠᠭᠤᠳᠠᠯᠵᠦ᠍᠂ ᠠᠷᠭ᠎ᠠ ᠬᠡᠯᠪᠡᠷᠢ᠎ᠪᠠᠨ ᠱᠢᠨᠡᠴᠢᠯᠡᠵᠦ᠍ ᠨᠠᠮ᠎ᠤᠨ ᠲᠡᠥᠬᠡ᠎ᠶ᠋ᠢᠨ ᠦᠯᠢᠭᠡᠷ᠎ᠢ ᠰᠠᠢᠲᠤᠷ ᠶᠠᠷᠢᠵᠦ᠍᠂ ᠢᠲᠡᠭᠡᠯ ᠪᠢᠱᠢᠷᠡᠯ᠎ᠤᠨ ᠬᠦᠴᠦᠨ ᠴᠢᠳᠠᠯ᠂ ᠡᠮᠢᠶᠡᠵᠦ᠍ ᠰᠦᠷᠳᠡᠬᠦ᠌ ᠦᠬᠡᠢ ᠵᠤᠷᠢᠭ ᠰᠠᠨᠠᠭ᠎ᠠ᠂ ᠬᠦᠨ ᠬᠦᠨᠵᠡᠬᠡᠢ ᠬᠠᠢᠷ᠎ᠠ ᠰᠡᠳᠭᠢᠯᠬᠡ᠎ᠶ᠋ᠢ ᠬᠦᠮᠦᠰ᠎ᠤᠨ ᠦᠷᠦ᠍ ᠵᠢᠷᠦᠭᠡᠨ᠎ᠳᠤ ᠬᠠᠳᠠᠩᠱᠢᠭᠤᠯᠪᠠᠯ᠂ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠤᠯᠤᠰ᠎ᠢᠶᠠᠨ ᠬᠠᠢᠷᠠᠯᠠᠬᠤ ᠰᠡᠳᠭᠢᠯᠭᠡ ᠪᠠ ᠲᠡᠮᠡᠴᠡᠯ᠎ᠤᠨ ᠵᠤᠷᠢᠭ ᠰᠠᠨᠠᠭ᠎ᠠ᠎ᠶ᠋ᠢ ᠴᠢᠨᠠᠬ᠍ᠰᠢᠲᠠ ᠬᠦᠭ᠌ᠵᠢᠭᠡᠵᠦ᠍᠂ ᠱᠢᠨ᠎ᠡ ᠴᠠᠬ ᠦᠶ᠎ᠡ᠎ᠶ᠋ᠢᠨ ᠴᠢᠨᠠᠷ ᠰᠠᠢᠲᠠᠢ ᠬᠦᠭ᠌ᠵᠢᠯᠲᠡ᠎ᠳᠤ ᠬᠦᠴᠦᠷᠭᠡᠭ ᠶᠡᠭᠡ ᠬᠠᠮᠳᠤᠷᠠᠯ ᠬᠦᠴᠦᠨ᠎ᠢ ᠨᠢᠬ᠍ᠲᠠᠷᠠᠭᠤᠯᠬᠤ᠎ᠨᠢ ᠯᠠᠪᠲᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号