ᠦᠬᠡ᠎ᠶ᠋ᠢᠨ ᠲᠡᠬᠦᠪᠤᠷᠢ
2021-04-30 09:17:33
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠨᠠᠮ᠎ᠤᠨ ᠲᠦᠪ ᠬᠤᠷᠢᠶᠠᠨ᠎ᠠᠴᠠ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠦᠮᠤᠵᠢᠯ᠎ᠳᠤ ᠨᠢᠭᠡᠨᠳᠡ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠳᠠ ᠬᠢᠪᠠ᠂ ᠲᠡᠷᠡ ᠶᠤᠰᠤᠭᠠᠷ᠎ᠨᠢ ᠨᠠᠢᠳᠠᠪᠤᠷᠢᠵᠢᠭᠤᠯᠬᠤ᠎ᠶ᠋ᠢ ᠰᠠᠢᠳᠤᠷ ᠠᠳᠭᠤᠬᠤ ᠭᠡᠷᠡᠭ᠌ᠳᠠᠢ᠃ ᠠᠯᠢᠪᠠ ᠪᠦᠬᠦᠨ ᠤᠷᠤᠭ᠍ᠰᠢᠯᠠᠵᠤ ᠪᠠᠢᠭ᠍ᠰᠠᠨ ᠴᠦ᠍ ᠶᠠᠪᠤᠵᠤ ᠦᠩᠬᠡᠷᠡᠭ᠌ᠰᠡᠨ ᠵᠠᠮ᠎ᠢᠶᠠᠨ ᠮᠠᠷᠳᠠᠵᠤ ᠪᠤᠯᠬᠤ ᠦᠬᠡᠢ᠂ ᠬᠡᠳᠤᠢ ᠬᠤᠯᠠ ᠶᠠᠪᠤᠵᠤ ᠬᠡᠳᠤᠢ ᠭᠡᠭᠡᠨ ᠰᠠᠷᠠᠭᠤᠯ ᠢᠷᠡᠬᠡᠳᠤᠢ᠎ᠳᠤ ᠬᠦᠷᠦᠭ᠌ᠰᠡᠨ ᠴᠤ᠌ ᠲᠤᠭᠤᠯᠵᠤ ᠦᠩᠬᠡᠷᠡᠭᠦᠯᠦᠭ᠌ᠰᠡᠨ ᠵᠦᠢᠯ᠎ᠢᠶᠠᠨ ᠮᠠᠷᠳᠠᠵᠤ ᠪᠤᠯᠬᠤ ᠦᠬᠡᠢ᠂ ᠶᠠᠭᠤᠨ᠎ᠳᠤ ᠮᠤᠷᠳᠠᠬ᠍ᠰᠠᠨ᠎ᠢᠶᠠᠨ ᠮᠠᠷᠳᠠᠵᠤ ᠪᠤᠯᠬᠤ ᠦᠬᠡᠢ ᠶᠤᠮ᠃ ᠠᠯᠢ ᠡᠷᠲᠡ ᠨᠠᠮ ᠪᠠᠢᠭᠤᠯᠤᠬ᠍ᠳᠠᠬ᠍ᠰᠠᠨ ᠠᠩᠬᠠᠨ᠎ᠤ ᠦᠶ᠎ᠠ᠎ᠳᠤ᠂ ᠮᠠᠨ᠎ᠤ ᠨᠠᠮ ᠳᠠᠷᠤᠢ ᠦᠨᠳᠤᠰᠤᠳᠠᠨ᠎ᠤ ᠠᠰᠠᠭᠤᠳᠠᠯ᠎ᠢ ᠲᠦᠢᠯ᠎ᠢᠶᠠᠷ ᠠᠩᠬᠠᠷᠴᠠᠢ᠃ ᠯᠢ ᠳ᠋ᠠ ᠵᠤᠤ ᠨᠦᠬᠦᠷ ᠮᠤᠩᠭᠤᠯ ᠦᠨᠳᠤᠰᠤᠳᠠᠨ᠎ᠤ ᠤᠯᠠᠨ ᠲᠦᠮᠡᠨ᠎ᠤ ᠲᠤᠮᠳᠠ ᠮᠠᠷᠺᠰ᠎ᠤᠨ ᠦᠵᠡᠯ᠎ᠢ ᠤᠯᠠᠮᠵᠢᠯᠠᠬᠤ᠂ ᠡᠪ ᠬᠠᠮᠳᠤ ᠶᠤᠰᠤᠨ᠎ᠤ ᠲᠡᠷᠢᠬᠦᠨ᠎ᠤ ᠬᠦᠮᠤᠰ᠎ᠢ ᠬᠦᠮᠤᠵᠢᠬᠦᠯᠬᠦ᠌ ᠠᠵᠢᠯ᠎ᠢ ᠱᠢᠭᠤᠳ ᠤᠳᠤᠷᠢᠳᠤᠨ ᠤᠷᠤᠯᠴᠠᠵᠦ᠍ ᠪᠠᠢᠪᠠ᠃ 1923 ᠤᠨ᠎ᠳᠤ᠂ ᠦᠪᠤᠷ ᠮᠤᠩᠭᠤᠯ᠎ᠳᠤ ᠤᠯᠠᠭᠠᠨᠬᠦᠤ᠎ᠶ᠋ᠢ ᠪᠠᠭ᠍ᠳᠠᠭᠠᠬ᠍ᠰᠠᠨ ᠠᠩᠬᠠᠳᠠᠭ᠍ᠴᠢ ᠪᠦᠯᠦᠭ᠎ᠤᠨ ᠡᠪ ᠬᠠᠮᠳᠤᠴᠤᠳ ᠭᠠᠷᠴᠤ᠌ ᠢᠷᠡᠵᠠᠢ᠃ 1947 ᠤᠨ᠎ᠤ 5 ᠰᠠᠷ᠎ᠠ᠎ᠳᠤ᠂ ᠨᠠᠮ᠎ᠠᠴᠠ ᠤᠳᠤᠷᠢᠳᠤᠬ᠍ᠰᠠᠨ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠠᠢᠭᠤᠯᠤᠬ᠍ᠳᠠᠵᠤ᠂ ᠮᠠᠨ᠎ᠤ ᠨᠠᠮ᠎ᠤᠨ ᠮᠠᠷᠺᠰ᠎ᠤᠨ ᠦᠵᠡᠯ᠎ᠢ ᠠᠱᠢᠬ᠍ᠯᠠᠨ ᠤᠯᠤᠰ᠎ᠤᠨ ᠳᠤᠳᠤᠭᠠᠳᠤ᠎ᠶ᠋ᠢᠨ ᠦᠨᠳᠤᠰᠤᠳᠠᠨ᠎ᠤ ᠠᠰᠠᠭᠤᠳᠠᠯ᠎ᠢ ᠱᠢᠢᠳᠪᠤᠷᠢᠯᠡᠭ᠌ᠰᠡᠨ ᠠᠮᠵᠢᠯᠳᠠ᠎ᠲᠠᠢ ᠤᠢ᠍ᠢᠯᠡᠳᠤᠯᠬᠡ ᠪᠤᠯᠵᠠᠢ᠃ ᠱᠢᠨ᠎ᠠ ᠳᠤᠮᠳᠠᠳᠤ ᠤᠯᠤᠰ ᠪᠠᠢᠭᠤᠯᠤᠬ᠍ᠳᠠᠬ᠍ᠰᠠᠨ᠎ᠤ ᠲᠠᠷᠠᠭ᠎ᠠ᠂ ᠦᠪᠤᠷ ᠮᠤᠩᠭᠤᠯ᠎ᠤᠨ᠎ᠬᠢᠨ 《ᠰᠡᠳᠭᠢᠯ ᠨᠢᠭᠡᠳᠦᠨ ᠬᠦᠴᠦ᠎ᠪᠠᠨ ᠬᠠᠮᠳᠤᠳᠭᠠᠵᠤ ᠪᠤᠭᠤᠳᠤ᠎ᠶ᠋ᠢᠨ ᠪᠤᠯᠤᠳ ᠲᠡᠮᠤᠷ᠎ᠤᠨ ᠤᠢ᠍ᠢᠯᠡᠳᠪᠤᠷᠢ᠎ᠶ᠋ᠢ ᠪᠠᠢᠭᠤᠯᠤᠭ᠍ᠰᠠᠨ》᠂ 《ᠭᠤᠷᠪᠠᠨ ᠮᠢᠩᠭᠠᠨ ᠦᠨᠤᠴᠢᠨ ᠬᠡᠤᠬᠡᠳ᠎ᠢ ᠦᠷᠡᠴᠢᠯᠡᠨ ᠳᠡᠵᠢᠭᠡᠭ᠌ᠰᠡᠨ》 ᠵᠡᠷᠬᠡ ᠲᠡᠤᠬᠡ᠎ᠶ᠋ᠢᠨ ᠰᠤᠳᠤᠨ ᠰᠠᠢᠬᠠᠨ ᠳᠠᠭᠤᠷᠢᠰᠭᠠᠯ᠎ᠢ ᠪᠤᠢ ᠪᠤᠯᠭᠠᠪᠠ᠃ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠦᠮᠤᠵᠢᠯ᠎ᠳᠤ ᠡᠳᠡᠬᠡᠷ ᠬᠤᠪᠢᠰᠭᠠᠯ᠎ᠤᠨ ᠡᠬᠢ ᠪᠠᠶᠠᠯᠢᠬ᠎ᠢ ᠰᠠᠢᠳᠦᠷ ᠠᠱᠢᠬ᠍ᠯᠠᠵᠤ᠂ ᠦᠷᠬᠡᠨ ᠤᠯᠠᠨ ᠨᠠᠮ᠎ᠤᠨ ᠬᠡᠱᠢᠬᠦᠨ ᠺᠠᠳ᠋ᠷ᠎ᠢ ᠵᠤᠬᠢᠶᠠᠨ ᠪᠠᠢᠭᠤᠯᠤᠨ ᠨᠠᠮ᠎ᠤᠨ ᠲᠡᠤᠬᠡ᠎ᠶ᠋ᠢ ᠭᠤᠤᠯᠳᠠᠯᠭ᠎ᠠ᠎ᠲᠠᠢ ᠰᠤᠷᠤᠯᠴᠠᠬᠤ᠎ᠶ᠋ᠢᠨ ᠬᠠᠮᠳᠤ ᠱᠢᠨ᠎ᠠ ᠳᠤᠮᠳᠠᠳᠤ ᠤᠯᠤᠰ᠎ᠤᠨ ᠲᠡᠤᠬᠡ᠂ ᠦᠬᠡᠷᠡᠴᠢᠯᠠᠯᠳᠠ ᠨᠡᠬᠡᠬᠡᠯᠳᠠ᠎ᠶ᠋ᠢᠨ ᠲᠡᠤᠬᠡ᠂ ᠨᠡᠢᠬᠡᠮ ᠵᠢᠷᠤᠮ᠎ᠤᠨ ᠬᠦᠭ᠌ᠵᠢᠯᠳᠠ᠎ᠶ᠋ᠢᠨ ᠲᠡᠤᠬᠡ᠎ᠶ᠋ᠢ ᠰᠤᠷᠤᠯᠴᠠᠵᠤ᠂ ᠲᠡᠤᠬᠡ᠎ᠶ᠋ᠢ ᠰᠤᠷᠤᠯᠴᠠᠵᠤ ᠶᠤᠰᠤ ᠤᠴᠢᠷ᠎ᠢ ᠤᠢ᠍ᠢᠯᠠᠭᠠᠬᠤ᠂ ᠲᠡᠤᠬᠡ᠎ᠶ᠋ᠢ ᠰᠤᠷᠤᠯᠴᠠᠵᠤ ᠢᠳᠡᠬᠡᠯ᠎ᠢᠶᠠᠨ ᠨᠡᠮᠡᠭ᠌ᠳᠡᠬᠦᠯᠬᠦ᠂ ᠲᠡᠤᠬᠡ᠎ᠶ᠋ᠢ ᠰᠤᠷᠤᠯᠴᠠᠵᠤ ᠶᠤᠰᠤ ᠰᠤᠷᠳᠠᠬᠤᠨ᠎ᠢ ᠡᠷᠬᠢᠮᠯᠡᠬᠦ᠂ ᠲᠡᠤᠬᠡ᠎ᠶ᠋ᠢ ᠰᠤᠷᠤᠯᠴᠠᠵᠤ ᠴᠢᠷᠮᠠᠢᠨ ᠦᠢᠯᠡᠲᠦᠯᠭᠡᠵᠢᠭᠦᠯᠬᠦ᠌᠎ᠶ᠋ᠢ ᠪᠡᠶᠡᠯᠡᠬᠦᠯᠵᠥ᠍᠂ ᠨᠠᠮ᠎ᠤᠨ ᠲᠡᠤᠬᠡ᠎ᠶ᠋ᠢ ᠰᠤᠷᠤᠯᠴᠠᠬᠤ᠂ ᠦᠵᠡᠯ ᠰᠠᠨᠠᠭ᠎ᠠ᠎ᠪᠠᠨ ᠰᠡᠭᠡᠭᠡᠷᠡᠭᠦᠯᠬᠦ᠂ ᠪᠤᠳᠠᠳᠠᠢ ᠶᠠᠪᠤᠳᠠᠯ ᠬᠢᠬᠦ᠂ ᠱᠢᠨ᠎ᠠ ᠪᠠᠢᠳᠠᠯ᠎ᠢ ᠡᠬᠦᠳᠬᠦ᠌᠎ᠶ᠋ᠢ ᠪᠡᠶᠡᠯᠡᠭᠦᠯᠵᠤ᠂ ᠢᠯᠠᠩᠭᠤᠶ᠎ᠠ ᠳᠤᠮᠳᠠᠳᠤ ᠤᠯᠤᠰ᠎ᠤᠨ ᠤᠨᠴᠠᠯᠢᠬ᠎ᠲᠠᠢ ᠦᠨᠳᠤᠰᠤᠳᠠᠨ᠎ᠤ ᠠᠰᠠᠭᠤᠳᠠᠯ᠎ᠢ ᠱᠢᠢᠳᠪᠤᠷᠢᠯᠡᠬᠦ᠌ ᠵᠦᠪ ᠵᠠᠮ᠎ᠢᠶᠠᠷ ᠵᠠᠮᠨᠠᠬᠤ᠎ᠶ᠋ᠢ ᠪᠠᠷᠢᠮᠳᠠᠯᠠᠬᠤ᠂ ᠦᠨᠳᠤᠰᠤᠳᠠᠨ᠎ᠨᠦᠭᠦᠳ᠎ᠤᠨ ᠶᠡᠭᠡ ᠪᠦᠯᠬᠦᠮᠳᠡᠯ᠎ᠢ ᠬᠠᠮᠠᠭᠠᠯᠠᠬᠤ᠂ ᠳᠤᠮᠳᠠᠳᠤ᠎ᠶ᠋ᠢᠨ ᠦᠨᠳᠤᠰᠤᠳᠠᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ ᠵᠡᠷᠬᠡ ᠴᠢᠬᠤᠯᠠ ᠶᠡᠭᠡ ᠠᠰᠠᠭᠤᠳᠠᠯ ᠳᠡᠭᠡᠷ᠎ᠠ ᠦᠵᠡᠯ ᠰᠠᠨᠠᠭ᠎ᠠ ᠲᠠᠨᠢᠯᠳᠠ ᠪᠠ ᠠᠵᠢᠯ᠎ᠤᠨ ᠲᠦᠪᠱᠢᠨ᠎ᠢᠶᠠᠨ ᠲᠠᠰᠤᠷᠠᠯᠳᠠ ᠦᠬᠡᠢ ᠲᠡᠭᠡᠭ᠌ᠰᠢᠯᠡᠬᠦᠯᠬᠦ᠌ ᠭᠡᠷᠡᠭ᠌ᠳᠠᠢ᠃

— ᠶᠡᠷᠤᠩᠬᠡᠢ ᠱᠦᠵᠢ ᠰᠢ᠎ᠶ᠋ᠢᠨ ᠫᠢᠩ᠎ᠤᠨ 2021 ᠤᠨ᠎ᠤ 3 ᠰᠠᠷ᠎ᠠ᠎ᠶ᠋ᠢᠨ 5 ᠎ᠤ ᠡᠲᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠲᠦᠷᠪᠡᠳᠦᠭᠡᠷ ᠬᠤᠷᠡᠯ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠠᠴᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号