ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤ 9 ᠳ᠋ᠦᠩᠱᠢᠭᠤᠷ ᠲᠥᠭᠦᠷᠢᠭ᠎ᠤᠨ ᠵᠢᠭᠡᠯᠡᠯᠭᠡ ᠲᠠᠯᠪᠢᠵᠦ᠍ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠢ ᠲᠡᠮᠵᠢᠵᠤ ᠪᠠᠢᠨ᠎ᠠ
2021-04-05 11:49:59
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠢᠲᠡᠭᠡᠮᠵᠢ᠎ᠶ᠋ᠢᠨ ᠬᠤᠯᠪᠣᠭᠠᠲᠤ ᠬᠤᠷᠱᠢᠶ᠎ᠠ ᠮᠠᠯᠵᠢᠬᠤ ᠲᠠᠷᠢᠶᠠᠯᠠᠬᠤ ᠣᠷᠣᠨ᠎ᠤ ᠮᠥᠩᠭᠦᠨ ᠭᠦᠶᠯᠭᠡᠭᠡᠨ᠎ᠤ ᠦᠢᠯᠡᠴᠢᠯᠡᠭᠡᠨ᠎ᠤ ᠭᠤᠤᠯ ᠬᠦᠴᠦᠨ᠎ᠤ ᠦᠢᠯᠡᠳᠦᠯ᠎ᠢᠶᠠᠨ ᠦᠨᠡᠨ ᠬᠦ᠌ ᠪᠠᠳᠠᠷᠠᠭᠤᠯᠵᠤ᠂ 9 ᠳ᠋ᠦᠩᠱᠢᠭᠤᠷ ᠲᠥᠭᠦᠷᠢᠭ᠎ᠤᠨ ᠵᠢᠭᠡᠯᠡᠯᠭᠡ ᠲᠠᠯᠪᠢᠵᠤ ᠮᠠᠯᠴᠢᠨ ᠲᠠᠷᠢᠶᠠᠴᠢᠳ᠎ᠤᠨ ᠬᠠᠪᠤᠷ᠎ᠤᠨ ᠲᠠᠷᠢᠶᠠᠯᠠᠭ᠎ᠠ᠎ᠶ᠋ᠢᠨ ᠪᠠᠯᠠ ᠮᠥᠩᠭᠦ᠎ᠶ᠋ᠢᠨ ᠬᠦᠴᠢᠷᠳᠠᠯ᠎ᠢ ᠴᠢᠷᠮᠠᠢᠨ ᠱᠢᠢᠳᠪᠦᠷᠢᠯᠡᠵᠥ᠍ ᠪᠠᠢᠨ᠎ᠠ᠃

3 ᠰᠠᠷ᠎ᠠ᠎ᠶ᠋ᠢᠨ 29 ᠎ᠤ ᠡᠳᠦᠷ᠂ ᠠᠯᠲᠠᠷ ᠢᠲᠡᠭᠡᠮᠵᠢ᠎ᠶ᠋ᠢᠨ ᠬᠤᠷᠱᠢᠶ᠎ᠠ᠎ᠶ᠋ᠢᠨ ᠵᠢᠭᠡᠯᠡᠯᠭᠡ ᠲᠠᠯᠪᠢᠭ᠍ᠴᠢ ᠯᠢᠦ ᠰᠢ ᠪᠥᠸᠧ ᠠᠯᠲᠠᠷ ᠰᠤᠮᠤ᠎ᠶ᠋ᠢᠨ ᠶᠠᠩ ᠵᠢᠶᠠ ᠳᠦᠨ ᠲᠤᠰᠭᠤᠠ᠎ᠤ ᠱᠢᠤᠢ ᠱᠦ᠍ ᠵᠢᠶᠦ᠋ᠨ᠎ᠤ᠎ᠳᠤ ᠬᠦᠷᠴᠦ᠍ ᠣᠷᠣᠯᠭ᠎ᠠ ᠵᠠᠷᠤᠯᠭ᠎ᠠ᠎ᠶ᠋ᠢᠨ ᠪᠠᠢᠳᠠᠯ ᠪᠠ ᠵᠢᠭᠡᠯᠡᠯᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠬᠢᠨᠢ ᠲᠤᠬᠠᠢ ᠠᠰᠠᠭᠤᠠ ᠤᠢ᠍ᠢᠯᠠᠭᠠᠵᠥ᠍᠂ ᠵᠢᠭᠡᠯᠡᠯᠭᠡ᠎ᠶ᠋ᠢᠨ ᠭᠤᠶᠤᠴᠢᠯᠠᠯ᠎ᠤᠨ ᠬᠦᠰᠦᠨᠦᠭ ᠲᠡᠬ᠍ᠯᠠᠭᠤᠯᠪᠠ᠃

《ᠮᠠᠨ᠎ᠤ ᠢᠲᠡᠭᠡᠮᠵᠢ᠎ᠶ᠋ᠢᠨ ᠬᠤᠷᠱᠢᠶ᠎ᠠ ᠲᠣᠰᠭᠤᠨ᠎ᠤ ᠠᠷᠠᠳ᠎ᠤᠨ ᠵᠢᠭᠡᠯᠡᠯᠭᠡ ᠠᠪᠬᠤ ᠭᠤᠶᠤᠴᠢᠯᠠᠯ᠎ᠢ ᠣᠯᠤᠭ᠍ᠰᠠᠨ᠎ᠤ ᠳᠠᠷᠠᠭ᠎ᠠ ᠳᠠᠷᠦ᠋ᠢᠬᠠᠨ ᠬᠡᠷ᠎ᠲᠤᠨᠢ ᠬᠦᠷᠴᠦ᠍᠂ ᠨᠠᠷᠢᠨ ᠨᠢᠮᠪᠠᠢ ᠠᠰᠠᠭᠤᠨ ᠰᠤᠷᠪᠤᠯᠵᠢᠯᠠᠵᠤ᠂ ᠵᠢᠭᠡᠯᠡᠯᠭᠡ ᠠᠪᠬᠤ ᠨᠥᠬᠦᠴᠡᠯ᠎ᠳᠤ ᠨᠡᠢᠴᠡᠬᠦ᠌ ᠡᠰᠡᠬᠦ᠌᠎ᠶ᠋ᠢ᠎ᠨᠢ ᠲᠣᠭ᠍ᠲᠠᠭᠠᠠ ᠵᠢᠭᠡᠯᠡᠯᠭᠡ᠎ᠶ᠋ᠢᠨ ᠭᠠᠷ ᠭᠦᠶᠴᠡᠳᠭᠡᠯ ᠬᠢᠯᠭᠡᠵᠦ᠍᠂ ᠬᠢᠨᠠᠨ ᠬᠠᠷᠭᠤᠭᠤᠯᠤᠯᠲᠠ᠎ᠶ᠋ᠢ ᠥᠩᠭᠡᠷᠡᠭᠦᠯᠦᠭ᠌ᠰᠡᠨ᠎ᠤ ᠳᠠᠷᠠᠭ᠎ᠠ ᠵᠢᠭᠡᠯᠡᠯᠭᠡ ᠤᠯᠭᠤᠨ᠎ᠠ᠃ ᠡᠨᠡ ᠬᠡᠳᠦᠨ ᠡᠳᠦᠷ ᠮᠠᠠ᠎ᠤ ᠬᠤᠷᠱᠢᠶ᠎ᠠ᠎ᠶ᠋ᠢᠨ ᠠᠵᠢᠯᠲᠠᠳ ᠭᠠᠴᠠᠭ᠎ᠠ ᠲᠤᠰᠭᠤᠨ᠂ ᠠᠢᠯ ᠡᠷᠦᠬᠡ᠎ᠪᠠᠷ ᠶᠠᠪᠤᠵᠥ᠍ ᠢᠲᠡᠭᠡᠮᠵᠢ᠎ᠶ᠋ᠢᠨ ᠵᠢᠬᠡᠯᠡᠯᠬᠡ ᠣᠯᠭᠤᠬᠤ ᠭᠡᠷ᠎ᠡ ᠲᠣᠭ᠍ᠲᠠᠵᠤ᠂ ᠭᠠᠷ ᠭᠦᠶᠴᠡᠳᠭᠡᠯ᠎ᠤᠨ ᠶᠠᠪᠤᠴᠠ᠎ᠶ᠋ᠢ ᠳᠥᠭᠦᠮᠴᠢᠯᠡᠭ᠌ᠰᠡᠡ᠎ᠢᠶᠠᠷ ᠨᠢᠭᠡᠨᠲᠡ 1 .14 ᠳ᠋ᠦᠩᠱᠢᠭᠤᠷ ᠲᠥᠭᠦᠷᠢᠭ᠎ᠤᠨ ᠵᠢᠭᠡᠯᠡᠯᠭᠡ ᠲᠠᠯᠪᠢᠪᠠ》 ᠬᠡᠵᠦ᠍ ᠯᠢᠦ ᠰᠢ ᠪᠥᠸᠧ ᠲᠡᠨᠢᠯᠴᠠᠭᠤᠯᠤᠯ᠎ᠠ᠃

ᠣᠲᠣ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠤᠨ ᠵᠠᠩᠭᠢᠯᠠᠭ᠎ᠠ᠎ᠶ᠋ᠢᠨ ᠴᠠᠭ᠂ ᠪᠠᠰᠠ ᠴᠤ᠌ ᠲᠠᠷᠢᠶᠠᠴᠢᠨ ᠡᠷᠦᠬᠡ᠎ᠳᠤ ᠪᠠᠯᠠ ᠮᠥᠩᠭᠦ᠌ ᠪᠠᠴᠢᠮ ᠱᠠᠭᠠᠷᠳᠠᠭ᠍ᠳᠠᠵᠤ ᠪᠠᠢᠭ᠎ᠠ ᠴᠠᠭ ᠪᠤᠯᠬᠤᠷ ᠨᠢᠭᠡ ᠦᠳᠡ᠎ᠶ᠋ᠢᠨ ᠡᠮᠦᠨ᠎ᠡ ᠲᠡᠷᠡ 10 ᠭᠠᠷᠤᠶ ᠡᠷᠦᠬᠡ᠎ᠶ᠋ᠢᠨ ᠵᠢᠭᠡᠯᠡᠯᠭᠡ᠎ᠶ᠋ᠢᠨ ᠭᠠᠷ ᠬᠦᠢᠴᠡᠳᠭᠡᠯ᠎ᠢ ᠬᠦᠢᠴᠡᠳᠭᠡᠪᠠ᠃

ᠵᠢᠭᠡᠯᠡᠯᠭᠡ᠎ᠶ᠋ᠢᠨ ᠬᠠᠮᠢᠶ᠎ᠠ ᠪᠥᠬᠦᠶ ᠭᠠᠷ ᠭᠦᠶᠴᠡᠳᠭᠡᠯ᠎ᠢ ᠬᠢᠵᠦ᠍ ᠪᠠᠷᠠᠭ᠍ᠰᠠᠨ᠎ᠤ ᠳᠠᠷᠠᠭ᠎ᠠ᠂ 3 ᠡᠳᠦᠷ᠎ᠤᠨ ᠳᠣᠲᠣᠷ᠎ᠠ ᠵᠢᠭᠡᠯᠡᠯᠭᠡ᠎ᠶ᠋ᠢᠨ ᠮᠦᠡᠭ᠌ᠬᠦ ᠲᠠᠩᠰᠠᠨ᠎ᠳᠤᠨᠢ ᠣᠷᠣᠵᠤ ᠢᠷᠡᠨ᠎ᠠ ᠬᠡᠳᠡᠭ᠎ᠢ ᠦᠢᠯᠠᠭᠠᠵᠥ᠍ ᠮᠡᠳᠡᠭ᠌ᠰᠡᠡ ᠱᠢᠤᠢ ᠱᠦ᠍ ᠵᠢᠶᠦ᠋ᠨ᠄ 《ᠨᠢᠳᠤᠨᠤᠨ 110 ᠭᠠᠷᠤᠶ ᠮᠥ᠍ ᠡᠷᠳᠡᠨᠢ ᠱᠢᠰᠢ ᠪᠠ ᠱᠢᠷ᠎ᠠ ᠪᠤᠷᠴᠠᠭ ᠳᠠᠷᠢᠭᠠᠳ ᠨᠡᠯᠢᠶᠡᠳ ᠵᠦᠭᠡᠷ ᠬᠤᠷᠢᠶᠠᠯᠲᠠ ᠣᠯᠵᠠᠶ᠂ ᠡᠨᠡ ᠤᠳᠠᠭ᠎ᠠ᠎ᠶ᠋ᠢᠨ ᠵᠢᠬᠡᠯᠡᠭ᠌ᠰᠡᠡ 5 ᠲᠦᠮᠡᠨ ᠲᠥᠭᠦᠷᠢᠭ᠎ᠢᠶᠠᠨ ᠮᠥᠨ ᠬᠦ᠌ ᠦᠢᠯᠡᠳᠪᠦᠷᠢᠯᠡᠯ᠎ᠳᠡᠭᠡᠨ ᠵᠠᠷᠤᠴᠠᠭᠤᠯᠤᠨ᠎ᠠ᠃ 3 ᠲᠦᠮᠡᠨ ᠲᠥᠭᠦᠷᠢᠭ᠎ᠢᠶᠠᠷ᠎ᠨᠢ ᠲᠡᠷᠢᠶᠠᠠ ᠦᠷ᠎ᠡ ᠬᠢᠮᠢ᠎ᠶ᠋ᠢᠨ ᠪᠣᠷᠲᠣᠭᠤᠷ ᠬᠤᠳᠠᠯᠳᠤᠨ ᠠᠪᠴᠤ᠌᠂ ᠦᠯᠡᠳᠡᠭ᠌ᠰᠡᠨ ᠵᠤᠭᠤᠰ᠎ᠢᠶᠠᠷ᠎ᠨᠢ ᠬᠤᠨᠢ ᠬᠤᠳᠠᠯᠳᠤᠨ ᠠᠪᠴᠤ᠌ ᠮᠠᠯᠵᠢᠨ᠎ᠠ᠂ ᠢᠩᠭᠢᠪᠠᠯ ᠲᠠᠷᠢᠶᠠᠨ᠎ᠤ ᠡᠰᠢ ᠰᠦᠷᠡᠯ ᠴᠤ᠌ ᠬᠡᠬᠡᠭ᠌ᠳᠡᠵᠥ᠍ ᠰᠦᠢᠳᠬᠦ᠌ ᠦᠬᠡᠢ》 ᠬᠡᠵᠥ᠍ ᠪᠠᠶᠠᠷᠳᠠᠢᠬᠠᠠ ᠶᠠᠷᠢᠨ᠎ᠠ᠃

ᠣᠢᠯᠠᠭᠠᠭ᠍ᠰᠠᠨ᠎ᠢᠶᠠᠷ᠂ ᠲᠤᠰ ᠢᠳᠠᠬᠡᠮᠵᠢ᠎ᠶ᠋ᠢᠨ ᠬᠤᠷᠱᠢᠶ᠎ᠠ ᠮᠠᠯᠴᠢᠨ ᠲᠠᠷᠢᠶᠠᠴᠢᠳ᠎ᠤᠨ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠢ ᠰᠠᠭᠠᠲᠠᠭᠠᠬᠤ ᠥᠬᠡᠶ᠎ᠶ᠋ᠢᠨ ᠲᠥᠯᠥᠭᠡ ᠨᠢᠳᠤᠨᠤᠨ᠎ᠤ 10 ᠰᠠᠷ᠎ᠠ᠎ᠠᠴᠠ ᠠᠵᠢᠯᠲᠠᠳ᠎ᠢᠶᠠᠨ ᠵᠣᠬᠢᠶᠠᠨ ᠪᠠᠢᠭᠤᠯᠤᠠ ᠲᠠᠷᠢᠶᠠᠴᠢᠨ ᠡᠷᠦᠬᠡ᠎ᠪᠠᠷ ᠬᠦᠨᠵᠡᠬᠡᠢᠷᠡᠬᠦᠯᠵᠥ᠍ ᠬᠠᠪᠤᠷ᠎ᠤᠨ ᠲᠠᠷᠢᠶᠠᠯᠠᠭ᠎ᠠ᠎ᠳᠤ ᠬᠡᠷᠡᠭ᠌ᠰᠡᠬᠦ᠌ ᠡᠳ᠋ ᠪᠣᠳᠠᠰ ᠵᠢᠴᠢ ᠪᠠᠯᠠ ᠮᠥᠩᠭᠦᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠪᠠᠢᠳᠠᠯ᠎ᠢ ᠤᠢ᠍ᠢᠯᠠᠭᠠᠨ ᠡᠵᠡᠮᠱᠢᠬᠦᠯᠵᠡᠢ᠃ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ ᠡᠬᠢᠯᠡᠮᠡᠭ᠌ᠴᠡ ᠲᠡᠷᠢᠶᠠᠴᠢᠳ᠎ᠤᠨ ᠡᠯ᠎ᠠ ᠵᠦᠢᠯ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠵᠤᠬᠢᠴᠠᠭᠤᠯᠤᠠ ᠵᠢᠭᠡᠯᠡᠯᠭᠡ᠎ᠶ᠋ᠢᠨ ᠱᠢᠨ᠎ᠡ ᠲᠥᠷᠥᠯ ᠵᠦᠶᠯ ᠭᠠᠷᠭᠠᠵᠤ ᠲᠠᠷᠢᠶᠠᠴᠢᠨ ᠡᠷᠦᠬᠡ᠎ᠳᠤ ᠨᠢᠭᠡ ᠤᠳᠠᠭ᠎ᠠ ᠢᠲᠡᠭᠡᠮᠵᠢᠲᠦ ᠵᠢᠭᠡᠯᠡᠯᠭᠡ ᠣᠯᠭᠤᠵᠤ 3 ᠵᠢᠯ ᠡᠷᠭᠢᠯᠳᠦᠭᠦᠯᠦᠨ ᠬᠡᠷᠡᠭ᠌ᠯᠡᠵᠦ᠍᠂ ᠬᠡᠵᠢᠶ᠎ᠡ ᠬᠡᠷᠡᠭ᠌ᠯᠡᠬᠦ᠌ ᠬᠡᠪᠡᠯ ᠬᠡᠵᠢᠶ᠎ᠡ ᠵᠢᠬᠡᠯᠡᠵᠦ᠍᠂ ᠬᠡᠵᠢᠶ᠎ᠡ ᠪᠤᠴᠠᠭᠠᠬᠤ ᠬᠡᠪᠡᠯ ᠬᠡᠵᠢᠶ᠎ᠡ ᠪᠤᠴᠠᠭᠠᠵᠦ᠍ ᠪᠤᠯᠬᠤ ᠪᠤᠯᠭᠠᠵᠠᠢ᠃ ᠡᠭᠦᠨ᠎ᠤ ᠬᠠᠮᠲᠤ᠌᠂ ᠵᠢᠭᠡᠯᠡᠯᠭᠡ᠎ᠶ᠋ᠢᠨ ᠭᠠᠷᠳᠠᠮ᠎ᠢ ᠳᠥᠭᠦᠮᠴᠢᠯᠡᠬᠦ᠂ ᠰᠠᠭᠠᠳ ᠦᠭᠡᠶ ᠨᠡᠪᠲᠡᠷᠡᠬᠦ᠌ ᠵᠠᠮ᠎ᠢ ᠨᠡᠭᠡᠭᠡᠬᠦ᠂ ᠢᠲᠡᠭᠡᠮᠵᠢᠲᠦ ᠵᠢᠭᠡᠯᠡᠯᠭᠡ᠎ᠶ᠋ᠢᠨ ᠪᠡᠯᠡ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠵᠡᠷᠭᠡ ᠠᠷᠭ᠎ᠠ᠎ᠪᠠᠷ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠠᠢ᠃

ᠲᠤᠰ ᠬᠤᠷᠱᠢᠶ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠬᠥᠭ᠌ᠵᠢᠯᠲᠡ᠎ᠶ᠋ᠢᠨ ᠬᠡᠯᠲᠡᠰ᠎ᠤᠨ ᠳᠠᠭᠠᠭᠠᠮᠠᠯ ᠯᠢ ᠴᠦᠨ ᠪᠥᠸᠧ᠄ 《ᠲᠠᠷᠠᠭ᠎ᠠ ᠠᠯᠬᠤᠮ᠎ᠳᠤ᠂ ᠦᠷᠭᠦᠯᠵᠢᠯᠡᠨ ᠪᠥᠬᠦ᠌ ᠬᠤᠱᠢᠭᠤᠨ᠎ᠤ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠎ᠳᠤ ᠢᠲᠡᠭᠡᠮᠵᠢᠲᠦ ᠵᠢᠭᠡᠯᠡᠯᠭᠡ᠎ᠶ᠋ᠢᠨ ᠪᠠᠯᠠ ᠮᠥᠩᠭᠦ᠎ᠶ᠋ᠢᠨ ᠳᠡᠮᠵᠢᠯᠭᠡ ᠬᠠᠩᠭᠠᠵᠤ᠂ ᠬᠦᠳᠡᠭᠡ ᠠᠵᠥ᠍ ᠠᠬᠤᠢ ᠬᠥᠳᠡᠭᠡ ᠲᠣᠰᠭᠤᠨ ᠮᠠᠯᠴᠢᠠ ᠲᠠᠷᠢᠶᠠᠴᠢᠨ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠲᠡᠶ ᠨᠠᠢᠳᠠᠪᠤᠷᠢᠵᠢᠭᠤᠯᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌᠎ᠪᠠᠷ ᠴᠢᠷᠮᠠᠢᠨ᠎ᠡ》 ᠭᠡᠵᠥ᠍ ᠪᠠᠢᠯ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号